ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠤᠴᠢᠷ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/11/2

     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ
     ᠥᠪᠥᠷ ᠵᠠᠰᠠᠭ ᠲᠠᠷᠬᠠᠭᠠᠭᠰᠠᠨ ﹇2021﹈ 8 ᠳ᠋ᠤᠭᠠᠷ ᠲᠣᠭᠠᠲᠤ
     ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠤᠴᠢᠷ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
     ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
     ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠲᠠᠲᠠᠪᠤᠷᠢᠯᠠᠬᠤ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠵᠤ ᠲᠣᠭᠲᠠᠭᠠᠬᠤ ᠪᠠᠷ ᠳᠠᠮᠵᠢᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢᠨ ᠬᠠᠤᠯᠢ︾᠎ ᠶᠢᠨ ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠲᠤ ᠬᠡᠯᠡᠵᠦ ᠪᠠᠶᠢᠭ᠎ᠠ ᠭᠠᠶᠢᠯᠢ ᠲᠤᠰᠢᠶᠠᠭᠴᠢ ᠶᠢᠨ ᠪᠠᠶᠢᠭ᠎ᠠ ᠭᠠᠵᠠᠷ ᠤᠨ ᠪᠣᠳᠠᠲᠠᠶ ᠭᠠᠵᠠᠷ ᠢ ᠳᠣᠤᠷᠠᠬᠢ ᠲᠣᠭᠲᠠᠭᠠᠯ ᠶᠣᠰᠣᠭᠠᠷ ᠲᠣᠭᠲᠠᠭᠠᠪᠠ᠃
     ᠨᠢᠭᠡ᠂ ᠭᠠᠶᠢᠯᠢ ᠶᠢᠨ ᠶᠠᠪᠤᠳᠠᠯ ᠤᠨ ᠳᠡᠩᠰᠡᠯᠡᠯᠲᠡ ᠬᠢᠯᠭᠡᠭᠰᠡᠨ ᠭᠠᠶᠢᠯᠢ ᠲᠤᠰᠢᠶᠠᠭᠴᠢ ᠪᠦᠬᠦᠨ ᠤ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠶᠢᠨ ᠪᠠᠶᠢᠭ᠎ᠠ ᠭᠠᠵᠠᠷ ᠢ ᠭᠠᠶᠢᠯᠢ ᠶᠢᠨ ᠶᠠᠪᠤᠳᠠᠯ ᠤᠨ ᠪᠦᠷᠢᠳᠭᠡᠨ ᠳᠠᠩᠰᠠᠯᠠᠭᠤᠯᠤᠭᠰᠠᠨ ᠭᠠᠵᠠᠷ ᠢᠶᠠᠷ ᠨᠢ ᠲᠣᠭᠲᠠᠭᠠᠨ᠎ᠠ᠃ ᠭᠠᠶᠢᠯᠢ ᠶᠢᠨ ᠶᠠᠪᠤᠳᠠᠯ ᠤᠨ ᠳᠡᠩᠰᠡᠯᠡᠯᠲᠡ ᠬᠢᠯᠭᠡᠭᠰᠡᠨ ᠥᠬᠡᠶ ᠭᠠᠶᠢᠯᠢ ᠲᠤᠰᠢᠶᠠᠭᠴᠢ ᠪᠦᠬᠦᠨ ᠤ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠶᠢᠨ ᠪᠠᠶᠢᠭ᠎ᠠ ᠭᠠᠵᠠᠷ ᠢ ᠲᠡᠭᠦᠨ ᠤ ᠥᠷᠲᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠶᠢ ᠪᠣᠳᠠᠲᠠᠶ ᠲᠤᠰᠢᠶᠠᠭᠰᠠᠨ ᠭᠠᠵᠠᠷ ᠢᠶᠠᠷ ᠨᠢ ᠲᠣᠭᠲᠠᠭᠠᠨ᠎ᠠ᠃
     ᠬᠤᠶᠠᠷ᠂ ᠦᠷᠳᠡᠭ ᠨᠡᠮᠡᠭᠳᠡᠯ ᠤᠨ ᠭᠠᠶᠢᠯᠢ ᠪᠠ ᠬᠡᠷᠡᠭᠯᠡᠭᠡᠨ ᠤ ᠭᠠᠶᠢᠯᠢ ᠶᠢ ᠣᠷᠣᠯᠠᠨ ᠰᠠᠭᠤᠯᠭᠠᠵᠤ ᠣᠷᠣᠯᠠᠨ ᠲᠤᠰᠢᠶᠠᠬᠤ᠂ ᠣᠷᠣᠯᠠᠨ ᠬᠤᠷᠢᠶᠠᠵᠤ ᠣᠷᠣᠯᠠᠨ ᠲᠤᠰᠢᠶᠠᠬᠤ ᠨᠢᠭᠡᠴᠢ ᠪᠠ ᠬᠤᠪᠢ ᠬᠥᠮᠦᠨ ᠤ ᠪᠣᠯ ᠦᠷᠳᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠶᠢ ᠣᠷᠣᠯᠠᠨ ᠰᠠᠭᠤᠯᠭᠠᠵᠤ ᠣᠷᠣᠯᠠᠨ ᠲᠤᠰᠢᠶᠠᠭᠰᠠᠨ᠂ ᠣᠷᠣᠯᠠᠨ ᠬᠤᠷᠢᠶᠠᠵᠤ ᠣᠷᠣᠯᠠᠨ ᠲᠤᠰᠢᠶᠠᠭᠰᠠᠨ ᠭᠠᠵᠠᠷ ᠢᠶᠠᠷ ᠨᠢ ᠲᠣᠭᠲᠠᠭᠠᠨ᠎ᠠ︔ ᠰᠢᠯᠵᠢᠩᠭᠦᠢ ᠡᠵᠡᠩᠨᠡᠯᠲᠡ ᠬᠢᠵᠦ ᠪᠠᠢᠭ᠎ᠠ ᠵᠡᠷᠭᠡ ᠲᠣᠭᠲᠠᠮᠠᠯ ᠭᠠᠶᠢᠯᠢ ᠲᠤᠰᠢᠶᠠᠬᠤ ᠭᠠᠵᠠᠷ ᠦᠭᠡᠢ ᠨᠢᠭᠡᠴᠢ ᠪᠠ ᠬᠤᠪᠢ ᠬᠥᠮᠦᠨ ᠤ ᠪᠣᠯ ᠦᠷᠳᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠪᠣᠳᠠᠲᠠᠶ ᠲᠤᠰᠢᠶᠠᠭᠰᠠᠨ ᠭᠠᠵᠠᠷ ᠢᠶᠠᠷ ᠨᠢ ᠲᠣᠭᠲᠠᠭᠠᠨ᠎ᠠ᠃
     ᠭᠤᠷᠪᠠ᠂ ᠭᠠᠶᠢᠯᠢ ᠲᠤᠰᠢᠶᠠᠭᠴᠢ ᠨᠢ ᠭᠠᠵᠠᠷ ᠣᠷᠣᠨ ᠠᠯᠤᠰᠯᠠᠨ ᠪᠠᠷᠢᠯᠭ᠎ᠠ ᠶᠢᠨ ᠦᠢᠯᠡᠴᠢᠯᠡᠭᠡ ᠬᠠᠩᠭᠠᠬᠤ᠂ ᠦᠯᠦ ᠬᠥᠳᠡᠯᠬᠦ ᠬᠦᠷᠦᠩᠭᠡ ᠪᠣᠷᠣᠯᠠᠭᠤᠯᠬᠤ ᠪᠠ ᠲᠦᠷᠢᠶᠡᠰᠦᠯᠡᠭᠦᠯᠪᠡᠯ᠂ ᠪᠠᠷᠢᠯᠭ᠎ᠠ ᠶᠢᠨ ᠦᠢᠯᠡᠴᠢᠯᠡᠭᠡ ᠡᠭᠦᠰᠦᠭᠰᠡᠨ ᠭᠠᠵᠠᠷ᠂ ᠦᠯᠦ ᠬᠥᠳᠡᠯᠬᠦ ᠬᠦᠷᠦᠩᠭᠡ ᠶᠢᠨ ᠪᠠᠶᠢᠭ᠎ᠠ ᠭᠠᠵᠠᠷ ᠲᠤ ᠦᠷᠳᠡᠭ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠤᠰᠢᠶᠠᠬᠤ ᠳᠤ ᠪᠠᠨ᠂ ᠤᠷᠢᠳᠴᠢᠯᠠᠨ ᠲᠤᠰᠢᠶᠠᠬᠤ ᠦᠷᠳᠡᠭ ᠨᠡᠮᠡᠭᠳᠡᠯ ᠤᠨ ᠭᠠᠶᠢᠯᠢ ᠶᠢᠨ ᠭᠠᠶᠢᠯᠢ ᠶᠢᠨ ᠲᠤᠭ᠎ᠠ ᠪᠠᠷ ᠭᠠᠶᠢᠯᠢ ᠪᠤᠳᠤᠬᠤ ᠦᠨᠳᠦᠰᠦᠯᠡᠯ ᠪᠣᠯᠭᠠᠬᠤ ᠶᠢᠨ ᠬᠠᠮᠲᠤ᠂ ᠦᠷᠳᠡᠭ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠤᠰᠢᠶᠠᠬᠤ ᠭᠠᠵᠠᠷ ᠤᠨ ᠬᠤᠳᠠ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠤᠷᠮ᠎ᠠ ᠪᠠᠷ ᠬᠤᠳᠠ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠭᠠᠶᠢᠯᠢ ᠶᠢ ᠲᠤᠬᠠᠶ ᠶᠢᠨ ᠭᠠᠵᠠᠷ ᠲᠤ ᠨᠢ ᠪᠤᠳᠤᠵᠤ ᠲᠤᠰᠢᠶᠠᠯᠭᠠᠨ᠎ᠠ᠃
     ᠥᠷᠲᠡᠭ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠤᠰᠢᠶᠠᠬᠤ ᠭᠠᠶᠢᠯᠢ ᠲᠤᠰᠢᠶᠠᠭᠴᠢ ᠨᠢ ᠥᠪᠡᠷ ᠤᠨ ᠪᠠᠶᠢᠭᠤᠯᠤᠮᠵᠢ ᠶᠢᠨ ᠪᠠᠶᠢᠭ᠎ᠠ ᠭᠠᠵᠠᠷ ᠲᠤ ᠪᠠᠨ ᠥᠷᠲᠡᠭ ᠨᠡᠮᠡᠭᠳᠡᠯ ᠤᠨ ᠭᠠᠶᠢᠯᠢ ᠲᠤᠰᠢᠶᠠᠬᠤ ᠪᠠᠷ ᠮᠡᠳᠡᠭᠦᠯᠬᠦ ᠳᠤ ᠪᠠᠨ᠂ ᠲᠡᠭᠦᠨ ᠤ ᠪᠣᠳᠠᠲᠠᠶ ᠲᠤᠰᠢᠶᠠᠭᠰᠠᠨ ᠥᠷᠲᠡᠭ ᠨᠡᠮᠡᠭᠳᠡᠯ ᠤᠨ ᠭᠠᠶᠢᠯᠢ ᠶᠢᠨ ᠭᠠᠶᠢᠯᠢ ᠶᠢᠨ ᠲᠤᠭ᠎ᠠ ᠪᠠᠷ ᠭᠠᠶᠢᠯᠢ ᠪᠤᠳᠤᠬᠤ ᠦᠨᠳᠦᠰᠦᠯᠡᠯ ᠪᠣᠯᠭᠠᠬᠤ ᠶᠢᠨ ᠬᠠᠮᠲᠤ᠂ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠣᠷᠮ᠎ᠠ ᠪᠠᠷ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢ ᠲᠤᠬᠠᠶ ᠶᠢᠨ ᠭᠠᠵᠠᠷ ᠲᠤ ᠨᠢ ᠪᠤᠳᠤᠵᠤ ᠲᠤᠰᠢᠶᠠᠯᠭᠠᠨ᠎ᠠ᠃
     ᠲᠦᠷᠪᠡ᠂ ᠦᠷᠳᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠶᠢ ᠬᠤᠷᠢᠶᠠᠩᠭᠤᠶᠢᠯᠠᠨ ᠲᠤᠰᠢᠶᠠᠬᠤ ᠶᠢ ᠬᠡᠷᠡᠭᠵᠢᠭᠦᠯᠦᠭᠰᠡᠨ ᠭᠠᠶᠢᠯᠢ ᠲᠤᠰᠢᠶᠠᠭᠴᠢ᠂ ᠶᠡᠷᠦᠩᠬᠡᠶ ᠪᠠᠶᠢᠭᠤᠯᠤᠮᠵᠢ᠂ ᠰᠠᠯᠪᠤᠷᠢ ᠪᠠᠶᠢᠭᠤᠯᠤᠮᠵᠢ ᠶᠢᠨ ᠬᠤᠪᠢ ᠬᠤᠪᠢ ᠪᠠᠷ ᠢᠶᠠᠨ ᠲᠤᠰᠢᠶᠠᠬᠤ ᠬᠤᠳᠠ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠭᠠᠶᠢᠯᠢ ᠶᠢ ᠪᠣᠯ ᠲᠤᠰ ᠲᠤᠰ ᠪᠠᠶᠢᠭ᠎ᠠ ᠭᠠᠵᠠᠷ ᠢᠶᠠᠷ ᠨᠢ ᠭᠠᠶᠢᠯᠢ ᠲᠤᠰᠢᠶᠠᠭᠴᠢ ᠶᠢᠨ ᠪᠠᠶᠢᠭ᠎ᠠ ᠭᠠᠵᠠᠷ ᠢᠶᠠᠷ ᠪᠣᠳᠤᠵᠤ᠂ ᠵᠣᠬᠢᠬᠤ ᠬᠤᠳᠠ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠤᠷᠮ᠎ᠠ ᠶᠢ ᠲᠣᠭᠲᠠᠭᠠᠨ᠎ᠠ᠃
     ᠲᠠᠪᠤ᠂ ᠳᠡᠭᠡᠷ᠎ᠡ ᠳᠤᠷᠠᠳᠤᠭᠰᠠᠨ ᠲᠣᠭᠲᠠᠭᠠᠯ ᠨᠢ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠤᠶᠢᠰᠢᠳᠠ ᠨᠡᠶᠢᠲᠡᠯᠡᠬᠦ ᠬᠤᠯᠪᠣᠭᠳᠠᠯ ᠪᠦᠬᠦᠢ ᠲᠣᠭᠲᠠᠭᠠᠯ ᠲᠠᠢ ᠨᠢᠭᠡᠳᠦᠯ ᠦᠭᠡᠢ ᠪᠣᠯ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠲᠣᠭᠲᠠᠭᠠᠯ ᠢᠶᠠᠷ ᠪᠠᠷᠢᠮᠵᠢᠶ᠎ᠠ ᠪᠣᠯᠭᠠᠨ᠎ᠠ᠃
     ᠲᠤᠰ ᠮᠡᠳᠡᠭᠳᠡᠯ ᠢ 2021 ᠣᠨ ᠤ 9 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
     2021 ᠣᠨ ᠤ 8 ᠳ᠋ᠤᠭᠠᠷ ᠰᠠᠷ᠎ᠠ ᠶᠢᠨ 30᠎ ᠤ ᠡᠳᠦᠷ
     ︵ᠲᠣᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶
     ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠢᠩᠭᠤ ᠬᠤᠷᠢᠶᠠᠨ ᠤ ᠠᠯᠪᠠᠨ ᠲᠢᠩᠬᠢᠮ᠂ ᠣᠯᠣᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
     2021 ᠣᠨ ᠤ 8 ᠳ᠋ᠤᠭᠠᠷ ᠰᠠᠷ᠎ᠠ ᠶᠢᠨ 30᠎ ᠤ ᠡᠳᠦᠷ ᠲᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ