ᠸᠠᠩ ᠯᠢ ᠰᠢᠶᠠ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠦᠨᠲ ᠤᠨ ᠠᠵᠢᠯᠲᠠᠳ ᠢ ᠪᠣᠯᠭᠤᠭᠠᠨ ᠦᠵᠡᠵᠦ ᠲᠣᠬᠤᠨᠢᠭᠤᠯᠪᠠ
ᠨᠡᠶᠢᠲᠡᠯᠡᠭᠰᠡᠨ ᠴᠠᠭ᠄
2021/11/2

      11 ᠰᠠᠷ᠎ᠠ ᠶᠢᠨ 1 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠤᠨ ᠤ ᠲᠡᠷᠢᠭᠦᠯᠡᠭᠴᠢ ᠸᠠᠩ ᠯᠢ ᠰᠢᠶᠠ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠵᠢᠭᠦᠷᠯᠡᠬᠦ ᠴᠡᠭ ᠪᠣᠯᠤᠨ ᠡᠮᠴᠢ ᠰᠤᠪᠢᠯᠠᠭᠴᠢ᠂ ᠲᠤᠰᠬᠠᠢ ᠮᠡᠷᠭᠡᠵᠢᠯᠲᠡᠨ ᠤ ᠰᠠᠭᠤᠭ᠎ᠠ ᠭᠠᠵᠠᠷ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠤᠨᠲ ᠤᠨ ᠠᠵᠢᠯᠲᠠᠳ ᠢ ᠪᠣᠯᠭᠤᠭᠠᠨ ᠦᠵᠡᠵᠦ ᠲᠣᠬᠤᠨᠢᠭᠤᠯᠪᠠ᠃


1102王莉霞看望慰问额济纳旗疫情防控一线工作人员.jpg


      ᠸᠠᠩ ᠯᠢ ᠰᠢᠶᠠ ᠱᠦᠢᠨᠢ ᠶᠢᠨ ᠦᠢᠯᠡᠳᠪᠦᠷᠢ ᠶᠢᠨ ᠲᠣᠨᠣᠯᠵᠢᠨ ᠵᠠᠮ ᠤᠨ ᠬᠤᠷᠢᠭ᠎ᠠ ᠴᠡᠭ ᠲᠤ ᠬᠦᠷᠴᠦ᠂ ᠲᠤᠬᠠᠢ ᠶᠢᠨ ᠲᠠᠯᠠᠪᠠᠢ ᠶᠢᠨ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠢ ᠣᠶᠢᠯᠠᠭᠠᠭᠰᠠᠨ ᠪᠥᠭᠡᠳ ᠲᠡᠷᠭᠡᠨ ᠳᠡᠭᠡᠷ᠎ᠡ ᠪᠠᠨ ᠬᠤᠨᠤᠵᠦ ᠬᠡᠪᠳᠡᠵᠦ᠂ ᠭᠠᠳᠠᠨ᠎ᠠ ᠵᠢᠵᠢᠬᠦᠷᠯᠡᠵᠦ ᠪᠠᠶᠢᠭ᠎ᠠ ᠺᠠᠳ᠋ᠷ ᠴᠠᠭᠳᠠᠭ᠎ᠠ ᠳᠤ ᠵᠤᠵᠠᠭᠠᠨ ᠬᠦᠷᠮ᠎ᠡ ᠬᠦᠷᠭᠡᠵᠦ᠂ ᠬᠦᠢᠲᠡᠨ ᠢ ᠰᠡᠷᠭᠡᠶᠢᠯᠡᠨ ᠳᠤᠯᠠᠭᠠᠯᠠᠬᠤ ᠪᠠᠨ ᠠᠩᠬᠠᠷᠴᠤ᠂ ᠠᠮᠤᠷ ᠲᠦᠪᠰᠢᠨ ᠤ ᠬᠠᠮᠠᠭᠠᠯᠠᠯᠲᠠ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠣᠪᠣᠷ᠂ ᠴᠢᠩᠭ᠎ᠠ ᠨᠢᠭᠲᠠ ᠠᠷᠭ᠎ᠠ ᠬᠡᠮᠵᠢᠶ᠎ᠡ᠂ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠪᠠᠷ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠠᠨᠳᠦ ᠪᠣᠯᠤᠨ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠵᠤ᠂ ᠲᠦᠮᠡᠨ ᠣᠯᠠᠨ ᠢᠶᠠᠷ ᠢᠶᠠᠨ ᠰᠡᠳᠭᠢᠯ ᠨᠢᠭᠡᠳᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠳᠡ ᠶᠢᠨ ᠳᠠᠶᠢᠯᠠᠯᠳᠤᠭᠠᠨ ᠤ ᠡᠴᠦᠰ ᠤᠨ ᠢᠯᠠᠯᠲᠠ ᠶᠢ ᠲᠡᠮᠡᠴᠡᠨ ᠤᠯᠬᠤ ᠬᠡᠷᠡᠭᠲᠡᠢ ᠭᠡᠵᠦ ᠲᠠᠬᠢᠨ ᠳᠠᠪᠲᠠᠨ ᠵᠠᠬᠢᠪᠠ᠃


1102王莉霞看望慰问额济纳旗疫情防控一线工作人员2.jpg


      ᠸᠠᠩ ᠯᠢ ᠰᠢᠶᠠ᠂ ᠤᠯᠠᠭᠠᠨᠬᠠᠳᠠ ᠬᠤᠲᠠ ᠠᠴᠠ ᠡᠵᠡᠨ᠎ᠡ ᠬᠤᠰᠢᠭᠤ ᠶᠢ ᠲᠤᠰᠠᠯᠠᠵᠤ ᠪᠠᠶᠢᠭ᠎ᠠ ᠡᠮᠴᠢ ᠰᠤᠪᠢᠯᠠᠭᠴᠢᠳ ᠤᠨ ᠰᠠᠭᠤᠭ᠎ᠠ ᠭᠠᠵᠠᠷ ᠲᠤ ᠬᠦᠷᠴᠦ᠂ ᠣᠯᠠᠨ ᠳᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠬᠦᠷᠭᠡᠭᠰᠡᠨ ᠪᠦᠭᠡᠳ ᠠᠵᠢᠯᠲᠠᠳ ᠤᠨ ᠰᠠᠭᠤᠭ᠎ᠠ ᠥᠷᠥᠭᠡᠨ ᠳᠤᠨᠢ ᠠᠯᠬᠤᠨ ᠤᠷᠤᠵᠦ ᠲᠡᠳᠡᠨ ᠤ ᠠᠮᠢᠳᠤᠷᠡᠯ ᠤᠨ ᠣᠷᠴᠢᠨ ᠲᠣᠭᠤᠷᠢᠨ ᠢ ᠪᠠᠶᠢᠴᠠᠭᠠᠨ ᠦᠵᠡᠪᠡ᠃ ᠸᠠᠩ ᠯᠢ ᠰᠢᠶᠠ᠂ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠵᠠᠩᠭᠢᠯᠠᠭ᠎ᠠ ᠶᠢᠨ ᠦᠶ᠎ᠡ ᠳᠤ᠂ ᠥᠷᠭᠡᠨ ᠤᠯᠠᠨ ᠡᠮᠴᠢ ᠰᠤᠪᠢᠯᠠᠭᠴᠢ ᠠᠯᠤᠰ ᠬᠤᠯᠠ ᠠᠴᠠ᠂ ᠠᠶᠤᠯ ᠲᠦᠭᠰᠢᠭᠦᠷᠢ ᠠᠴᠠ ᠰᠦᠷᠳᠡᠯ ᠦᠭᠡᠢ ᠪᠠᠷ ᠬᠦᠷᠦᠯᠴᠡᠨ ᠢᠷᠡᠵᠦ ᠲᠤᠰᠠᠯᠠᠨ ᠳᠡᠮᠵᠢᠭᠰᠡᠨ ᠳᠤ᠂ ᠪᠢ ᠡᠮᠦᠨ᠎ᠡ ᠹᠷᠦᠨᠲ ᠤᠨ ᠵᠢᠯᠤᠭᠤᠳᠬᠤ ᠭᠠᠵᠠᠷ ᠪᠣᠯᠤᠨ ᠥᠷᠭᠡᠨ ᠲᠦᠮᠡᠨ ᠢ ᠲᠥᠯᠥᠭᠡᠯᠡᠨ ᠲᠠ ᠨᠠᠷ ᠲᠤ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃ ᠣᠳᠤᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠳᠤ ᠮᠥᠨ ᠬᠦ ᠵᠢᠱᠢᠵᠦ ᠦᠯᠦ ᠪᠤᠯᠬᠤ ᠰᠢᠨᠵᠢ ᠣᠷᠤᠰᠢᠵᠦ ᠪᠠᠶᠢᠨ᠎ᠠ᠃ ᠪᠢᠳᠡ ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠪᠣᠯᠤᠨ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠦᠷᠭᠦᠯᠵᠢᠯᠡᠨ ᠪᠥᠬᠦ ᠬᠦᠴᠦᠨ ᠢᠶᠠᠷ ᠢᠶᠠᠨ᠂ ᠴᠢᠩᠭ᠎ᠠ ᠨᠢᠮᠪᠠᠶ ᠰᠠᠶᠢᠲᠤᠷ ᠬᠢᠬᠦ ᠬᠡᠷᠡᠭᠲᠡᠢ᠃ ᠨᠥᠬᠦᠳ ᠤᠳ ᠡᠮᠦᠨ᠎ᠡ ᠹᠷᠦᠨᠲ ᠲᠤ ᠡᠷᠡᠮᠡᠬᠡᠶᠢᠯᠡᠨ ᠲᠡᠮᠡᠴᠡᠵᠦ ᠪᠠᠶᠢᠭ᠎ᠠ ᠨᠢ ᠵᠦᠪᠬᠡᠨ ᠬᠡᠰᠡᠭ ᠲᠠᠯ᠎ᠠ ᠶᠢᠨ ᠠᠮᠤᠷ ᠲᠦᠪᠰᠢᠨ ᠢ ᠪᠠᠲᠤᠯᠠᠵᠤ ᠪᠠᠶᠢᠬᠤ ᠲᠡᠳᠤᠢ ᠪᠢᠰᠢ ᠨᠠᠩ ᠴᠦ ᠶᠡᠭᠡ ᠲᠠᠯ᠎ᠠ ᠶᠢᠨ ᠠᠮᠤᠷ ᠲᠦᠪᠰᠢᠨ ᠢ ᠪᠠᠲᠤᠯᠠᠵᠦ ᠪᠠᠶᠢᠭ᠎ᠠ ᠲᠤᠯᠠ ᠬᠠᠷᠢᠭᠤᠴᠠᠯᠭ᠎ᠠ ᠬᠦᠨᠳᠦ ᠴᠢᠬᠤᠯᠠ᠂ ᠡᠭᠦᠷᠭᠡ ᠥᠩᠭᠡ ᠭᠡᠷᠡᠯᠲᠡᠶ ᠶᠤᠮ᠃ ᠲᠠ ᠨᠠᠷ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠬᠦᠴᠢᠷ ᠠᠴᠠ ᠠᠶᠤᠬᠤ ᠦᠭᠡᠢ᠂ ᠪᠡᠷᠬᠡᠰᠢᠶᠠᠯ ᠠᠴᠠ ᠬᠠᠯᠠᠰᠢᠷᠠᠬᠤ ᠦᠭᠡᠢ᠂ ᠵᠣᠷᠢᠭᠲᠠᠢ ᠪᠠᠷ ᠪᠠᠶᠢᠯᠳᠤᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠡᠨᠡ ᠤᠳᠠᠭ᠎ᠠ ᠶᠢᠨ ᠬᠢᠵᠢᠭ ᠲᠠᠢ ᠲᠡᠮᠡᠴᠡᠬᠦ ᠰᠦᠨᠦᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃


1102王莉霞看望慰问额济纳旗疫情防控一线工作人员3.jpg


     ᠡᠵᠡᠨ᠎ᠡ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠰᠠᠭᠤᠭᠠᠯᠢ ᠠᠷᠠᠳ ᠤᠨ ᠲᠤᠭᠤᠷᠢᠭ ᠤᠨ ᠡᠭᠦᠳᠡᠨ ᠳᠤ᠂ ᠸᠠᠩ ᠯᠢ ᠰᠢᠶᠠ ᠵᠢᠵᠢᠭᠦᠷᠯᠡᠵᠦ ᠪᠠᠶᠢᠭ᠎ᠠ ᠠᠵᠢᠯᠲᠠᠨ ᠳᠤ ᠴᠠᠬᠢᠯᠭᠠᠨ ᠬᠠᠯᠠᠭᠠᠭᠤᠷ ᠪᠣᠯᠤᠨ ᠬᠦᠪᠤᠩ ᠳ᠋ᠠᠴᠠᠩ ᠬᠦᠷᠭᠡᠵᠦ᠂ ᠲᠡᠳᠡᠨ ᠤ ᠰᠠᠭᠤᠵᠤ ᠪᠠᠶᠢᠭ᠎ᠠ ᠮᠠᠶᠢᠬᠠᠨ ᠳᠤ ᠣᠷᠣᠵᠤ ᠪᠠᠶᠢᠴᠠᠭᠠᠨ ᠦᠵᠡᠯ᠎ᠡ᠃ ᠸᠠᠩ ᠯᠢ ᠰᠢᠶᠠ ᠣᠯᠠᠨ ᠢ ᠬᠤᠪᠴᠡᠰᠦ ᠬᠤᠨᠡᠷ ᠢᠶᠠᠨ ᠵᠤᠵᠠᠭᠠᠯᠠᠵᠦ᠂ ᠴᠢᠩᠭ᠎ᠠ ᠰᠡᠷᠭᠡᠶᠢᠯᠠᠨ ᠬᠠᠮᠠᠭᠠᠯᠠᠵᠤ᠂ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠭᠡᠷᠡᠢ ᠭᠡᠵᠦ ᠵᠠᠬᠢᠪᠠ᠃ ᠲᠡᠷᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠲᠠ ᠶᠢᠨ ᠳᠠᠶᠢᠯᠠᠯᠳᠤᠭᠠᠨ ᠡᠴᠦᠰ ᠤᠨ ᠮᠥᠴᠡ ᠪᠣᠯᠬᠤ ᠲᠤᠲᠤᠮ ᠤᠯᠠᠮ ᠵᠠᠩᠭᠢᠯᠠᠭ᠎ᠠ ᠪᠤᠯᠵᠤ᠂ ᠤᠯᠠᠮ ᠬᠦᠴᠢᠷᠳᠡᠢ ᠪᠤᠯᠳᠠᠭ ᠤᠴᠢᠷ ᠤᠯᠠᠮ ᠴᠦ ᠰᠤᠯᠠᠷᠠᠵᠤ ᠪᠣᠯᠬᠤ ᠦᠭᠡᠢ᠃ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠪᠣᠯᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠠᠷᠠᠳ ᠲᠦᠮᠡᠨ ᠢ ᠵᠣᠬᠢᠶᠠᠨ ᠪᠠᠶᠢᠭᠤᠯᠤᠨ ᠬᠢᠵᠢᠭ ᠢ ᠪᠤᠳᠠ ᠨᠢᠷᠭᠡᠵᠦ᠂ ᠰᠡᠳᠭᠢᠯ ᠨᠢᠭᠡᠳᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠲᠡ ᠶᠢᠨ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠭᠡᠵᠡᠢ᠃
      ᠸᠠᠩ ᠯᠢ ᠰᠢᠶᠠ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠤᠨ ᠤ ᠡᠮᠦᠨ᠎ᠡ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠲᠠᠯᠠᠪᠠᠢ ᠳᠤ ᠵᠢᠭᠠᠨ ᠵᠢᠯᠣᠭᠤᠳᠴᠤ ᠪᠠᠶᠢᠭ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠲᠤᠰᠬᠠᠢ ᠮᠡᠷᠭᠡᠵᠢᠯᠲᠡᠳ ᠢ ᠲᠣᠬᠤᠨᠢᠭᠤᠯᠵᠤ ᠪᠠᠶᠢᠭ᠎ᠠ ᠪᠠᠨ ᠢᠯᠡᠳᠭᠡᠵᠦ᠂ ᠲᠤᠰᠬᠠᠢ ᠮᠡᠷᠭᠡᠵᠢᠯᠲᠡᠳ ᠤᠨ ᠤᠢᠢᠷ᠎ᠠ ᠶᠢᠨ ᠡᠳᠦᠷ ᠤᠳ ᠲᠤ ᠨᠠᠷᠢᠨ ᠨᠢᠮᠪᠠᠢ ᠵᠢᠭᠠᠨ ᠵᠢᠯᠣᠭᠤᠳᠴᠤ᠂ ᠰᠢᠷᠭᠠᠭᠤ ᠬᠠᠲᠠᠭᠤᠵᠢᠯᠲᠠᠢ ᠲᠡᠮᠡᠴᠡᠵᠦ ᠪᠠᠶᠢᠭ᠎ᠠ ᠳᠤ ᠴᠢᠩ ᠰᠡᠳᠭᠢᠯ ᠤᠨ ᠲᠠᠯᠠᠷᠬᠠᠯ ᠢᠶᠠᠨ ᠢᠯᠡᠳᠭᠡᠪᠡ᠃ ᠲᠡᠷᠡ᠂ ᠡᠮᠦᠨ᠎ᠡ ᠹᠷᠦᠨᠲ ᠲᠤ ᠳᠠᠶᠢᠯᠠᠯᠳᠤᠭᠠᠨ ᠢ ᠵᠢᠯᠣᠭᠤᠳᠴᠤ ᠪᠠᠶᠢᠭ᠎ᠠ ᠤᠳᠤᠷᠢᠳᠬᠤ ᠺᠠᠳ᠋ᠷᠴᠤᠳ ᠲᠤᠰᠬᠠᠢ ᠮᠡᠷᠭᠡᠵᠢᠯᠲᠡᠨ ᠢᠶᠠᠷ ᠥᠯᠢᠭᠡᠷ ᠳᠠᠭᠤᠷᠢᠶᠠᠯ ᠪᠣᠯᠭᠠᠵᠤ᠂ ᠲᠡᠳᠡᠨ ᠤ ᠦᠵᠡᠯ ᠰᠠᠨᠠᠭᠠᠨ ᠤ ᠠᠬᠤᠶ ᠪᠠᠶᠢᠳᠠᠯ ᠪᠣᠯᠤᠨ ᠠᠵᠢᠯ ᠤᠨ ᠰᠤᠷᠲᠠᠯ ᠢ ᠰᠤᠷᠤᠯᠴᠠᠵᠤ᠂ ᠠᠷᠠᠳ ᠣᠯᠠᠨ ᠤ ᠡᠷᠡᠭᠦᠯ ᠮᠡᠨᠳᠦ ᠠᠮᠤᠷ ᠲᠦᠪᠰᠢᠨ ᠳᠤ ᠲᠦᠢᠯ ᠢᠶᠠᠷ ᠬᠠᠷᠢᠭᠤᠴᠠᠬᠤ ᠣᠪᠣᠷ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠨᠠᠩ ᠲᠥᠪ ᠴᠢᠩᠭ᠎ᠠ ᠨᠠᠷᠢᠨ ᠨᠢᠮᠪᠠᠶ ᠰᠠᠶᠢᠲᠤᠷ ᠬᠢᠵᠦ᠂ ᠬᠢᠵᠢᠭ ᠲᠠᠢ ᠲᠡᠮᠡᠴᠡᠬᠦ ᠪᠣᠳᠠᠲᠤ ᠳᠠᠶᠢᠯᠠᠯᠳᠤᠭᠠᠨ ᠤ ᠳᠤᠮᠳᠠ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ ᠴᠢᠳᠠᠪᠤᠷᠢ ᠪᠣᠯᠤᠨ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠰᠤᠷᠲᠠᠯ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠵᠦ ᠬᠡᠯᠡᠪᠡ᠃
      ᠠᠯᠠᠱᠠ ᠠᠶᠢᠮᠠᠭ᠂ ᠡᠵᠡᠨ᠎ᠡ ᠬᠤᠰᠢᠭᠤᠨ ᠤ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠲᠣᠬᠤᠨᠢᠭᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ