ᠸᠠᠩ ᠯᠢ ᠰᠢᠶᠠ ᠴᠡᠭᠡ ᠬᠢᠯᠢ ᠶᠢᠨ ᠪᠣᠭᠤᠮᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠦᠷ᠎ᠡ ᠪᠦᠲᠦᠮᠵᠢ ᠪᠠᠷ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2021/11/2
      10 ᠰᠠᠷ᠎ᠠ ᠶᠢᠨ 31 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠤᠨ ᠤ ᠲᠡᠷᠢᠭᠦᠯᠡᠭᠴᠢ ᠸᠠᠩ ᠯᠢ ᠰᠢᠶᠠ ᠴᠡᠭᠡ ᠬᠢᠯᠢ ᠶᠢᠨ ᠪᠣᠭᠤᠮᠲᠠ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠲᠠᠯᠠᠪᠠᠢ ᠳᠤ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃ ᠲᠡᠷᠡ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠯᠢ ᠶᠢᠨ ᠪᠣᠭᠤᠮᠲᠠ ᠶᠢᠨ ᠬᠥᠮᠦᠨ᠂ ᠪᠣᠳᠠᠰ᠂ ᠣᠷᠴᠢᠨ ᠲᠣᠭᠤᠷᠢᠨ ᠤ ᠪᠦᠬᠦ ᠶᠠᠪᠤᠴᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠦᠷ᠎ᠡ ᠪᠦᠲᠦᠮᠵᠢ ᠪᠠᠷ ᠡᠭᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
1102.jpg
11022.jpg
11023.jpg
11024.jpg
      ᠸᠠᠩ ᠯᠢ ᠰᠢᠶᠠ ᠤᠷᠢᠳ ᠬᠤᠵᠢᠳ ᠪᠥᠸᠧ ᠶᠤᠸᠠᠨ ᠺᠤᠮᠫᠠᠨᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠤᠷᠢᠭ᠂ ᠠᠨ ᠳ᠋ᠧ ᠲᠠᠢ ᠰᠠᠭᠤᠭᠠᠯᠢ ᠠᠷᠠᠳ ᠤᠨ ᠲᠣᠭᠤᠷᠢᠭ᠂ ᠲᠥᠪᠯᠡᠷᠡᠭᠦᠯᠦᠨ ᠲᠤᠰᠠᠭᠠᠷᠯᠠᠬᠤ ᠴᠡᠭ ᠪᠣᠯᠤᠨ ᠡᠳ᠋ ᠪᠣᠳᠠᠰ ᠨᠥᠭᠡᠴᠡᠯᠡᠬᠦ ᠬᠦᠮᠦᠷᠭᠡ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠯ᠎ᠡ ᠲᠥᠷᠥᠯ ᠤᠨ ᠡᠳ᠋ ᠪᠣᠳᠠᠰ ᠨᠦᠭᠡᠴᠡᠯᠡᠭᠰᠡᠨ ᠵᠢᠴᠢ ᠬᠡᠷᠡᠭᠯᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠪᠠ᠃ ᠸᠠᠩ ᠯᠢ ᠰᠢᠶᠠ ᠵᠢᠵᠢᠭᠦᠷᠯᠡᠵᠦ ᠪᠠᠶᠢᠭ᠎ᠠ ᠬᠥᠮᠦᠰ ᠤᠨ ᠰᠠᠭᠤᠵᠤ ᠪᠠᠶᠢᠭ᠎ᠠ ᠲᠦᠷ ᠴᠠᠭ ᠤᠨ ᠮᠠᠶᠢᠬᠠᠨ ᠳᠤ ᠣᠷᠣᠵᠤ᠂ ᠣᠷᠣ ᠳᠡᠪᠢᠰᠭᠡᠷ ᠢ ᠨᠢ ᠲᠡᠮᠳᠡᠷᠢᠨ ᠦᠵᠡᠵᠦ᠂ ᠬᠦᠢᠳᠡᠨ ᠬᠠᠯᠠᠭᠤᠨ ᠢ ᠨᠢ ᠪᠤᠯᠭᠤᠭᠠᠨ ᠠᠰᠠᠭᠤᠪᠠ᠃ ᠲᠡᠷᠡ ᠨᠦᠬᠦᠳ ᠨᠡᠷ ᠤᠨ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠭᠡᠵᠦ᠂ ᠣᠯᠠᠨ ᠢᠶᠠᠷ ᠢᠶᠠᠨ ᠦᠷᠭᠦᠯᠵᠢᠯᠡᠨ ᠪᠠᠶᠢᠯᠳᠤᠬᠤ᠂ ᠬᠠᠷᠠᠮ ᠦᠭᠡᠢ ᠵᠣᠷᠢᠭᠤᠯᠬᠤ ᠰᠤᠷᠲᠠᠯ ᠢ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦᠶᠢᠯᠡᠨ ᠭᠦᠢᠴᠡᠳᠭᠡᠵᠦ᠂ ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠪᠠᠨ ᠭᠦᠢᠴᠡᠳᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠲᠤᠰ ᠪᠡᠶ᠎ᠡ ᠶᠢᠨ ᠬᠠᠮᠠᠭᠠᠯᠠᠯᠲᠠ ᠪᠠᠨ ᠨᠠᠷᠢᠨ ᠬᠢᠨᠠᠮᠠᠭᠠᠢ ᠰᠠᠶᠢᠲᠤᠷ ᠬᠢᠵᠦ᠂ ᠵᠠᠪᠠᠯ ᠠᠮᠤᠷ ᠠᠮᠤᠭᠤᠯᠠᠩ ᠢᠶᠠᠷ ᠪᠤᠴᠠᠬᠤ ᠬᠡᠷᠡᠭᠲᠡᠢ ᠭᠡᠵᠦ ᠵᠠᠬᠢᠪᠠ᠃ ᠡᠭᠦᠨ ᠤ ᠬᠠᠮᠲᠤ ᠲᠤᠬᠠᠶ ᠶᠢᠨ ᠭᠠᠵᠠᠷ ᠤᠨ ᠬᠠᠷᠢᠭᠤᠴᠠᠯᠭᠠᠲᠠᠨ ᠨᠥᠬᠦᠳ ᠬᠢᠵᠢᠭ ᠲᠠᠢ ᠲᠡᠮᠡᠴᠡᠬᠦ ᠡᠮᠦᠨ᠎ᠡ ᠹᠷᠤᠨᠲ ᠤᠨ ᠠᠵᠢᠯᠲᠠᠳ ᠢ ᠬᠠᠯᠠᠮᠵᠢᠯᠠᠨ ᠬᠠᠶᠢᠷᠠᠯᠠᠵᠤ᠂ ᠲᠡᠳᠡᠨ ᠤ ᠢᠳᠡᠵᠥ ᠤᠤᠭᠤᠬᠤ᠂ ᠡᠭᠡᠯᠵᠢᠯᠡᠨ ᠠᠮᠠᠷᠠᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠲᠣᠬᠢᠷᠠᠭᠤᠯᠵᠤ᠂ ᠣᠯᠠᠨ ᠢ ᠴᠤᠭ ᠵᠢᠪᠬᠤᠭ᠎ᠠ ᠲᠡᠭᠦᠯᠳᠡᠷ᠂ ᠲᠤᠷᠪᠢᠯᠢᠭ ᠣᠶᠤᠨ ᠴᠢᠳᠠᠯ ᠲᠠᠢ ᠪᠠᠷ ᠪᠥᠬᠦ ᠰᠡᠳᠭᠢᠯ ᠪᠥᠬᠦ ᠵᠣᠷᠢᠭ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠳᠠ ᠶᠢᠨ ᠳᠠᠶᠢᠯᠠᠯᠳᠤᠭᠠᠨ ᠳᠤ ᠣᠷᠣᠯᠴᠠᠭᠤᠯᠬᠤ ᠬᠡᠷᠡᠭᠲᠡᠢ ᠭᠡᠵᠦ ᠱᠠᠭᠠᠷᠳᠠᠪᠠ᠃
11025.jpg
11026.jpg
11027.jpg
      ᠪᠣᠭᠤᠮᠲᠠ ᠶᠢᠨ ᠬᠤᠯᠪᠤᠭᠠᠯᠠᠨ ᠪᠠᠶᠢᠴᠠᠭᠠᠬᠤ ᠶᠡᠷᠦᠩᠬᠡᠶᠢᠯᠡᠭᠰᠡᠨ ᠲᠣᠮᠣ ᠠᠰᠠᠷ ᠪᠠ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠤᠨ ᠲᠣᠮᠣ ᠳ᠋ᠠᠶᠢᠲ᠋ᠠ ᠶᠢᠨ ᠲᠦᠪ ᠲᠤ᠂ ᠸᠠᠩ ᠯᠢ ᠰᠢᠶᠠ ᠬᠢᠯᠢ ᠶᠢᠨ ᠪᠣᠭᠤᠮᠲᠠ ᠪᠠᠷ ᠬᠢᠯᠢ ᠳᠤ ᠣᠷᠣᠵᠤ ᠢᠷᠡᠬᠦ ᠪᠥᠬᠦ ᠶᠠᠪᠤᠴᠠ ᠶᠢᠨ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ ᠢ ᠨᠠᠷᠢᠨ ᠠᠰᠠᠭᠤᠪᠠ᠃ ᠲᠡᠷᠡ᠂ ᠬᠢᠯᠢ ᠶᠢᠨ ᠪᠣᠭᠤᠮᠲᠠ ᠪᠣᠯ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠤᠯᠬᠤᠷ ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠠᠵᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠤᠨ ᠤ ᠪᠣᠳᠠᠲᠠᠶ ᠪᠠᠶᠢᠷᠢᠯᠠᠭᠤᠯᠤᠯᠲᠠ ᠶᠣᠰᠣᠭᠠᠷ ᠬᠢᠯᠢ ᠶᠢᠨ ᠪᠣᠭᠤᠮᠲᠠ ᠶᠢᠨ ᠡᠷᠡᠭᠦᠯ ᠬᠠᠮᠠᠭᠠᠯᠠᠯ ᠬᠢᠵᠢᠭ ᠤᠨ ᠪᠠᠶᠢᠴᠠᠭᠠᠯᠲᠠ ᠶᠢ ᠴᠢᠩᠭᠠᠳᠬᠠᠵᠤ᠂ ᠬᠢᠯᠢ ᠪᠠᠷ ᠣᠷᠣᠵᠤ ᠪᠣᠭᠤᠮᠲᠠ ᠪᠠᠷ ᠥᠩᠭᠡᠷᠡᠬᠦ ᠶᠠᠪᠤᠴᠠ ᠶᠢ ᠰᠢᠯᠢᠳᠡᠭᠵᠢᠭᠦᠯᠵᠦ᠂ ᠬᠢᠯᠢ ᠶᠢᠨ ᠪᠣᠭᠤᠮᠲᠠ ᠶᠢᠨ ᠬᠥᠮᠦᠨ᠂ ᠪᠣᠳᠠᠰ᠂ ᠣᠷᠴᠢᠨ ᠲᠣᠭᠤᠷᠢᠨ ᠤ ᠪᠥᠬᠦ ᠶᠠᠪᠤᠴᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠵᠤ᠂ ᠬᠢᠯᠢ ᠶᠢᠨ ᠪᠣᠭᠤᠮᠲᠠ ᠶᠢᠨ ᠣᠷᠴᠢᠨ ᠲᠣᠭᠤᠷᠢᠨ ᠢ ᠪᠠᠶᠢᠩᠭᠤ ᠶᠢᠨ ᠴᠢᠨᠠᠷᠲᠠᠶ᠂ ᠣᠷᠳᠣ ᠬᠤᠭᠤᠴᠠᠭᠠᠨ ᠤ ᠴᠢᠨᠠᠷᠲᠠᠶ ᠪᠠᠷ ᠪᠥᠬᠦ ᠲᠠᠯ᠎ᠠ ᠪᠠᠷ ᠠᠷᠢᠭᠤᠳᠬᠠᠨ ᠴᠡᠪᠡᠷᠯᠡᠵᠦ᠂ ᠣᠷᠴᠢᠨ ᠲᠣᠭᠤᠷᠢᠨ ᠢ ᠠᠷᠢᠭᠤᠨ ᠴᠡᠪᠡᠷ ᠪᠠᠶᠢᠯᠭᠠᠵᠤ ᠬᠥᠮᠦᠰ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠮᠣᠩᠭᠤᠯ ᠤᠯᠤᠰ ᠯᠤᠭ᠎ᠠ ᠶᠢᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠢᠯᠠᠵᠤ᠂ ᠬᠠᠷᠢᠭᠤᠴᠠᠯᠭ᠎ᠠ ᠡᠭᠦᠷᠭᠡᠯᠡᠵᠦ᠂ ᠲᠦᠢᠯ ᠤᠨ ᠴᠢᠩᠭ᠎ᠠ ᠨᠢᠬᠳᠠ᠂ ᠲᠦᠢᠯ ᠤᠨ ᠨᠠᠷᠢᠨ ᠨᠢᠮᠪᠠᠶ ᠣᠪᠣᠷ ᠢᠶᠠᠷ ᠭᠤᠭᠴᠤᠭ᠎ᠠ ᠨᠢᠭᠡ ᠪᠦᠷᠢ᠂ ᠨᠠᠷᠢᠨ ᠵᠦᠢᠯᠡᠰ ᠨᠢᠭᠡ ᠪᠦᠷᠢ ᠶᠢ ᠪᠣᠳᠠᠲᠠᠶ ᠨᠠᠷᠢᠯᠢᠭ ᠲᠤᠭᠤᠰᠢᠲᠠᠢ ᠠᠳᠬᠤᠵᠤ᠂ ᠳᠤᠲᠠᠭᠤᠳᠠᠯ ᠢᠶᠠᠨ ᠪᠠᠶᠢᠴᠠᠭᠠᠵᠤ᠂ ᠠᠯᠳᠠᠰᠢ ᠭᠠᠷᠬᠤ ᠶᠢ ᠬᠤᠷᠢᠭᠯᠠᠵᠤ᠂ ᠬᠡᠮ ᠰᠤᠭᠤᠭ ᠢ ᠠᠷᠢᠯᠭᠠᠵᠤ᠂ ᠬᠢᠵᠢᠭ ᠤᠨ ᠲᠠᠷᠬᠠᠨ ᠲᠡᠯᠭᠡᠷᠡᠬᠦ ᠬᠡᠯᠬᠢᠶ᠎ᠡ ᠶᠢ ᠡᠷᠡᠰ ᠲᠡᠰᠦᠯᠵᠦ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ︽ᠲᠡᠮᠦᠷ ᠬᠡᠷᠡᠮ ᠪᠤᠯᠤᠳ ᠬᠠᠨ᠎ᠠ︾ ᠶᠢ ᠴᠣᠭᠴᠠᠯᠠᠬᠤ ᠬᠡᠷᠡᠭᠲᠡᠢ ᠬᠡᠵᠥ ᠵᠢᠭᠠᠵᠥ ᠭᠠᠷᠭᠠᠪᠠ᠃      ᠥᠪᠡᠷᠲᠡᠭᠡᠨ ᠵᠠᠰᠠᠬᠤ ᠣᠷᠤᠨ ᠤ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠣᠳᠤᠯᠤᠯᠲᠠ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ