ᠨᠠᠰᠤᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠬᠦᠯᠵᠦ ᠨᠠᠰᠤᠵᠢᠯ ᠤᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/11/2
     ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ      ᠥᠪᠥᠷ ᠵᠠᠰᠠᠭ ᠠᠯᠪᠠᠨ ᠲᠠᠷᠬᠠᠭᠠᠭᠰᠠᠨ ﹇2021﹈ 26 ᠳ᠋ᠤᠭᠠᠷ ᠲᠣᠭᠠᠲᠤ      ᠨᠠᠰᠤᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠬᠦᠯᠵᠦ ᠨᠠᠰᠤᠵᠢᠯ ᠤᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠨᠠᠰᠤᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠬᠦᠯᠵᠦ ᠨᠠᠰᠤᠵᠢᠯ ᠤᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 48 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠬᠡᠢᠷᠡᠬᠦᠯᠦᠨ᠂ ᠥᠨᠳᠥᠷ ᠪᠦᠲᠦᠮᠵᠢᠲᠡᠶ ᠪᠥᠭᠡᠳ ᠵᠢᠷᠣᠮᠵᠢᠭᠤᠨ᠂ ᠡᠷᠬᠡ ᠲᠡᠭᠰᠢ ᠪᠠᠷ ᠥᠷᠢᠰᠥᠯᠳᠦᠬᠦ ᠨᠠᠰᠤᠵᠢᠯ ᠤᠨ ᠦᠢᠯᠡᠴᠢᠯᠡᠭᠡᠨ ᠤ ᠨᠢᠭᠡᠳᠦᠯᠲᠡᠶ ᠵᠠᠬ᠎ᠠ ᠳᠡᠯᠭᠡᠭᠦᠷ ᠢ ᠲᠦᠷᠬᠡᠬᠡᠨ ᠪᠤᠶ ᠪᠣᠯᠭᠠᠵᠦ᠂ ᠪᠥᠬᠦ ᠣᠷᠣᠨ ᠤ ᠨᠠᠰᠤᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠤᠨ ᠪᠦᠷᠢᠨᠰᠢᠬᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠤᠯᠢ ᠶᠢ ᠵᠢᠷᠤᠮᠯᠠᠨ ᠡᠵᠡᠩᠨᠡᠬᠦ᠂ ᠢᠳᠡᠪᠬᠢᠲᠡᠶ ᠪᠠᠷ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦ᠂ ᠦᠢᠯᠡᠴᠢᠯᠡᠭᠡ ᠪᠠᠨ ᠦᠷᠭᠦᠯᠵᠢᠯᠡᠨ ᠰᠢᠯᠢᠳᠡᠭᠵᠢᠭᠦᠯᠬᠦ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ᠂ ᠨᠠᠰᠤᠵᠢᠯ ᠤᠨ ᠦᠢᠯᠡᠴᠢᠯᠡᠭᠡᠨ ᠤ ᠲᠠᠯ᠎ᠠ ᠳᠠᠬᠢ ᠨᠠᠰᠤᠲᠠᠶᠢᠴᠤᠳ ᠤᠨ ᠣᠯᠠᠨ ᠲᠠᠰ ᠳᠠᠪᠬᠤᠷᠭ᠎ᠠ ᠶᠢᠨ ᠪᠠ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠤᠷᠠᠬᠢ ᠠᠷᠭ᠎ᠠ ᠬᠡᠮᠵᠢᠶ᠎ᠡ ᠶᠢ ᠳᠤᠷᠠᠳᠪᠠ᠃      ᠨᠢᠭᠡ᠂ ᠬᠢᠨᠠᠨ ᠬᠠᠮᠢᠶᠠᠷᠬᠠᠳᠠᠬᠤ ᠡᠲᠡᠭᠡᠳ ᠪᠠ ᠠᠭᠤᠯᠭ᠎ᠠ ᠶᠢ ᠲᠣᠳᠣᠷᠬᠠᠶᠢᠯᠠᠬᠤ ᠬᠡᠷᠡᠭᠳᠡᠢ      ︵ᠨᠢᠭᠡ︶ ᠬᠢᠨᠠᠨ ᠬᠠᠮᠢᠶᠠᠷᠬᠠᠳᠠᠬᠤ ᠡᠲᠡᠭᠡᠳ ᠪᠠ ᠠᠭᠤᠯᠭ᠎ᠠ ᠶᠢ ᠲᠣᠳᠣᠷᠬᠠᠶᠢᠯᠠᠬᠤ ᠬᠡᠷᠡᠭᠳᠡᠢ᠃ ︽ᠬᠡᠨ ᠬᠢᠨᠠᠨ ᠵᠥᠪᠰᠢᠶᠡᠷᠡᠪᠡᠯ ᠲᠡᠷᠡ ᠬᠢᠨᠠᠨ ᠬᠠᠮᠢᠶᠠᠷᠴᠤ᠂ ᠬᠡᠨ ᠭᠤᠣᠯᠯᠠᠨ ᠬᠠᠮᠢᠶᠠᠷᠪᠠᠯ ᠲᠡᠷᠡ ᠬᠢᠨᠠᠨ ᠬᠠᠮᠢᠶᠠᠷᠬᠤ︾ ᠵᠠᠷᠴᠢᠮ ᠶᠣᠰᠣᠭᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠳᠠᠩᠰᠠᠯᠠᠨ ᠲᠡᠮᠳᠡᠭᠯᠡᠭᠦᠯᠦᠭᠰᠡᠨ ᠪᠠ ᠪᠦᠷᠢᠳᠬᠡᠨ ᠳᠠᠩᠰᠠᠯᠠᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ︵ᠨᠠᠰᠤᠵᠢᠯ ᠤᠨ ᠪᠠᠶᠢᠭᠤᠯᠤᠮᠵᠢ ᠂ ᠬᠡᠷ ᠲᠤ ᠪᠠᠨ ᠠᠰᠠᠷᠠᠭᠤᠯᠬᠤ ᠳᠤ ᠵᠤᠷᠢᠭᠤᠯᠤᠨᠨᠰᠠᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠠᠭᠳᠠᠨ᠎ᠠ︶᠂ ᠨᠠᠰᠤᠵᠢᠯ ᠤᠨ ᠦᠢᠯᠡᠴᠢᠯᠡᠭᠡᠨ ᠤ ᠦᠨᠡᠯᠡᠨ ᠵᠢᠱᠢᠬᠦ ᠪᠠᠶᠢᠭᠤᠯᠤᠮᠵᠢ᠂ ᠨᠠᠰᠤᠵᠢᠯ ᠤᠨ ᠦᠢᠯᠡᠴᠢᠯᠡᠭᠡᠨ ᠤ ᠪᠣᠯᠪᠠᠰᠣᠷᠠᠯ ᠤᠨ ᠪᠠᠶᠢᠭᠤᠯᠤᠮᠵᠢ ᠶᠢᠨ ᠭᠠᠯ ᠰᠡᠷᠭᠡᠶᠢᠯᠡᠨ ᠣᠨᠳᠠᠷᠠᠭᠠᠬᠤ ᠠᠮᠤᠷ ᠲᠦᠪᠰᠢᠨ᠂ ᠪᠠᠷᠢᠯᠭ᠎ᠠ ᠶᠢᠨ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠡᠮᠴᠢᠯᠡᠭᠡ ᠡᠷᠡᠭᠦᠯ ᠬᠠᠮᠠᠭᠠᠯᠠᠯ᠂ ᠡᠵᠡᠩᠨᠡᠨ ᠠᠵᠢᠯᠯᠠᠭᠤᠯᠵᠦ ᠬᠠᠮᠢᠶᠠᠷᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠠᠵᠢᠯ ᠡᠷᠭᠢᠯᠡᠭᠰᠡᠳ᠂ ᠰᠦᠢᠳᠬᠡᠯ ᠬᠤᠷᠢᠶᠠᠬᠤ ᠬᠠᠮᠢᠶᠠᠷᠤᠯᠲᠠ᠂ ᠡᠳ᠋ ᠤᠨ ᠵᠠᠰᠠᠭ ᠤᠨ ᠪᠠᠯᠠ ᠮᠥᠩᠭᠦ᠂ ᠭᠠᠵᠠᠷ ᠰᠢᠷᠣᠶ ᠶᠢᠨ ᠬᠡᠷᠡᠭᠯᠡᠯᠲᠡ ᠵᠡᠷᠭᠡ ᠲᠠᠯ᠎ᠠ ᠪᠠᠷ ᠬᠢ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠳᠡᠢ᠃      ᠬᠤᠶᠠᠷ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠲᠣᠪᠣᠶᠢᠮ᠎ᠠ ᠰᠠᠶᠢᠲᠤᠷ ᠠᠳᠬᠤᠬᠤ ᠭᠡᠷᠡᠭᠳᠡᠢ      ︵ᠬᠤᠶᠠᠷ︶ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢᠶᠠᠨ ᠴᠢᠩᠭᠠᠷᠠᠭᠤᠯᠬᠤ ᠬᠡᠷᠡᠭᠳᠡᠢ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠠᠬᠢ ᠶᠠᠰᠤ ᠴᠢᠨᠠᠷ ᠤᠨ ᠠᠮᠤᠷ ᠲᠦᠪᠰᠢᠨ ᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠨᠠᠶᠢᠳᠠᠪᠣᠷᠢᠵᠢᠭᠤᠯᠬᠤ ᠬᠡᠷᠡᠭᠳᠡᠢ᠃ ᠡᠯ᠎ᠡ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠭᠠᠯ ᠰᠡᠷᠭᠡᠶᠢᠯᠡᠨ ᠣᠨᠳᠠᠷᠠᠭᠠᠵᠦ ᠠᠪᠤᠷᠠᠨ ᠲᠤᠰᠠᠯᠠᠬᠤ ᠪᠠᠶᠢᠭᠤᠯᠤᠮᠵᠢ ᠪᠣᠯᠣᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠲᠣᠰ ᠭᠠᠵᠠᠷ ᠣᠷᠣᠨ ᠤ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ︽ᠬᠤᠶᠠᠷ ᠢ ᠲᠠᠰᠢᠷᠠᠮ ᠢᠶᠠᠷ ᠰᠣᠭᠤᠴᠢᠵᠦ᠂ ᠨᠢᠭᠡ ᠶᠢ ᠢᠯᠡ ᠪᠣᠯᠭᠠᠬᠤ︾ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠢᠯ ᠪᠦᠷᠢ ᠨᠠᠭᠠᠳᠣ ᠵᠠᠬ᠎ᠠ ᠳᠤ ᠪᠠᠨ ᠨᠢᠭᠡ ᠤᠳᠠᠭ᠎ᠠ ᠥᠷᠨᠢᠭᠦᠯᠵᠦ᠂ ᠭᠠᠯ ᠰᠡᠷᠭᠡᠶᠢᠯᠡᠨ ᠣᠨᠳᠠᠷᠠᠭᠠᠬᠤ ᠠᠮᠤᠷ ᠲᠦᠪᠰᠢᠨ᠂ ᠪᠠᠷᠢᠯᠭ᠎ᠠ ᠶᠢᠨ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠡᠮᠴᠢᠯᠡᠭᠡᠨ ᠤ ᠶᠠᠰᠤ ᠴᠢᠨᠠᠷ᠂ ᠡᠷᠡᠭᠦᠯ ᠢ ᠬᠠᠮᠠᠭᠠᠯᠠᠵᠤ ᠬᠢᠵᠢᠭ ᠢ ᠰᠡᠷᠭᠡᠶᠢᠯᠡᠬᠦ᠂ ᠡᠵᠡᠩᠨᠡᠨ ᠠᠵᠢᠯᠯᠠᠭᠤᠯᠵᠦ ᠬᠠᠮᠢᠶᠠᠷᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠲᠠᠯ᠎ᠠ ᠪᠠᠷ ᠬᠢ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤ ᠨᠢ ᠢᠯᠡᠷᠡᠬᠦᠯᠬᠦ ᠶᠢᠨ ᠬᠠᠮᠲᠤ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠴᠡᠭᠴᠡᠯᠡᠨ ᠵᠠᠰᠠᠵᠦ ᠬᠡᠮ ᠰᠣᠭᠤᠭ ᠢ ᠨᠢ ᠠᠷᠢᠯᠭᠠᠬᠤ ᠬᠡᠷᠡᠭᠲᠡᠶ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠪᠤᠯᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠵᠡᠷᠭᠡ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠠᠯ ᠰᠡᠷᠭᠡᠶᠢᠯᠡᠨ ᠣᠨᠳᠠᠷᠠᠭᠠᠬᠤ ᠠᠮᠤᠷ ᠲᠦᠪᠰᠢᠨ ᠤ ᠲᠠᠯ᠎ᠠ ᠪᠠᠷ ᠬᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠭᠠᠯ ᠰᠡᠷᠭᠡᠶᠢᠯᠡᠨ ᠣᠨᠳᠠᠷᠠᠭᠠᠬᠤ ᠠᠮᠤᠷ ᠲᠦᠪᠰᠢᠨ ᠤ ᠪᠠᠶᠢᠳᠠᠯ ᠢ ᠲᠣᠳᠣᠷᠬᠠᠶ ᠣᠶᠢᠯᠠᠭᠠᠨ᠂ ᠭᠠᠯ ᠣᠨᠳᠠᠷᠠᠭᠠᠬᠤ ᠭᠠᠯ ᠤᠨ ᠠᠶᠤᠯ ᠤᠨ ᠲᠠᠯ᠎ᠠ ᠪᠠᠷ ᠬᠢ ᠭᠡᠮ ᠰᠣᠭᠤᠭ᠂ ᠴᠡᠭᠴᠡᠯᠡᠨ ᠵᠠᠰᠠᠬᠤ ᠠᠵᠢᠯ ᠪᠠ ᠬᠠᠷᠢᠭᠤᠴᠠᠯᠭ᠎ᠠ ᠶᠢᠨ ︽ᠭᠤᠷᠪᠠᠨ ᠨᠠᠷᠢᠨ ᠬᠠᠭᠤᠳᠠᠰᠣ︾ ᠶᠢ ᠪᠠᠶᠢᠭᠤᠯᠵᠤ᠂ ᠣᠯᠵᠦ ᠮᠡᠳᠡᠭᠰᠡᠨ ᠭᠠᠯ ᠤᠨ ᠠᠶᠤᠯ ᠤᠨ ᠬᠦᠨᠳᠦ ᠨᠤᠴᠢᠳᠠᠢ ᠭᠡᠮ ᠰᠣᠭᠤᠭ ᠢ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠪᠠᠶᠢᠭᠠᠳ ᠨᠡᠷ᠎ᠡ ᠵᠢᠭᠠᠵᠣ ᠰᠢᠮᠳᠠᠭᠤᠯᠤᠨ ᠭᠦᠢᠴᠡᠳᠬᠡᠭᠦᠯᠵᠦ᠂ ᠴᠠᠭ ᠲᠤᠬᠠᠢ ᠳᠤ ᠨᠢ ᠴᠡᠭᠴᠡᠯᠡᠨ ᠵᠠᠰᠠᠬᠤ ᠶᠢ ᠦᠨᠡᠨ ᠬᠦ ᠪᠠᠲᠤᠯᠠᠬᠤ ᠬᠡᠷᠡᠭᠲᠡᠶ᠃      ︵ᠭᠤᠷᠪᠠ︶ ᠠᠵᠢᠯ ᠡᠷᠬᠢᠯᠡᠭᠰᠡᠳ ᠲᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠳᠡᠢ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠶᠢᠨ ᠠᠵᠢᠯᠲᠠᠨ ᠠᠵᠢᠯᠴᠢᠨ ᠤ ᠬᠠᠮᠢᠶᠠᠷᠤᠯᠲᠠ ᠶᠢᠨ ᠲᠦᠷᠢᠮ ᠢᠶᠠᠨ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠢᠯᠲᠠᠨ ᠠᠵᠢᠯᠴᠢᠨ ᠤ ᠰᠠᠬᠢᠯᠭ᠎ᠠ ᠲᠦᠷᠢᠮ ᠲᠤᠨᠨᠳᠠᠭᠠᠬᠤ ᠳᠤ ᠰᠢᠮᠳᠠᠭᠤᠯᠤᠨ ᠵᠢᠯᠤᠭᠤᠳᠬᠤ ᠬᠡᠷᠡᠭᠳᠡᠢ᠃ ᠠᠵᠢᠯ ᠡᠷᠭᠢᠯᠡᠭᠰᠡᠳ ᠲᠤ ᠠᠵᠢᠯ ᠮᠡᠷᠭᠡᠵᠢᠯ ᠤᠨ ᠶᠣᠰᠣ ᠮᠣᠷᠠᠯ ᠤᠨ ᠬᠥᠮᠦᠵᠢᠯ ᠪᠤᠯᠪᠠᠰᠤᠷᠠᠯ ᠢ ᠴᠢᠩᠭᠠᠷᠠᠭᠤᠯᠵᠤ᠂ ᠡᠮᠴᠢᠯᠡᠨ ᠰᠤᠪᠢᠯᠠᠬᠤ᠂ ᠡᠷᠡᠭᠦᠯᠵᠢᠭᠦᠯᠬᠦ ᠡᠮᠴᠢᠯᠡᠭᠡ᠂ ᠭᠠᠯ ᠰᠡᠷᠭᠡᠶᠢᠯᠡᠨ ᠤᠨᠲᠠᠷᠠᠭᠠᠬᠤ ᠬᠠᠮᠢᠶᠠᠷᠤᠯᠲᠠ ᠵᠡᠷᠭᠡ ᠦᠢᠯᠡᠴᠢᠯᠡᠭᠡᠨ ᠤ ᠠᠵᠢᠯ ᠡᠷᠬᠢᠯᠡᠵᠦ ᠪᠠᠶᠢᠭ᠎ᠠ ᠲᠤᠰᠬᠠᠶ ᠮᠡᠷᠭᠡᠵᠢᠯ ᠤᠨ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ ᠪᠠᠶᠢᠷᠢᠨ ᠳᠤ ᠭᠠᠷᠬᠤ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠳᠡᠢ᠃ ᠨᠠᠰᠤᠲᠠᠨ ᠢ ᠲᠣᠷᠣᠮᠵᠢᠯᠠᠬᠤ᠂ ᠨᠠᠰᠤᠲᠠᠨ ᠳᠤ ᠬᠠᠯᠠ ᠦᠵᠡᠭᠦᠯᠬᠦ ᠵᠡᠷᠭᠡ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠦᠢᠯᠡ ᠠᠵᠢᠯᠯᠠᠭ᠎ᠠ ᠬᠢᠭᠰᠡᠨ ᠬᠠᠮᠢᠶ᠎ᠠ ᠪᠥᠬᠦᠶ ᠬᠠᠷᠢᠭᠤᠴᠠᠯᠭ᠎ᠠ ᠲᠠᠢ ᠭᠦᠮᠦᠨ ᠳᠤ ᠲᠤᠰ ᠠᠵᠢᠯ ᠲᠥᠷᠥᠯ ᠡᠷᠬᠢᠯᠡᠬᠦ ᠶᠢ ᠨᠢ ᠴᠠᠭᠠᠵᠠᠯᠠᠬᠤ ᠠᠷᠭ᠎ᠠ ᠬᠡᠮᠵᠢᠶ᠎ᠡ ᠶᠢ ᠭᠡᠷᠡᠭᠵᠢᠬᠦᠯᠬᠦ ᠬᠡᠷᠡᠭᠳᠡᠢ᠃      ︵ᠳᠥᠷᠪᠡ︶ ᠦᠨᠡᠯᠡᠯᠲᠡ ᠬᠢᠵᠦ ᠪᠤᠯᠪᠠᠰᠤᠷᠠᠯ ᠭᠦᠷᠳᠡᠬᠡᠬᠦ ᠵᠣᠬᠢᠶᠠᠨ ᠪᠠᠶᠢᠭᠤᠯᠤᠯᠲᠠ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠳᠡᠢ᠃ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠠᠰᠤᠵᠢᠯ ᠤᠨ ᠦᠢᠯᠡᠴᠢᠯᠡᠭᠡᠨ ᠤ ᠦᠨᠡᠯᠡᠨ ᠵᠢᠱᠢᠬᠦ ᠪᠠᠶᠢᠭᠤᠯᠤᠮᠵᠢ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠲᠡᠭᠦᠰᠬᠡᠯ ᠦᠵᠦᠭᠦᠷ ᠲᠠᠬᠢ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠳᠠᠯᠠᠵᠤ᠂ ᠬᠤᠯᠪᠣᠭᠳᠠᠯ ᠪᠥᠬᠦᠶ ᠪᠣᠯᠪᠠᠰᠣᠷᠠᠯ ᠭᠦᠷᠳᠡᠬᠡᠵᠦ ᠦᠨᠡᠯᠡᠯᠲᠡ ᠬᠢᠬᠦ ᠵᠣᠬᠢᠶᠠᠨ ᠪᠠᠶᠢᠭᠤᠯᠤᠯᠲᠠ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠦᠨᠡᠮᠯᠡᠯ ᠣᠯᠭᠤᠬᠤ ᠪᠠᠶᠢᠭᠤᠯᠤᠮᠵᠢ ᠳᠤ ᠬᠢᠨᠠᠯᠲᠠ ᠬᠠᠮᠢᠶᠠᠷᠤᠯᠲᠠ ᠪᠠᠨ ᠬᠠᠤᠯᠢ ᠪᠠ ᠲᠣᠭᠲᠠᠭᠠᠯ ᠶᠣᠰᠣᠭᠠᠷ ᠴᠢᠩᠭᠠᠳᠬᠠᠨ᠂ ᠪᠣᠯᠪᠠᠰᠣᠷᠠᠯ ᠭᠦᠷᠳᠡᠬᠡᠵᠦ ᠦᠨᠡᠯᠡᠯᠲᠡ ᠬᠢᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠪᠠᠲᠤᠯᠠᠵᠤ᠂ ᠳᠤᠷ᠎ᠠ ᠪᠠᠷ ᠢᠶᠠᠨ ᠦᠨᠡᠯᠡᠨ ᠵᠢᠱᠢᠬᠦ᠂ ᠳᠤᠷ᠎ᠠ ᠪᠠᠷ ᠢᠶᠠᠨ ᠪᠤᠯᠪᠠᠰᠤᠷᠠᠯ ᠭᠦᠷᠳᠡᠬᠡᠬᠦ᠂ ᠳᠤᠷ᠎ᠠ ᠪᠠᠷ ᠢᠶᠠᠨ ᠦᠨᠡᠮᠯᠡᠯ ᠣᠯᠭᠤᠬᠤ ᠦᠵᠡᠭᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃      ︵ᠲᠠᠪᠤ︶ ᠡᠳ᠋ ᠤᠨ ᠵᠠᠰᠠᠭ ᠤᠨ ᠲᠥᠷᠥᠯ ᠵᠦᠢᠯ ᠤᠨ ᠪᠠᠯᠠ ᠮᠦᠩᠭᠦᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠳᠡᠢ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠲᠣᠭᠲᠠᠭᠠᠯ ᠳᠤ ᠨᠡᠶᠢᠴᠡᠭᠰᠡᠨ ᠠᠷᠭ᠎ᠠ ᠮᠠᠶ᠋ᠢᠭ ᠢᠶᠠᠷ ᠨᠠᠰᠤᠵᠢᠯ ᠤᠨ ᠦᠢᠯᠡᠴᠢᠯᠡᠭᠡᠨ ᠳᠤ ᠬᠤᠯᠪᠣᠭᠳᠠᠬᠤ ᠪᠠᠯᠠ ᠮᠥᠩᠭᠦ ᠶᠢ ᠴᠤᠭᠯᠠᠭᠤᠯᠬᠤ ᠪᠠ ᠬᠡᠷᠡᠭᠯᠡᠭᠦᠯᠬᠦ ᠬᠡᠷᠡᠭᠲᠡᠶ᠃ ᠡᠳ᠋ ᠤᠨ ᠵᠠᠰᠠᠭ ᠤᠨ ᠪᠠᠯᠠ ᠮᠥᠩᠭᠦ ᠬᠡᠷᠡᠭᠯᠡᠬᠦ ᠳᠤ ᠬᠤᠯᠪᠣᠭᠳᠠᠭᠰᠠᠨ ᠨᠠᠰᠤᠵᠢᠯ ᠤᠨ ᠠᠰᠠᠷᠠᠮᠵᠢ ᠶᠢᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠨᠡᠮᠡᠭᠦᠷᠢ ᠶᠢᠨ ᠪᠠᠯᠠ ᠮᠥᠩᠭᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠤᠳᠠᠯᠳᠤᠨ ᠠᠪᠬᠤ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠵᠡᠷᠭᠡ ᠳᠤ ᠬᠢᠨᠠᠯᠲᠠ ᠬᠠᠮᠢᠶᠠᠷᠤᠯᠲᠠ ᠬᠢᠬᠦ ᠪᠠᠨ ᠴᠢᠩᠭᠠᠳᠬᠠᠬᠤ ᠬᠡᠷᠡᠭᠳᠡᠢ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠤᠶᠤᠴᠢᠯᠠᠨ ᠬᠡᠷᠡᠭᠯᠡᠵᠦ ᠪᠠᠶᠢᠭ᠎ᠠ ᠪᠥᠲᠥᠭᠡᠨ ᠪᠠᠶᠢᠭᠤᠯᠤᠯᠲᠠ ᠡᠵᠡᠩᠨᠡᠯᠲᠡ᠂ ᠬᠠᠷᠢᠭᠤᠴᠠᠯᠭ᠎ᠠ ᠶᠢᠨ ᠳᠠᠭᠠᠳᠬᠠᠯ ᠵᠡᠷᠭᠡ ᠶᠢᠨ ᠵᠠᠰᠠᠭ ᠤᠨ ᠣᠷᠳᠣᠨ ᠤ ᠬᠠᠩᠭᠠᠭᠰᠠᠨ ᠨᠡᠮᠡᠭᠦᠷᠢ ᠶᠢᠨ ᠪᠠᠯᠠ ᠮᠥᠩᠭᠦ ᠶᠢ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠬᠠᠮᠢᠶᠠᠷᠤᠯᠲᠠ ᠳᠤ ᠣᠷᠣᠭᠤᠯᠬᠤ ᠬᠡᠷᠡᠭᠳᠡᠢ᠃ ᠲᠣᠮᠣ ᠳ᠋ᠠᠶᠢᠲ᠋ᠠ᠂ ᠭᠤᠷᠪᠠᠳᠠᠬᠢ ᠡᠲᠡᠭᠡᠳ ᠤᠨ ᠠᠮᠵᠢᠯᠲᠠ ᠪᠦᠲᠦᠮᠵᠢ ᠶᠢ ᠦᠨᠡᠯᠡᠬᠦ᠂ ᠬᠢᠨᠠᠨ ᠪᠤᠳᠤᠬᠤ ᠵᠡᠷᠭᠡ ᠠᠷᠭ᠎ᠠ ᠮᠠᠶ᠋ᠢᠭ ᠲᠤ ᠲᠦᠰᠢᠭᠯᠡᠨ᠂ ᠡᠳ᠋ ᠤᠨ ᠵᠠᠰᠠᠭ ᠤᠨ ᠪᠠᠯᠠ ᠮᠦᠩᠭᠦᠨ ᠤ ᠬᠡᠷᠡᠭᠯᠡᠯᠲᠡ ᠶᠢ ᠲᠣᠭᠲᠠᠭᠠᠯ ᠳᠤ ᠨᠡᠶᠢᠴᠡᠬᠦᠯᠬᠦ ᠪᠠ ᠬᠠᠮᠢᠶᠠᠷᠤᠯᠲᠠ ᠶᠢᠨ ᠠᠮᠤᠷ ᠲᠦᠪᠰᠢᠨ ᠢ ᠦᠨᠡᠨ ᠬᠦ ᠪᠠᠳᠤᠯᠠᠬᠤ ᠬᠡᠷᠡᠭᠳᠡᠢ᠃ ᠵᠠᠰᠠᠭ ᠤᠨ ᠣᠷᠳᠣᠨ ᠤ ᠨᠡᠮᠡᠭᠦᠷᠢ ᠶᠢᠨ ᠪᠠᠯᠠ ᠮᠥᠩᠭᠦ ᠶᠢ ᠮᠡᠬᠡᠯᠡᠨ ᠠᠪᠤᠭᠰᠠᠨ ᠪᠠᠶᠢᠳᠠᠯ ᠣᠷᠣᠰᠢᠵᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠤ᠂ ᠮᠡᠬᠡᠯᠡᠨ ᠠᠪᠤᠭᠰᠠᠨ ᠨᠡᠮᠡᠭᠦᠷᠢ ᠶᠢᠨ ᠪᠠᠯᠠ ᠮᠥᠩᠭᠦ ᠶᠢ ᠪᠦᠭᠦᠨ ᠢᠶᠠᠷ ᠨᠢ ᠨᠡᠬᠡᠮᠵᠢᠯᠡᠨ ᠠᠪᠴᠤ ᠬᠤᠷᠢᠶᠠᠬᠤ ᠶᠢᠨ ᠬᠠᠮᠲᠤ᠂ ᠬᠠᠤᠯᠢ ᠪᠠ ᠲᠣᠭᠲᠠᠭᠠᠯ ᠶᠣᠰᠣᠭᠠᠷ ᠴᠢᠩᠭ᠎ᠠ ᠰᠢᠢᠳᠬᠡᠨ ᠲᠣᠷᠭᠠᠬᠤ ᠬᠡᠷᠡᠭᠳᠡᠢ᠃      ︵ᠵᠢᠷᠭᠤᠭ᠎ᠠ︶ ᠳᠣᠲᠣᠭᠠᠳᠤ ᠳᠤ ᠪᠠᠨ ᠰᠦᠢᠳᠬᠡᠯ ᠬᠤᠷᠢᠶᠠᠬᠤ ᠪᠠ ᠬᠠᠤᠯᠢ ᠪᠤᠰᠤ ᠪᠠᠷ ᠪᠠᠯᠠ ᠮᠦᠩᠭᠦ ᠴᠤᠭᠯᠠᠭᠤᠯᠬᠤ ᠳᠤ ᠬᠢᠨᠠᠯᠲᠠ ᠬᠠᠮᠢᠶᠠᠷᠤᠯᠲᠠ ᠬᠢᠬᠦ ᠪᠠᠨ ᠴᠢᠩᠭᠠᠳᠬᠠᠬᠤ ᠬᠡᠷᠡᠭᠳᠡᠢ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠬᠤᠷᠢᠶ᠋ᠬᠠᠰᠠᠨ ᠦᠢᠯᠡᠴᠢᠯᠡᠭᠡᠨ ᠤ ᠵᠠᠷᠤᠳᠠᠯ ᠤᠨ ᠲᠠᠯ᠎ᠠ ᠪᠠᠷ ᠬᠢ ᠬᠠᠮᠢᠶᠠᠷᠤᠯᠲᠠ ᠪᠠᠨ ᠴᠢᠩᠭᠠᠳᠬᠠᠵᠤ᠂ ᠵᠠᠷᠴᠢᠮ ᠳᠡᠭᠡᠷ᠎ᠡ ᠪᠠᠨ ᠡᠪᠡᠳᠴᠢᠲᠡᠨ ᠤ ᠣᠷᠣ᠂ ᠰᠤᠪᠢᠯᠠᠯᠲᠠ᠂ ᠬᠤᠭᠤᠯᠠ ᠤᠮᠳᠠ ᠵᠡᠷᠭᠡ ᠶᠢᠨ ᠵᠠᠷᠤᠳᠠᠯ ᠢ ᠰᠠᠷ᠎ᠠ ᠪᠠᠷ ᠬᠤᠷᠢᠶᠠᠬᠤ ᠬᠡᠷᠡᠭᠳᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠨ ᠳᠠᠬᠢ ᠮᠥᠩᠭᠦᠨ ᠭᠦᠢᠯᠭᠡᠭᠡᠨ ᠤ ᠨᠡᠷᠡᠳᠬᠦᠨ ᠳᠤ ᠬᠢᠨᠠᠯᠲᠠ ᠬᠠᠮᠢᠶᠠᠷᠤᠯᠳᠠ ᠬᠢᠬᠦ ᠡᠷᠴᠢᠮ ᠢᠶᠠᠨ ᠴᠢᠩᠭᠠᠳᠬᠠᠬᠤ ᠬᠡᠷᠡᠭᠳᠡᠢ᠃ ᠨᠠᠰᠤᠵᠢᠯ ᠤᠨ ᠦᠢᠯᠡᠴᠢᠯᠡᠭᠡᠨ ᠤ ᠨᠡᠷ᠎ᠡ ᠪᠠᠷ ᠬᠠᠤᠯᠢ ᠪᠤᠰᠤ ᠪᠠᠷ ᠪᠠᠯᠠ ᠮᠦᠩᠬᠦ ᠴᠤᠭᠯᠠᠭᠤᠯᠬᠤ ᠲᠠᠯ᠎ᠠ ᠶᠢᠨ ᠲᠦᠭᠰᠢᠭᠦᠷᠢ ᠳᠤ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠬᠦ ᠪᠠ ᠲᠦᠭᠰᠢᠭᠦᠷᠢ ᠶᠢᠨ ᠰᠠᠨᠠᠭᠤᠯᠤᠮᠵᠢ ᠥᠭᠬᠦ ᠪᠠᠨ ᠴᠢᠩᠭᠠᠳᠬᠠᠨ᠂ ᠵᠠᠭᠠᠯᠳᠤᠵᠤ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠶᠢ ᠨᠡᠶᠢᠭᠡᠮ ᠳᠠᠶᠠᠭᠠᠷ ᠲᠤ ᠨᠡᠶᠢᠲᠡᠯᠡᠵᠦ᠂ ᠬᠤᠯᠪᠣᠭᠳᠠᠯ ᠪᠥᠬᠦᠶ ᠰᠦᠪᠡᠭᠴᠢ ᠶᠢ ᠴᠠᠭ ᠲᠤᠬᠠᠶ ᠳᠤ ᠨᠢ ᠭᠥᠯᠢᠶᠡᠨ ᠠᠪᠴᠤ ᠰᠢᠢᠳᠪᠦᠷᠢᠯᠡᠨ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠠᠰᠤᠵᠢᠯ ᠤᠨ ᠦᠢᠯᠡᠴᠢᠯᠡᠭᠡᠨ ᠤ ᠨᠡᠷ᠎ᠡ ᠪᠠᠷ ᠬᠠᠤᠯᠢ ᠪᠤᠰᠤ ᠪᠠᠷ ᠪᠠᠯᠠ ᠮᠦᠩᠬᠦ ᠴᠤᠭᠯᠠᠭᠤᠯᠬᠤ ᠠᠵᠢᠯᠯᠠᠭ᠎ᠠ ᠶᠢ ᠡᠷᠡᠰ ᠰᠡᠷᠭᠡᠶᠢᠯᠡᠬᠦ ᠪᠠ ᠲᠡᠳᠡᠬᠡᠷ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠦᠭᠬᠦ ᠬᠡᠷᠡᠭᠳᠡᠢ᠃      ︵ᠳᠣᠯᠤᠭ᠎ᠠ︶ ᠡᠵᠡᠩᠨᠡᠨ ᠠᠵᠢᠯᠯᠠᠭᠤᠯᠵᠦ ᠬᠠᠮᠢᠶᠠᠷᠬᠤ ᠡᠮᠬᠢ ᠵᠢᠷᠤᠮ ᠤᠨ ᠲᠠᠯ᠎ᠠ ᠳᠤ ᠬᠢᠨᠠᠯᠲᠠ ᠬᠠᠮᠢᠶᠠᠷᠤᠯᠲᠠ ᠬᠢᠬᠦ ᠪᠠᠨ ᠴᠢᠩᠭᠠᠳᠬᠠᠬᠤ ᠬᠡᠷᠡᠭᠳᠡᠢ᠃ ᠨᠠᠰᠤᠲᠠᠳ ᠢ ᠠᠰᠠᠷᠠᠬᠤ ᠬᠦᠷᠢᠶᠡᠯᠡᠩ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠶ ᠠᠵᠢᠯᠯᠠᠭᠠᠨ ᠤ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ︽ᠨᠠᠰᠤᠵᠢᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠠᠮᠤᠷ ᠲᠦᠪᠰᠢᠨ ᠤ ᠦᠨᠳᠦᠰᠦᠨ ᠵᠢᠷᠤᠮᠵᠢᠯ︾ ᠢᠶᠠᠷ ᠤᠯᠤᠰ ᠤᠨ ᠠᠯᠪᠠᠳᠠᠯᠭ᠎ᠠ ᠶᠢᠨ ᠪᠠᠷᠢᠮᠵᠢᠶ᠎ᠠ ᠳᠤ ᠬᠦᠷᠦᠭᠦᠯᠬᠦ ᠠᠵᠢᠯ ᠢ ᠲᠦᠷᠬᠡᠬᠡᠨ ᠠᠬᠢᠭᠤᠯᠵᠤ᠂ 2022 ᠣᠨ ᠪᠣᠯᠬᠤ ᠳᠤ ᠪᠥᠬᠦ ᠣᠷᠣᠨ ᠤ ᠨᠠᠰᠤᠵᠢᠯ ᠤᠨ ᠪᠠᠶᠢᠭᠤᠯᠤᠮᠵᠢ ᠪᠦᠬᠦᠨ ᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠳᠣᠯᠠᠬᠤ ᠬᠡᠷᠡᠭᠳᠡᠢ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠳᠣᠲᠣᠭᠠᠳᠤ ᠳᠠᠬᠢ ᠬᠠᠮᠢᠶᠠᠷᠤᠯᠲᠠ ᠶᠢ ᠨᠢ ᠴᠢᠩᠭᠠᠳᠬᠠᠭᠤᠯᠵᠦ᠂ ᠠᠰᠠᠷ ᠤᠨ ᠬᠠᠭᠠᠯᠭ᠎ᠠ᠂ ᠭᠥᠯᠢᠶᠡᠨ ᠠᠪᠬᠤ ᠶᠡᠭᠡ ᠲᠢᠩᠬᠢᠮ᠂ ᠵᠢᠵᠢᠭᠦᠷᠯᠡᠬᠦ ᠲᠠᠰᠤᠭ᠂ ᠠᠰᠠᠷ ᠤᠨ ᠬᠤᠩᠬᠢᠯ᠂ ᠬᠤᠭᠤᠯᠠᠨ ᠬᠡᠷ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠸᠢᠳᠢᠣ᠋ ᠬᠢᠨᠠᠨ ᠡᠵᠡᠮᠳᠡᠭᠦᠷ ᠤᠭᠰᠠᠷᠠᠬᠤ ᠬᠡᠷᠡᠭᠲᠡᠶ᠃ ᠳᠣᠲᠣᠭᠠᠳᠤ ᠶᠢᠨ ᠬᠠᠮᠢᠶᠠᠷᠤᠯᠲᠠ ᠶᠢᠨ ᠲᠠᠩᠰᠠ ᠡᠪᠬᠡᠮᠡᠯ ᠢᠶᠠᠨ ᠪᠦᠷᠢᠨᠰᠢᠬᠦᠯᠵᠦ᠂ ᠪᠠᠴᠢᠮ ᠳᠠᠭᠤᠳᠠᠯᠲᠠ ᠶᠢᠨ ᠲᠡᠮᠳᠡᠭᠯᠡᠯ᠂ ᠬᠡᠪ ᠤᠨ ᠪᠤᠰᠤ ᠬᠡᠷᠡᠭ ᠤᠨ ᠮᠡᠳᠡᠭᠦᠯᠦᠯᠲᠡ᠂ ᠵᠢᠵᠢᠭᠦᠷ ᠤᠨ ᠲᠡᠮᠳᠡᠭᠯᠡᠯ᠂ ᠡᠭᠡᠯᠵᠢ ᠰᠣᠯᠢᠨᠨᠰᠠᠨ ᠲᠡᠮᠳᠡᠭᠯᠡᠯ᠂ ᠸᠢᠳᠢᠣ᠋ ᠬᠢᠨᠠᠨ ᠡᠵᠡᠮᠳᠡᠭᠦᠷ ᠤᠨ ᠲᠡᠮᠳᠡᠭᠯᠡᠯ ᠵᠡᠷᠭᠡ ᠠᠩᠬᠠᠨ ᠤ ᠮᠠᠲ᠋ᠧᠷᠢᠶᠠᠯ ᠢ ᠲᠣᠬᠢᠲᠠᠶ ᠬᠠᠳᠠᠭᠠᠯᠠᠬᠤ ᠬᠡᠷᠡᠭᠲᠡᠶ᠃ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠰᠣᠪᠢᠯᠠᠯᠲᠠ ᠬᠢᠬᠦ ᠪᠠᠨ ᠴᠢᠩᠭᠠᠳᠬᠠᠵᠤ᠂ ᠰᠤᠪᠢᠯᠠᠭᠰᠠᠨ ᠨᠢ ᠲᠣᠬᠢᠷᠠᠮᠵᠢ ᠦᠬᠡᠢ ᠠᠴᠠ ᠪᠣᠯᠵᠣ ᠬᠡᠪᠳᠡᠷᠢ ᠶᠢᠨ ᠶᠠᠷ᠎ᠠ ᠭᠠᠷᠬᠤ᠂ ᠤᠢᠴᠢᠵᠦ ᠰᠢᠷᠬᠠᠳᠤᠬᠤ᠂ ᠬᠠᠯᠠᠭᠠᠨᠨᠳᠠᠨ ᠰᠢᠷᠬᠠᠳᠤᠬᠤ ᠵᠡᠷᠭᠡ ᠠᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃ ᠡᠮᠴᠢᠯᠡᠭᠡ ᠪᠠ ᠨᠠᠰᠤᠵᠢᠯ ᠢ ᠤᠶᠠᠯᠳᠤᠭᠤᠯᠬᠤ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡ᠂ ᠰᠤᠪᠢᠯᠠᠯᠲᠠ᠂ ᠡᠷᠡᠭᠦᠯᠵᠢᠯ ᠵᠢᠴᠢ ᠨᠠᠰᠣᠨ ᠡᠴᠦᠰ ᠤᠨ ᠲᠠᠶᠢᠪᠤᠰᠢᠷᠠᠭᠤᠯᠬᠤ ᠰᠤᠪᠢᠯᠠᠯᠲᠠ ᠶᠢᠨ ᠦᠢᠯᠡᠴᠢᠯᠡᠭᠡᠨ ᠤ ᠡᠵᠡᠩᠨᠡᠨ ᠠᠵᠢᠯᠯᠠᠭᠤᠯᠬᠤ ᠬᠠᠮᠢᠶᠠᠷᠤᠯᠲᠠ ᠶᠢ ᠲᠡᠭᠦᠯᠳᠡᠷᠵᠢᠬᠦᠯᠬᠦ ᠬᠡᠷᠡᠭᠳᠡᠢ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠠᠰᠠᠷᠠᠨ ᠲᠡᠵᠢᠭᠡᠬᠦ ᠪᠠ ᠰᠤᠷᠭᠠᠨ ᠬᠥᠮᠦᠵᠢᠭᠦᠯᠬᠦ ᠶᠢ ᠤᠶᠠᠯᠳᠤᠭᠤᠯᠬᠤ᠂ ᠰᠦᠯᠵᠢᠶ᠎ᠡ ᠪᠠᠷ ᠪᠠ ᠰᠦᠯᠵᠢᠶᠡᠨ ᠭᠠᠳᠠᠭᠤᠷᠬᠢ ᠶᠢ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠨᠠᠰᠤᠲᠠᠶᠢᠴᠤᠳ ᠤᠨ ᠰᠤᠷᠭᠠᠨ ᠬᠥᠮᠦᠵᠢᠯ ᠢ ᠥᠷᠨᠢᠭᠦᠯᠵᠦ᠂ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠬᠡᠭᠰᠢᠯᠡᠬᠦᠯᠬᠦ ᠬᠡᠷᠡᠭᠳᠡᠢ᠃      ︵ᠨᠠᠢᠮᠠ︶ ᠵᠢᠭᠤᠷᠠᠯᠳᠤᠭᠠᠨ ᠢ ᠵᠥᠪᠳᠡᠯᠴᠡᠨ ᠡᠶᠡᠳᠡᠭᠦᠯᠬᠦ ᠪᠠᠨ ᠴᠢᠩᠭᠠᠳᠬᠠᠬᠤ ᠬᠡᠷᠡᠭᠳᠡᠢ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠵᠢᠭᠠᠨ ᠵᠢᠯᠤᠭᠤᠳᠴᠣ ᠪᠠᠶᠢᠭᠠᠳ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠢ ᠪᠣᠳᠠᠲᠠᠶᠢᠵᠢᠭᠤᠯᠵᠤ᠂ ᠠᠵᠢᠯ ᠡᠷᠭᠢᠯᠡᠭᠰᠡᠳ ᠤᠨ ᠠᠮᠤᠷ ᠲᠦᠪᠰᠢᠨ ᠤ ᠬᠥᠮᠦᠵᠢᠯ᠂ ᠬᠠᠤᠯᠢᠵᠢᠯ ᠤᠨ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠨ᠂ ᠦᠢᠯᠡᠴᠢᠯᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠡᠬᠢ ᠡᠭᠦᠰᠦᠯ ᠠᠴᠠ ᠨᠢ ᠠᠷᠢᠯᠭᠠᠵᠤ᠂ ᠵᠢᠭᠤᠷᠠᠯᠳᠤᠭᠠᠨ ᠡᠭᠦᠰᠬᠦ ᠠᠴᠠ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠬᠦ ᠬᠡᠷᠡᠭᠳᠡᠢ᠃ ᠵᠢᠭᠤᠷᠠᠯᠳᠤᠭᠠᠨ ᠢ ᠵᠥᠪᠳᠡᠯᠴᠡᠨ ᠡᠶᠡᠳᠡᠭᠦᠯᠬᠦ ᠲᠣᠭᠲᠠᠴᠠ ᠶᠢ ᠪᠠᠶᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠳᠤ ᠨᠠᠰᠤᠲᠠᠶᠢᠴᠤᠳ ᠤᠨ ᠵᠠᠭᠠᠯᠳᠤᠯᠭ᠎ᠠ ᠰᠠᠨᠠᠭᠤᠯᠭ᠎ᠠ ᠶᠢ ᠭᠥᠯᠢᠶᠡᠨ ᠠᠪᠬᠤ ᠪᠠ ᠰᠢᠢᠳᠪᠦᠷᠢᠯᠡᠬᠦ ᠲᠤᠰᠬᠠᠶ ᠰᠠᠯᠠᠭ᠎ᠠ ᠮᠥᠴᠢᠷ᠂ ᠠᠵᠢᠯᠲᠠᠨ ᠪᠠ ᠠᠷᠭ᠎ᠠ ᠵᠠᠮ ᠲᠣᠬᠢᠷᠠᠭᠤᠯᠬᠤ ᠶᠢ ᠠᠬᠢᠭᠤᠯᠵᠤ᠂ ︽ᠬᠠᠯᠠᠮᠰᠢᠯ ᠤᠲᠠᠰᠤ ᠨᠡᠪᠲᠡᠷᠡᠭᠦᠯᠬᠦ᠂ ᠵᠠᠬᠢᠳᠠᠯ ᠤᠨ ᠬᠠᠶᠢᠷᠴᠠᠭ ᠳᠣᠭᠢᠷᠠᠭᠤᠯᠬᠤ᠂ ᠲᠤᠰᠬᠠᠶ ᠲᠤᠰᠢᠶᠠᠯᠲᠠᠨ ᠵᠢᠭᠠᠨ ᠲᠣᠭᠲᠠᠭᠠᠬᠤ︾ ᠵᠡᠷᠭᠡ ᠡᠶᠡᠳᠡᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠬᠠᠶ ᠶᠢᠨ ᠬᠥᠮᠦᠨ ᠢ ᠨᠢ ᠬᠥᠲᠥᠯᠦᠨ ᠵᠢᠯᠣᠭᠤᠳᠴᠤ ᠪᠠᠶᠢᠭᠠᠳ ᠰᠠᠶᠢᠨ ᠳᠤᠷ᠎ᠠ ᠠᠴᠠ ᠪᠠᠨ ᠵᠥᠪᠳᠡᠯᠴᠡᠬᠦ ᠪᠠᠷ ᠳᠠᠮᠵᠢᠭᠤᠯᠤᠨ ᠵᠢᠭᠤᠷᠠᠯᠳᠤᠭᠠᠨ ᠢ ᠨᠢ ᠰᠢᠢᠳᠪᠦᠷᠢᠯᠡᠵᠦ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠠ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠬᠡᠷᠡᠭᠳᠡᠢ᠃      ︵ᠶᠢᠰᠦ︶ ᠲᠣᠭᠲᠠᠭᠠᠯ ᠠᠴᠠ ᠵᠥᠷᠢᠴᠡᠨ ᠡᠵᠡᠩᠨᠡᠬᠦ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠭᠡᠷᠡᠴᠢ ᠦᠨᠡᠮᠯᠡᠯ ᠥᠬᠡᠶ ᠪᠠᠷ ᠨᠠᠰᠤᠵᠢᠯ ᠤᠨ ᠦᠢᠯᠡᠴᠢᠯᠡᠭᠡ ᠬᠢᠵᠦ ᠪᠠᠶᠢᠭ᠎ᠠ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠬᠠᠤᠯᠢ ᠶᠣᠰᠣᠭᠠᠷ ᠡᠵᠡᠩᠨᠡᠯᠲᠡ ᠶᠢᠨ ᠦᠨᠡᠮᠯᠡᠯ ᠣᠯᠤᠭᠰᠠᠨ ᠥᠬᠡᠶ ᠪᠠᠶᠢᠭᠠᠳ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠨᠡᠷ᠎ᠡ ᠪᠠᠷ ᠨᠠᠰᠤᠵᠢᠯ ᠤᠨ ᠦᠢᠯᠡᠴᠢᠯᠡᠭᠡᠨ ᠤ ᠠᠵᠢᠯᠯᠠᠭ᠎ᠠ ᠬᠢᠭᠰᠡᠨ ᠪᠠᠶᠢᠪᠠᠯ᠂ ︽ᠭᠡᠷᠡᠴᠢ ᠦᠨᠡᠮᠯᠡᠯ ᠥᠬᠡᠶ ᠪᠠᠷ ᠡᠵᠡᠩᠨᠡᠬᠦ ᠶᠢ ᠪᠠᠶᠢᠴᠠᠭᠠᠨ ᠰᠢᠢᠳᠪᠦᠷᠢᠯᠡᠬᠦ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠳᠡᠢ︔ ᠳᠠᠩᠰᠠᠯᠠᠭᠤᠯᠵᠦ ᠲᠡᠮᠳᠡᠭᠯᠡᠬᠦᠯᠦᠭᠰᠡᠨ ᠥᠬᠡᠶ ᠪᠠᠷ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠷ᠎ᠡ ᠪᠠᠷ ᠳᠤᠷ᠎ᠠ ᠪᠠᠷ ᠢᠶᠠᠨ ᠨᠠᠰᠤᠵᠢᠯ ᠤᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠦᠭᠰᠡᠨ ᠪᠠᠶᠢᠪᠠᠯ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠳᠡᠢ᠃ ᠠᠷᠠᠳ ᠠᠴᠠ ᠡᠷᠭᠢᠯᠡᠭᠰᠡᠨ ᠠᠰᠢᠭ ᠣᠯᠵᠠᠪᠤᠷᠢ ᠶᠢᠨ ᠪᠤᠰᠤ ᠴᠢᠨᠠᠷᠲᠠᠶ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠠᠴᠠ ᠪᠤᠴᠠᠭᠠᠨ ᠭᠠᠷᠭᠠᠵᠦ ᠡᠳ᠋ ᠬᠥᠷᠥᠩᠭᠡ ᠶᠢ ᠨᠢ ᠰᠢᠢᠳᠪᠦᠷᠢᠯᠡᠬᠦ ᠠᠵᠢᠯᠯᠠᠭ᠎ᠠ ᠳᠤ ᠬᠢᠨᠠᠯᠲᠠ ᠬᠠᠮᠢᠶᠠᠷᠤᠯᠲᠠ ᠬᠢᠬᠦ ᠪᠠᠨ ᠴᠢᠩᠭᠠᠳᠬᠠᠵᠤ᠂ ᠬᠤᠯᠪᠣᠭᠳᠠᠬᠤ ᠬᠠᠷᠢᠴᠠᠭ᠎ᠠ᠂ ᠠᠰᠢᠭ ᠲᠤᠰᠠ ᠬᠦᠷᠭᠡᠬᠦ᠂ ᠳᠣᠲᠣᠭᠠᠳᠤ ᠶᠢᠨ ᠬᠥᠮᠦᠨ ᠨᠢ ᠡᠵᠡᠮᠳᠡᠨ ᠡᠷᠬᠡᠰᠢᠶᠡᠬᠦ ᠵᠡᠷᠭᠡ ᠠᠴᠠ ᠪᠣᠯᠵᠣ ᠡᠳ᠋ ᠬᠥᠷᠥᠩᠭᠡ ᠪᠠᠨ ᠰᠢᠯᠵᠢᠭᠦᠯᠬᠦ ᠠᠴᠠ ᠰᠡᠷᠭᠡᠶᠢᠯᠡᠬᠦ ᠬᠡᠷᠡᠭᠳᠡᠢ᠃      ︵ᠠᠷᠪᠠ︶ ᠨᠠᠰᠣᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠬᠡᠷᠡᠭᠯᠡᠬᠦ ᠭᠠᠵᠠᠷ ᠲᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠡᠯᠡᠳᠬᠡᠮᠵᠢ ᠪᠠ ᠲᠠᠯᠠᠪᠤᠷ ᠭᠠᠵᠠᠷ ᠢ ᠠᠰᠢᠭᠯᠠᠨ ᠨᠠᠰᠤᠵᠢᠯ ᠤᠨ ᠦᠢᠯᠡᠴᠢᠯᠡᠭᠡ ᠯᠦᠭᠡ ᠬᠠᠮᠢᠶ᠎ᠠ ᠥᠬᠡᠶ ᠠᠵᠢᠯᠯᠠᠭ᠎ᠠ ᠥᠷᠨᠢᠭᠦᠯᠬᠦ ᠶᠢ ᠴᠢᠩᠭ᠎ᠠ ᠴᠠᠭᠠᠵᠠᠯᠠᠵᠦ᠂ ᠨᠠᠰᠤᠲᠠᠶᠢᠴᠤᠳ ᠢ ᠮᠡᠬᠡᠯᠡᠨ ᠲᠡᠳᠡᠨ ᠳᠤ ᠡᠯ᠎ᠡ ᠲᠥᠷᠥᠯ ᠤᠨ ᠦᠢᠯᠡᠳᠬᠦᠨ ᠪᠠ ᠦᠢᠯᠡᠴᠢᠯᠡᠭᠡ ᠪᠣᠷᠣᠯᠠᠭᠤᠯᠬᠤ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠳᠡᠢ᠃ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠭᠠᠵᠠᠷ ᠬᠡᠷᠡᠭᠯᠡᠬᠦ ᠨᠢᠭᠡᠴᠢ ᠨᠢ ᠲᠥᠯᠥᠪᠵᠢᠭᠦᠯᠭᠡ ᠳᠤ ᠲᠣᠭᠲᠠᠭᠠᠭᠰᠠᠨ ᠭᠠᠵᠠᠷ ᠰᠢᠷᠣᠶ ᠶᠢᠨ ᠬᠡᠷᠡᠭᠴᠡᠭᠡ ᠶᠢ ᠵᠦᠪᠰᠢᠶᠡᠷᠡᠭᠦᠯᠦᠭᠰᠡᠨ ᠦᠬᠡᠢ ᠪᠠᠷ ᠬᠤᠪᠢᠷᠠᠭᠠᠬᠤ ᠵᠢᠴᠢ ᠠᠰᠢᠭ ᠤᠯᠵᠠᠪᠤᠷᠢ ᠶᠢᠨ ᠪᠤᠰᠤ ᠴᠢᠨᠠᠷᠲᠠᠶ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠰᠢᠯᠵᠢᠭᠦᠯᠦᠨ ᠣᠯᠭᠤᠭᠰᠠᠨ ᠭᠠᠵᠠᠷ ᠰᠢᠷᠣᠶ ᠬᠡᠷᠡᠭᠯᠡᠬᠦ ᠡᠷᠬᠡ ᠪᠠᠨ ᠳᠤᠷ᠎ᠠ ᠪᠠᠷ ᠢᠶᠠᠨ ᠰᠢᠯᠵᠢᠭᠦᠯᠦᠨ ᠬᠤᠳᠠᠯᠳᠤᠨᠨᠰᠠᠨ᠂ ᠲᠦᠷᠢᠶᠡᠰᠦᠯᠡᠭᠦᠯᠦᠭᠰᠡᠨ᠂ ᠪᠠᠷᠢᠴᠠᠭᠠᠯᠬᠠᠰᠠᠨ ᠦᠢᠯᠡ ᠠᠵᠢᠯᠯᠠᠭ᠎ᠠ ᠲᠠᠢ ᠪᠤᠯ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠳᠡᠢ᠃      ︵ᠠᠷᠪᠠᠨ ᠨᠢᠭᠡ︶ ᠭᠡᠨᠡᠳᠲᠡ ᠶᠢᠨ ᠬᠡᠷᠡᠭ ᠢ ᠠᠷᠭᠠᠴᠠᠭᠠᠬᠤ ᠪᠠᠨ ᠴᠢᠩᠭᠠᠳᠬᠠᠬᠤ ᠬᠡᠷᠡᠭᠳᠡᠢ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠵᠦ ᠵᠢᠭᠠᠨ ᠵᠢᠯᠣᠭᠤᠳᠴᠤ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ᠂ ᠰᠡᠷᠡᠮᠵᠢᠯᠡᠭᠦᠯᠵᠦ ᠰᠢᠢᠳᠪᠦᠷᠢᠯᠡᠬᠦ᠂ ᠠᠪᠤᠷᠠᠨ ᠲᠤᠰᠠᠯᠠᠵᠤ ᠰᠡᠷᠭᠦᠭᠡᠬᠦ ᠵᠡᠷᠭᠡ ᠠᠵᠢᠯ ᠤᠨ ᠲᠣᠭᠲᠠᠴᠠ ᠶᠢ ᠱᠠᠯᠠᠪᠳᠠᠨ ᠲᠡᠭᠦᠯᠳᠡᠷᠵᠢᠭᠦᠯᠵᠦ᠂ ᠪᠠᠶᠢᠭᠠᠯᠢ ᠶᠢᠨ ᠭᠠᠮᠰᠢᠭ᠂ ᠠᠳᠡᠯ ᠤᠨ ᠭᠠᠢ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠬᠠᠤᠯᠢ ᠶᠣᠰᠣᠭᠠᠷ ᠲᠣᠭᠲᠠᠭᠠᠵᠤ᠂ ᠴᠢᠬᠤᠯᠠ ᠪᠥᠬᠦᠶ ᠲᠦᠭᠰᠢᠭᠦᠷᠢ ᠮᠡᠳᠡᠭᠡᠯᠡᠬᠦ ᠲᠤᠨᠤᠨᠨᠯᠠᠯ ᠪᠠ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠲᠥᠬᠦᠭᠡᠷᠦᠮᠵᠢ ᠶᠢ ᠳᠣᠭᠢᠷᠠᠭᠤᠯᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯ ᠢᠶᠠᠨ ᠴᠢᠩᠭᠠᠳᠬᠠᠬᠤ ᠬᠡᠷᠡᠭᠲᠡᠶ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠠᠳᠡᠯ ᠤᠨ ᠭᠠᠶ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠵᠡᠷᠭᠡ ᠭᠡᠨᠡᠳᠲᠡ ᠶᠢᠨ ᠬᠡᠷᠡᠭ ᠲᠤ ᠴᠢᠭᠯᠡᠭᠦᠯᠦᠭᠰᠡᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠢᠯ ᠪᠦᠷᠢ ᠨᠠᠭᠠᠳᠣ ᠵᠠᠬ᠎ᠠ ᠳᠤ ᠪᠠᠨ ᠨᠢᠭᠡ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃      ︵ᠠᠷᠪᠠᠨ ᠬᠤᠶᠠᠷ︶ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠢᠨᠠᠯᠲᠠ ᠬᠠᠮᠢᠶᠠᠷᠤᠯᠲᠠ ᠬᠢᠬᠦ ᠪᠠᠨ ᠴᠢᠩᠭᠠᠳᠬᠠᠬᠤ ᠬᠡᠷᠡᠭᠳᠡᠢ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠵᠦ ᠵᠢᠭᠠᠨ ᠵᠢᠯᠣᠭᠤᠳᠴᠤ ᠪᠠᠶᠢᠭᠠᠳ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠪᠠᠨ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠨ᠂ ᠨᠠᠰᠤᠲᠠᠶᠢᠴᠤᠳ ᠲᠤ ᠬᠤᠪᠢ ᠪᠡᠶ᠎ᠡ ᠶᠢᠨ ᠰᠡᠷᠭᠡᠶᠢᠯᠡᠵᠦ ᠬᠠᠮᠠᠭᠠᠯᠠᠬᠤ ᠵᠦᠢᠯ ᠢᠶᠠᠨ ᠰᠠᠢᠳᠣᠷ ᠬᠢᠬᠦ ᠶᠢ ᠵᠢᠭᠠᠨ ᠵᠢᠯᠤᠭᠤᠳᠬᠤ ᠬᠡᠷᠡᠭᠳᠡᠢ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠯᠳᠠᠪᠤᠷᠢᠲᠤ ᠡᠪᠡᠳᠴᠢᠨ ᠬᠡᠨᠡᠳᠲᠡ ᠡᠭᠦᠰᠬᠦ ᠪᠤᠶᠤ ᠳᠡᠯᠬᠡᠷᠡᠬᠦ᠂ ᠰᠢᠯᠲᠠᠭᠠᠨ ᠨᠢ ᠲᠣᠳᠣᠷᠬᠠᠶ ᠦᠭᠡᠶ ᠪᠠᠷ ᠤᠯᠠᠨ ᠭᠦᠮᠦᠨ ᠡᠪᠡᠳᠴᠢᠯᠡᠬᠦ᠂ ᠢᠳᠡᠭᠡᠨ ᠳᠤ ᠬᠤᠣᠷᠳᠠᠭᠳᠠᠭᠰᠠᠨ ᠬᠦᠨᠳᠦ ᠶᠡᠭᠡ ᠬᠡᠷᠡᠭ ᠡᠭᠦᠰᠦᠭᠰᠡᠨ ᠪᠤᠶᠤ ᠡᠭᠦᠰᠬᠦ ᠳᠤ ᠭᠦᠷᠪᠡᠯ᠂ ᠪᠠᠶᠢᠭ᠎ᠠ ᠭᠠᠵᠠᠷ ᠤᠨ ᠢᠶᠠᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠪᠠᠶᠢᠭᠤᠯᠤᠮᠵᠢ ᠪᠠ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠪᠠᠶᠢᠭᠤᠯᠤᠮᠵᠢ ᠶᠢᠨ ᠵᠢᠯᠣᠭᠤᠳᠣᠯᠭ᠎ᠠ ᠳᠣᠤᠷ᠎ᠠ ᠠᠷᠢᠭᠤᠳᠬᠠᠨ ᠰᠢᠢᠳᠪᠦᠷᠢᠯᠡᠬᠦ᠂ ᠲᠤᠰᠠᠭᠠᠷᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠵᠦ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠣᠨ᠂ ᠨᠠᠰᠤᠲᠠᠶᠢᠴᠤᠳ ᠤᠨ ᠪᠡᠶ᠎ᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠳᠣᠯᠠᠬᠤ ᠬᠡᠷᠡᠭᠳᠡᠢ᠃ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ ᠪᠠ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠡᠷᠡᠭᠲᠡᠶ᠃      ᠭᠤᠷᠪᠠ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ      ︵ᠠᠷᠪᠠᠨ ᠭᠤᠷᠪᠠ︶ ᠵᠠᠰᠠᠭ ᠤᠨ ᠣᠷᠳᠣᠨ ᠤ ᠭᠤᠤᠯᠯᠠᠬᠤ ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠳᠡᠢ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠠᠬᠢ ᠲᠤᠬᠠᠶᠢᠯᠠᠭᠰᠠᠨ ᠠᠵᠢᠯ ᠤᠨ ᠵᠢᠭᠠᠨ ᠵᠢᠯᠣᠭᠤᠳᠣᠯᠭ᠎ᠠ ᠪᠠ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠲᠣᠭᠲᠠᠭᠠᠯ ᠶᠣᠰᠣᠭᠠᠷ ᠭᠦᠢᠴᠡᠳᠬᠡᠵᠦ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠨᠠᠷᠢᠨ ᠬᠠᠭᠤᠳᠠᠰᠤ ᠶᠢ ᠲᠣᠭᠲᠠᠭᠠᠨ᠂ ᠬᠢᠨᠠᠨ ᠬᠠᠮᠢᠶᠠᠷᠬᠤ ᠵᠦᠢᠯᠡᠰ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ᠂ ᠬᠢᠨᠠᠨ ᠬᠠᠮᠢᠶᠠᠷᠬᠤ ᠦᠨᠳᠦᠰᠦᠯᠡᠯ᠂ ᠬᠢᠨᠠᠨ ᠬᠠᠮᠢᠶᠠᠷᠬᠤ ᠴᠤᠪᠤᠷᠠᠯ ᠢ ᠲᠣᠳᠣᠷᠬᠠᠶᠢᠯᠠᠵᠤ᠂ ᠨᠠᠷᠢᠨ ᠬᠠᠭᠤᠳᠠᠰᠤᠨ ᠤ ᠮᠠᠶ᠋ᠢᠭ ᠢᠶᠠᠷ ᠬᠢᠨᠠᠯᠲᠠ ᠬᠠᠮᠢᠶᠠᠷᠤᠯᠲᠠ ᠪᠠᠨ ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠦᠷ᠎ᠡ ᠳ᠋ᠦᠩ ᠢᠶᠠᠨ ᠴᠠᠭ ᠲᠤᠬᠠᠶ ᠳᠤ ᠨᠢ ᠨᠡᠶᠢᠭᠡᠮ ᠳᠤ ᠢᠯᠡ ᠪᠣᠯᠭᠠᠬᠤ ᠬᠡᠷᠡᠭᠲᠡᠶ᠃      ︵ᠠᠷᠪᠠᠨ ᠳᠥᠷᠪᠡ︶ ᠪᠠᠶᠢᠭᠤᠯᠤᠮᠵᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠳᠡᠢ᠃ ᠨᠠᠮ ᠤᠨ ᠪᠠᠶᠢᠭᠤᠯᠤᠯᠲᠠ ᠶᠢᠨ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠭᠤᠯᠪᠠᠰᠤ ᠵᠤᠬᠢᠬᠤ ᠪᠦᠬᠦᠨ ᠳᠤ ᠴᠦᠮ ᠪᠠᠶᠢᠭᠤᠯᠬᠤ ᠵᠠᠷᠴᠢᠮ ᠶᠣᠰᠣᠭᠠᠷ ᠨᠥᠬᠦᠴᠡᠯ ᠳᠤ ᠨᠡᠶᠢᠴᠡᠭᠰᠡᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠠᠮ ᠤᠨ ᠵᠣᠬᠢᠶᠠᠨ ᠪᠠᠶᠢᠭᠤᠯᠤᠯᠲᠠ ᠪᠠᠨ ᠱᠠᠯᠠᠪᠳᠠᠨ ᠪᠠᠶᠢᠭᠤᠯᠬᠤ ᠶᠢ ᠵᠢᠭᠠᠨ ᠵᠢᠯᠤᠭᠤᠳᠴᠤ᠂ 2021 ᠣᠨ ᠤ ᠰᠡᠭᠦᠯᠴᠢ ᠪᠣᠯᠬᠤ ᠳᠤ ᠨᠥᠬᠦᠴᠡᠯ ᠳᠤ ᠨᠡᠶᠢᠴᠡᠭᠰᠡᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠦᠬᠦᠨ ᠳᠤ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠬᠤ ᠪᠠᠷ ᠭᠦᠴᠦᠯᠡᠨ ᠴᠢᠷᠮᠠᠶᠢᠬᠤ ᠬᠡᠷᠡᠭᠳᠡᠢ᠃ ᠲᠠᠰᠢᠷᠠᠮ ᠢᠶᠠᠷ ᠰᠤᠭᠤᠴᠢᠨ ᠪᠠᠶᠢᠴᠠᠭᠠᠬᠤ᠂ ᠤᠲᠠᠰᠤ ᠪᠠᠷ ᠳᠠᠭᠠᠵᠤ ᠰᠤᠷᠪᠤᠯᠵᠢᠯᠠᠬᠤ᠂ ᠪᠢᠴᠢᠭ ᠢᠶᠠᠷ ᠮᠡᠳᠡᠭᠳᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠵᠢᠯᠣᠭᠤᠳᠴᠤ ᠪᠠᠶᠢᠭᠠᠳ ᠬᠠᠤᠯᠢ ᠶᠣᠰᠣᠭᠠᠷ ᠳᠠᠩᠰᠠᠯᠠᠨ ᠲᠡᠮᠳᠡᠭᠯᠡᠬᠦ᠂ ᠪᠦᠷᠢᠳᠬᠡᠨ ᠲᠠᠩᠰᠠᠯᠠᠭᠤᠯᠵᠦ ᠠᠮᠠᠯᠠᠬᠤ᠂ ᠦᠢᠯᠡᠴᠢᠯᠡᠭᠡ ᠪᠠᠨ ᠭᠦᠢᠴᠡᠳᠬᠡᠬᠦ᠂ ᠶᠠᠰᠤ ᠴᠢᠨᠠᠷ ᠤᠨ ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠵᠡᠷᠭᠡ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠡᠮ ᠰᠣᠭᠤᠭ ᠢ ᠦᠪᠡᠰᠦᠪᠡᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠬᠦᠯᠵᠦ᠂ ᠲᠦᠭᠰᠢᠭᠦᠷᠢ ᠶᠢᠨ ᠬᠡᠮ ᠰᠣᠭᠤᠭ ᠢ ᠴᠠᠭ ᠲᠤᠬᠠᠶ ᠳᠤ ᠨᠢ ᠠᠷᠢᠯᠭᠠᠨ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ ᠨᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃      ︵ᠠᠷᠪᠠᠨ ᠲᠠᠪᠤ︶ ᠠᠵᠢᠯ ᠲᠥᠷᠥᠯ ᠤᠨ ᠬᠢᠨ ᠤ ᠥᠪᠡᠷ ᠢ ᠪᠠᠨ ᠱᠠᠭᠠᠷᠳᠠᠬᠤ ᠶᠢ ᠴᠢᠩᠭᠠᠷᠠᠭᠤᠯᠬᠤ ᠬᠡᠷᠡᠭᠲᠡᠶ᠃ ᠠᠵᠢᠯ ᠲᠥᠷᠥᠯ ᠤᠨ ᠢᠲᠡᠭᠡᠮᠵᠢ ᠶᠢᠨ ᠠᠮᠠᠯᠠᠯᠲᠠ ᠬᠢᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ 2021 ᠣᠨ ᠤ ᠰᠡᠭᠦᠯᠴᠢ ᠠᠴᠠ ᠡᠮᠦᠨ᠎ᠡ ᠪᠥᠬᠦ ᠣᠷᠣᠨ ᠤ ᠨᠠᠰᠤᠵᠢᠯ ᠤᠨ ᠦᠢᠯᠡᠴᠢᠯᠡᠭᠡᠨ ᠤ ᠠᠵᠢᠯ ᠲᠥᠷᠥᠯ ᠤᠨ ᠨᠡᠶᠢᠭᠡᠮᠯᠢᠭ ᠲᠤ ᠠᠵᠢᠯ ᠲᠥᠷᠥᠯ ᠤᠨ ᠢᠲᠡᠭᠡᠮᠵᠢ ᠶᠢᠨ ᠠᠮᠠᠯᠠᠯᠲᠠ ᠬᠢᠬᠦ ᠲᠦᠷᠢᠮ ᠭᠠᠷᠭᠠᠬᠤ ᠶᠢ ᠠᠬᠢᠭᠤᠯᠬᠤ ᠬᠡᠷᠡᠭᠳᠡᠢ᠃ ᠨᠠᠰᠤᠵᠢᠯ ᠤᠨ ᠦᠢᠯᠡᠴᠢᠯᠡᠭᠡᠨ ᠤ ᠠᠵᠢᠯ ᠲᠥᠷᠥᠯ ᠤᠨ ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠲᠥᠷᠥᠯ ᠤᠨ ᠶᠣᠰᠣ ᠮᠣᠷᠠᠯ ᠤᠨ ᠪᠠᠷᠢᠮᠵᠢᠶ᠎ᠠ ᠶᠢ ᠲᠣᠭᠲᠠᠭᠠᠨ᠂ ᠠᠵᠢᠯ ᠡᠷᠭᠢᠯᠡᠭᠰᠡᠳ ᠤᠨ ᠠᠵᠢᠯ ᠮᠡᠷᠭᠡᠵᠢᠯ ᠤᠨ ᠠᠵᠢᠯᠯᠠᠭ᠎ᠠ ᠶᠢ ᠵᠢᠷᠤᠮᠵᠢᠭᠤᠯᠵᠤ᠂ ᠠᠵᠢᠯ ᠲᠥᠷᠥᠯ ᠤᠨ ᠬᠢᠨ ᠤ ᠥᠪᠡᠷ ᠢ ᠪᠠᠨ ᠱᠠᠭᠠᠷᠳᠠᠬᠤ ᠪᠠᠶᠢᠭᠤᠯᠤᠯᠲᠠ ᠶᠢ ᠲᠦᠷᠬᠡᠬᠡᠨ ᠠᠬᠢᠭᠤᠯᠬᠤ ᠬᠡᠷᠡᠭᠳᠡᠢ᠃ ᠠᠵᠢᠯ ᠲᠥᠷᠥᠯ ᠤᠨ ᠨᠡᠶᠢᠭᠡᠮᠯᠢᠭ ᠢᠶᠠᠷ ᠲᠦᠷᠦᠭᠦᠯᠡᠭᠦᠯᠦᠨ᠂ ᠭᠤᠷᠪᠠᠨ ᠣᠳᠣᠨ ᠲᠠᠰ ᠤᠨ ᠵᠢᠴᠢ ᠲᠡᠭᠦᠨ ᠠᠴᠠ ᠳᠡᠭᠡᠭᠰᠢᠬᠢ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠦ ᠠᠵᠢᠯ ᠲᠥᠷᠥᠯ ᠤᠨ ᠬᠤᠭᠤᠷᠣᠨᠳᠣᠬᠢ ᠬᠢᠨᠠᠯᠲᠠ ᠲᠠᠯᠪᠢᠵᠤ ᠵᠢᠭᠠᠨ ᠵᠢᠯᠣᠭᠤᠳᠬᠤ ᠠᠵᠢᠯᠯᠠᠭ᠎ᠠ ᠶᠢ ᠥᠷᠨᠢᠭᠦᠯᠵᠦ᠂ ᠣᠳᠣᠨ ᠲᠠᠰ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠵᠢᠱᠢᠶ᠎ᠡ ᠦᠵᠡᠬᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠶ᠃ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠤᠨ ᠮᠡᠳᠡᠭᠡ ᠵᠠᠩᠭᠢ ᠶᠢ ᠢᠯᠡ ᠪᠣᠯᠭᠠᠬᠤ ᠨᠠᠷᠢᠨ ᠬᠠᠭᠤᠳᠠᠰᠤᠨ ᠤ ᠲᠦᠷᠢᠮ ᠢ ᠪᠠᠶᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠦᠨᠳᠦᠰᠦᠨ ᠮᠡᠳᠡᠭᠡ ᠵᠠᠩᠭᠢ᠂ ᠲᠣᠭᠲᠠᠭᠠᠯ ᠲᠦᠷᠢᠮ᠂ ᠦᠢᠯᠡᠴᠢᠯᠡᠭᠡᠨ ᠤ ᠲᠥᠷᠥᠯ ᠵᠦᠢᠯ᠂ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠵᠦᠢᠯᠡᠰ ᠢ ᠨᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠵᠦ᠂ ᠣᠯᠠᠨ ᠲᠦᠮᠡᠨ ᠤ ᠬᠢᠨᠠᠯᠲᠠ ᠲᠠᠯᠪᠢᠯᠲᠠ ᠶᠢ ᠭᠦᠯᠢᠶᠡᠬᠦ ᠬᠡᠷᠡᠭᠳᠡᠢ᠃      ᠳᠥᠷᠪᠡ᠂ ᠬᠢᠨᠠᠨ ᠬᠠᠮᠢᠶᠠᠷᠬᠤ ᠠᠷᠭ᠎ᠠ ᠮᠠᠶ᠋ᠢᠭ ᠲᠤ ᠲᠠᠰᠤᠷᠠᠯᠲᠠ ᠥᠬᠡᠶ ᠰᠢᠨ᠎ᠡ ᠶᠢ ᠡᠭᠦᠳᠬᠦ ᠬᠡᠷᠡᠭᠲᠡᠶ      ︵ᠠᠷᠪᠠᠨ ᠵᠢᠷᠭᠤᠭ᠎ᠠ︶ ᠬᠠᠮᠵᠢᠯᠴᠠᠵᠦ ᠬᠢᠨᠠᠨ ᠬᠠᠮᠢᠶᠠᠷᠬᠤ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠳᠡᠢ᠃ ᠡᠯ᠎ᠡ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ ᠲᠦᠷᠢᠮ ᠳᠤ ᠲᠦᠰᠢᠭᠯᠡᠵᠦ᠂ ᠰᠠᠯᠠᠭ᠎ᠠ ᠮᠥᠴᠢᠷ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠲᠠᠯᠪᠢᠵᠤ ᠪᠠᠶᠢᠴᠠᠭᠠᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠪᠳᠡᠷᠡᠬᠦᠯᠦᠨ ᠮᠡᠳᠡᠬᠡᠯᠡᠵᠦ᠂ ᠬᠢᠨᠠᠯᠲᠠ ᠬᠠᠮᠢᠶᠠᠷᠤᠯᠲᠠ ᠶᠢᠨ ᠠᠵᠢᠯ ᠤᠨ ᠶᠠᠪᠤᠴᠠ ᠳᠠᠬᠢ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠬᠠᠮᠳᠤ ᠪᠠᠷ ᠰᠤᠳᠤᠯᠤᠨ ᠰᠢᠢᠳᠪᠦᠷᠢᠯᠡᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠷᠠᠭᠤᠯᠬᠤ ᠬᠡᠷᠡᠭᠳᠡᠢ᠃ ︽ᠬᠤᠶᠠᠷ ᠢ ᠳᠠᠰᠢᠷᠠᠮ ᠢᠶᠠᠷ ᠰᠤᠭᠤᠴᠢᠵᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠᠷ ᠦᠨᠳᠦᠰᠦᠨ ᠠᠷᠭ᠎ᠠ ᠪᠠᠷᠢᠯ ᠪᠣᠯᠭᠠᠭᠰᠠᠨ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠪᠠᠷ ᠨᠥᠬᠦᠪᠥᠷᠢ ᠪᠣᠯᠭᠠᠭᠰᠠᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ ᠮᠠᠶ᠋ᠢᠭ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠳᠡᠢ᠃ ᠤᠯᠤᠰ ᠠᠴᠠ ᠲᠣᠭᠲᠠᠭᠠᠭᠰᠠᠨ ︽ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠤᠤᠯᠳᠠᠯᠭ᠎ᠠ ᠲᠠᠢ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ︾ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠤᠬᠢᠶᠠᠬᠤ ᠬᠡᠷᠡᠭᠳᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠡᠩᠰᠡᠯᠡᠨ ᠲᠡᠮᠳᠡᠭᠯᠡᠵᠦ ᠬᠠᠮᠢᠶᠠᠷᠬᠤ ᠪᠠᠶᠢᠭᠤᠯᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠵᠢᠯ ᠦᠢᠯᠡᠰ ᠤᠨ ᠨᠢᠭᠡᠴᠢ ᠶᠢᠨ ᠳᠡᠩᠰᠡᠯᠡᠨ ᠲᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ ᠤᠨ ᠳᠠᠩᠰᠠᠯᠠᠨ ᠲᠡᠮᠳᠡᠭᠯᠡᠭᠰᠡᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢ ᠶᠢ ᠦᠨᠳᠦᠰᠦᠯᠡᠨ᠂ ᠪᠥᠬᠦ ᠣᠷᠣᠨ ᠤ ᠪᠠᠶᠢᠴᠠᠭᠠᠨᠨᠳᠠᠬᠤ ᠡᠲᠡᠭᠡᠳ ᠤᠨ ᠨᠡᠷᠡᠰ ᠤᠨ ᠨᠢᠭᠡᠳᠦᠯᠲᠡᠶ ᠬᠥᠮᠥᠷᠭᠡ ᠶᠢ ᠪᠠᠶᠢᠭᠤᠯᠬᠤ ᠶᠢᠨ ᠬᠠᠮᠲᠤ᠂ ᠡᠯ᠎ᠡ ᠳᠡᠩᠰᠡᠯᠡᠨ ᠲᠡᠮᠳᠡᠭᠯᠡᠵᠦ ᠬᠠᠮᠢᠶᠠᠷᠬᠤ ᠪᠠᠶᠢᠭᠤᠯᠤᠮᠵᠢ ᠯᠤᠭ᠎ᠠ ᠳ᠋ᠠᠶᠢᠲ᠋ᠠ ᠳᠠᠮᠵᠢᠭᠤᠯᠣᠨ ᠬᠦᠷᠭᠡᠵᠦ ᠬᠠᠮᠳᠤ ᠳᠤ ᠪᠠᠨ ᠭᠦᠷᠲᠡᠭᠦ ᠠᠵᠢᠯ ᠢ ᠴᠠᠭ ᠲᠤᠬᠠᠶ ᠳᠤ ᠨᠢ ᠰᠠᠶᠢᠲᠤᠷ ᠬᠢᠵᠦ᠂ ᠬᠥᠳᠡᠯᠦᠩᠭᠦᠶ ᠪᠠᠷ ᠰᠢᠨᠡᠳᠬᠡᠬᠦ ᠶᠢ ᠪᠡᠶᠡᠯᠡᠭᠦᠯᠬᠦ ᠬᠡᠷᠡᠭᠲᠡᠶ︔ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠵᠦ ᠪᠠᠶᠢᠴᠠᠭᠠᠬᠤ ᠠᠵᠢᠯᠲᠠᠨ ᠤ ᠨᠡᠷᠡᠰ ᠤᠨ ᠬᠥᠮᠥᠷᠭᠡ ᠶᠢ ᠪᠠᠶᠢᠭᠤᠯᠬᠤ ᠬᠡᠷᠡᠭᠲᠡᠶ︔ ᠣᠨ ᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠪᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠭᠤᠴᠢᠨ ᠪᠠᠶᠢᠴᠠᠭᠠᠬᠤ ᠬᠠᠷᠢᠴᠠᠯ ᠢ ᠲᠤᠳᠤᠷᠬᠠᠢ ᠲᠤᠨᠨᠳᠠᠭᠠᠵᠦ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠥᠪᠥᠷ ᠮᠣᠩᠭᠤᠯ︶᠂ ︽ᠬᠤᠶᠠᠷ ᠢ ᠲᠠᠰᠢᠷᠠᠮ ᠢᠶᠠᠷ ᠰᠤᠭᠤᠴᠢᠵᠦ᠂ ᠨᠢᠭᠡ ᠶᠢ ᠢᠯᠡ ᠪᠣᠯᠭᠠᠬᠤ︾ ᠭᠠᠯ ᠰᠡᠷᠭᠡᠶᠢᠯᠡᠨ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠪᠠ ᠰᠠᠯᠠᠭ᠎ᠠ ᠮᠥᠴᠢᠷ ᠤᠨ ᠰᠦᠯᠵᠢᠶᠡᠨ ᠥᠷᠲᠡᠭᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠢᠯᠡ ᠨᠡᠶᠢᠲᠡᠯᠡᠬᠦ ᠶᠢᠨ ᠬᠠᠮᠲᠤ᠂ ᠡᠨᠡ ᠬᠦ ᠦᠷ᠎ᠡ ᠳ᠋ᠦᠩ ᠢᠶᠠᠨ ᠵᠣᠬᠢᠬᠤ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠷ᠎ᠡ ᠶᠢᠨ ᠬᠠᠷᠢᠶᠠᠨ ᠳᠤ ᠴᠠᠭ ᠲᠤᠬᠠᠶ ᠳᠤ ᠨᠢ ᠴᠣᠨᠨᠯᠠᠭᠤᠯᠣᠨ ᠨᠡᠶᠢᠯᠡᠬᠦᠯᠬᠦ ᠬᠡᠷᠡᠭᠲᠡᠶ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠳᠠᠮᠵᠢᠭᠤᠯᠤᠨ ᠨᠠᠰᠤᠵᠢᠯ ᠤᠨ ᠦᠢᠯᠡᠴᠢᠯᠡᠭᠡᠨ ᠤ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠨ᠂ ᠵᠠᠭᠠᠯᠳᠤᠯᠭ᠎ᠠ ᠶᠢᠨ ᠰᠦᠪᠡᠭᠴᠢ ᠶᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠣᠰᠣᠭᠠᠷ ᠰᠠᠯᠭᠠᠨ ᠭᠦᠢᠴᠡᠳᠬᠡᠬᠦ ᠪᠤᠶᠤ ᠰᠢᠯᠵᠢᠭᠦᠯᠦᠨ ᠭᠦᠢᠴᠡᠳᠬᠡᠬᠦ ᠬᠡᠷᠡᠭᠳᠡᠢ᠃      ︵ᠠᠷᠪᠠᠨ ᠳᠣᠯᠤᠭ᠎ᠠ︶ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠳᠡᠢ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠠᠮᠠᠯᠠᠯᠲᠠ ᠬᠢᠬᠦ ᠪᠠᠨ ᠪᠦᠷᠢᠳᠬᠡᠨ ᠳᠠᠩᠰᠠᠯᠠᠭᠤᠯᠬᠤ ᠲᠦᠷᠢᠮ ᠢ ᠲᠦᠷᠬᠡᠬᠡᠨ ᠪᠠᠶᠢᠭᠤᠯᠵᠤ᠂ ᠪᠦᠷᠢᠳᠬᠡᠨ ᠳᠠᠩᠰᠠᠯᠠᠭᠤᠯᠬᠤ ᠪᠠᠷ ᠭᠤᠶᠤᠴᠢᠯᠠᠭᠴᠢ ᠶᠢᠨ ᠬᠢᠨ ᠤ ᠨᠠᠰᠤᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠨᠢ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠠᠵᠢᠯᠯᠠᠭᠠᠨ ᠤ ᠪᠠᠷᠢᠮᠵᠢᠶ᠎ᠠ ᠶᠣᠰᠣᠭᠠᠷ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠬᠦ ᠪᠠᠷ ᠪᠢᠴᠢᠭᠯᠡᠭᠰᠡᠨ ᠠᠮᠠᠯᠠᠯᠲᠠ ᠪᠠᠨ ᠨᠡᠶᠢᠭᠡᠮ ᠳᠤ ᠢᠯᠡ ᠪᠣᠯᠭᠠᠬᠤ ᠶᠢ ᠠᠬᠢᠭᠤᠯᠵᠤ᠂ ᠪᠢᠴᠢᠭᠯᠡᠭᠰᠡᠨ ᠠᠮᠠᠯᠠᠯᠲᠠ ᠪᠠᠨ ᠭᠦᠢᠴᠡᠳᠬᠡᠭᠰᠡᠨ ᠪᠠᠶᠢᠳᠠᠯ ᠢ ᠢᠲᠡᠭᠡᠮᠵᠢ ᠶᠢᠨ ᠲᠡᠮᠳᠡᠭᠯᠡᠯ ᠳᠤ ᠨᠢ ᠣᠷᠣᠭᠤᠯᠬᠤ ᠬᠡᠷᠡᠭᠲᠡᠶ᠃ ᠨᠠᠰᠤᠵᠢᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠲᠡᠮᠳᠡᠭᠯᠡᠯ ᠢ ᠪᠠᠶᠢᠭᠤᠯᠵᠤ᠂ ︽ᠢᠳᠡᠬᠡᠮᠵᠢᠳᠦ ᠳᠤᠮᠳᠠᠳᠤ ᠤᠯᠤᠰ︾ ︵ᠥᠪᠥᠷ ᠮᠣᠩᠭᠤᠯ︶ ᠤᠨ ᠰᠦᠯᠵᠢᠶᠡᠨ ᠥᠷᠲᠡᠭᠡ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠥᠪᠥᠷ ᠮᠣᠩᠭᠤᠯ︶ ᠪᠤᠶᠤ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠦᠯᠵᠢᠶᠡᠨ ᠥᠷᠲᠡᠭᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠬᠠᠤᠯᠢ ᠲᠣᠭᠲᠠᠭᠠᠯ ᠶᠣᠰᠣᠭᠠᠷ ᠨᠡᠶᠢᠭᠡᠮ ᠳᠤ ᠢᠯᠡ ᠪᠣᠯᠭᠠᠵᠤ᠂ ᠨᠡᠶᠢᠭᠡᠮ ᠤᠨ ᠬᠢᠨ ᠤ ᠬᠢᠨᠠᠯᠲᠠ ᠲᠠᠯᠪᠢᠯᠲᠠ ᠶᠢ ᠭᠦᠯᠢᠶᠡᠬᠦ ᠬᠡᠷᠡᠭᠳᠡᠢ᠃      ︵ᠠᠷᠪᠠᠨ ᠨᠠᠢᠮᠠ︶ ᠮᠡᠳᠡᠭᠡ ᠵᠠᠩᠭᠢ ᠶᠢ ᠬᠠᠮᠳᠤ ᠳᠤ ᠪᠠᠨ ᠭᠥᠷᠳᠡᠬᠦ ᠶᠢ ᠲᠦᠷᠬᠡᠬᠡᠨ ᠠᠬᠢᠭᠤᠯᠬᠤ ᠬᠡᠷᠡᠭᠳᠡᠢ᠃ ᠪᠥᠬᠦ ᠣᠷᠣᠨ ᠤ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ 2021 ᠣᠨ ᠤ 9 ᠳ᠋ᠣᠬᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ ᠣᠷᠣᠨ ᠤ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠦᠭᠦᠨ ᠤ ᠦᠨᠳᠦᠰᠦᠨ ᠮᠡᠳᠡᠭᠡ ᠵᠠᠩᠭᠢ᠂ ᠪᠦᠷᠢᠳᠬᠡᠨ ᠳᠠᠩᠰᠠᠯᠠᠭᠤᠯᠤᠯ᠂ ᠡᠵᠡᠩᠨᠡᠨ ᠠᠵᠢᠯᠯᠠᠭᠤᠯᠬᠤ ᠬᠠᠮᠢᠶᠠᠷᠤᠯᠲᠠ ᠶᠢᠨ ᠪᠠᠶᠢᠳᠠᠯ᠂ ᠠᠮᠤᠷ ᠲᠦᠪᠰᠢᠨ ᠤ ᠬᠠᠮᠢᠶᠠᠷᠤᠯᠲᠠ᠂ ᠨᠡᠮᠡᠭᠦᠷᠢ ᠶᠢᠨ ᠪᠠᠯᠠ ᠮᠥᠩᠭᠦ᠂ ᠠᠵᠢᠯ ᠡᠷᠭᠢᠯᠡᠭᠰᠡᠳ ᠵᠡᠷᠬᠡ ᠶᠢᠨ ᠮᠡᠳᠡᠭᠡ ᠵᠠᠩᠭᠢ ᠶᠢ ᠬᠤᠷᠢᠶᠡᠨ ᠴᠤᠭᠯᠠᠭᠤᠯᠵᠤ ᠰᠢᠩᠬᠡᠬᠡᠨ ᠲᠡᠮᠳᠡᠭᠯᠡᠬᠦ ᠠᠵᠢᠯ ᠢ ᠪᠡᠶᠡᠯᠡᠭᠦᠯᠵᠦ᠂ ᠠᠷᠠᠳ ᠤᠨ ᠶᠠᠪᠤᠳᠠᠯ ᠤᠨ ᠶᠠᠮᠤᠨ ᠤ ︽ᠠᠷᠠᠳ ᠤᠨ ᠶᠠᠪᠣᠳᠠᠯ ᠤᠨ ᠠᠯᠲᠠᠨ ᠢᠨᠵᠧᠨᠧᠷᠢᠩ︾ ᠯᠤᠭ᠎ᠠ ᠳ᠋ᠠᠶᠢᠲ᠋ᠠ ᠪᠠᠨ ᠰᠣᠯᠢᠯᠴᠠᠬᠤ ᠠᠵᠢᠯ ᠢ ᠰᠠᠶᠢᠲᠤᠷ ᠬᠢᠬᠦ ᠬᠡᠷᠡᠭᠳᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ᠂ ᠳᠣᠲᠣᠭᠠᠳᠤ ᠶᠢ ᠬᠠᠮᠠᠭᠠᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠯᠦᠭᠡ ᠮᠡᠳᠡᠭᠡ ᠵᠠᠩᠭᠢ ᠶᠢ ᠬᠠᠮᠳᠤ ᠳᠤ ᠪᠠᠨ ᠭᠦᠷᠲᠡᠬᠦ ᠶᠢ ᠠᠬᠢᠭᠤᠯᠬᠤ ᠬᠡᠷᠡᠭᠳᠡᠢ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠷᠢᠳᠬᠡᠨ ᠳᠠᠩᠰᠠᠯᠠᠭᠤᠯᠤᠯ᠂ ᠰᠣᠭᠤᠴᠢᠨ ᠪᠠᠶᠢᠴᠠᠭᠠᠭᠰᠠᠨ ᠦᠷ᠎ᠡ ᠳ᠋ᠦᠩ᠂ ᠵᠠᠰᠠᠭ ᠵᠠᠬᠢᠷᠭᠠᠨ ᠤ ᠰᠢᠢᠳᠬᠡᠯ ᠲᠤᠷᠭᠠᠭᠤᠯᠢ᠂ ᠱᠠᠩᠨᠠᠵᠤ ᠵᠠᠯᠬᠠᠭᠠᠨᠨᠰᠠᠨ ᠪᠠᠶᠢᠳᠠᠯ ᠵᠡᠷᠭᠡ ᠮᠡᠳᠡᠭᠡ ᠵᠠᠩᠭᠢ ᠶᠢ ᠨᠢ ᠡᠵᠡᠩᠨᠡᠯᠲᠡ ᠶᠢᠨ ᠰᠢᠨᠵᠢ ᠴᠢᠨᠠᠷ ᠢ ᠦᠨᠳᠦᠰᠦᠯᠡᠨ ᠲᠣᠰ ᠲᠣᠰ ᠳᠤᠮᠳᠠᠳᠤ ᠤᠯᠤᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠥᠪᠥᠷ ᠮᠣᠩᠭᠤᠯ︶᠂ ᠠᠵᠢᠯ ᠦᠢᠯᠡᠰ ᠤᠨ ᠨᠢᠭᠡᠴᠢ ᠶᠢᠨ ᠰᠦᠯᠵᠢᠶᠡᠨ ᠳᠤ ᠢᠯᠡ ᠨᠡᠶᠢᠲᠡᠯᠡᠵᠦ᠂ ᠭᠠᠵᠠᠷ ᠣᠷᠣᠨ ᠠᠯᠤᠰᠯᠠᠨ ᠨᠡᠪᠲᠡᠷᠡᠯᠴᠡᠵᠦ ᠮᠡᠳᠡᠷᠡᠬᠦ᠂ ᠮᠡᠳᠡᠭᠡ ᠵᠠᠩᠭᠢ ᠶᠢ ᠨᠢᠭᠡ ᠦᠷᠳᠡᠬᠡᠴᠢᠯᠡᠭᠰᠡᠨ ᠮᠠᠶ᠋ᠢᠭ ᠢᠶᠠᠷ ᠪᠠᠶᠢᠴᠠᠭᠠᠨ ᠯᠠᠪᠯᠠᠬᠤ ᠪᠠ ᠶᠡᠷᠦᠩᠬᠡᠶᠢᠯᠡᠨ ᠬᠢᠨᠠᠨ ᠬᠠᠮᠢᠶᠠᠷᠬᠤ ᠶᠢᠨ ︽ᠨᠢᠬᠡᠳᠪᠦᠷᠢ ᠰᠦᠯᠵᠢᠶ᠎ᠡ︾ ᠶᠢ ᠠᠯᠬᠤᠮ ᠠᠯᠬᠤᠮ ᠢᠶᠠᠷ ᠪᠡᠶᠡᠯᠡᠬᠦᠯᠬᠦ ᠬᠡᠷᠡᠭᠳᠡᠢ᠃      ︵ᠠᠷᠪᠠ ᠶᠢᠰᠦ︶ ᠪᠠᠷᠢᠮᠵᠢᠶ᠎ᠡ ᠪᠠ ᠲᠥᠯᠥᠪᠵᠢᠭᠦᠯᠭᠡ ᠪᠠᠷ ᠵᠢᠱᠢᠶ᠎ᠡ ᠦᠵᠡᠬᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠳᠡᠢ᠃ ︽ᠨᠠᠰᠤᠵᠢᠯ ᠤᠨ ᠪᠠᠶᠢᠭᠤᠯᠤᠮᠵᠢ ᠶᠢᠨ ᠵᠡᠷᠭᠡ ᠳᠡᠰ ᠢ ᠬᠤᠪᠢᠶᠠᠷᠢᠯᠠᠬᠤ ᠪᠠ ᠦᠨᠡᠯᠡᠨ ᠲᠣᠭᠲᠠᠭᠠᠬᠤ︾ ᠤᠯᠤᠰ ᠤᠨ ᠪᠠᠷᠢᠮᠵᠢᠶ᠎ᠠ ᠶᠢ ᠦᠨᠳᠦᠰᠦᠯᠡᠨ᠂ ᠨᠠᠰᠤᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠶᠢᠨ ᠵᠡᠷᠭᠡ ᠳᠡᠰ ᠢ ᠨᠢ ᠦᠨᠡᠯᠡᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ ᠨᠢ ᠤᠯᠠᠮ ᠨᠢᠭᠡ ᠠᠯᠬᠤᠮ ᠳᠡᠬᠡᠭᠰᠢᠯᠡᠬᠦᠯᠬᠦ ᠬᠡᠷᠡᠭᠳᠡᠢ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠨᠠᠰᠤᠵᠢᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠮᠡᠷᠭᠡᠵᠢᠯ ᠤᠨ ᠺᠤᠮᠢᠰ ᠪᠠᠶᠢᠭᠤᠯᠬᠤ ᠶᠢ ᠠᠬᠢᠭᠤᠯᠵᠤ᠂ ᠬᠡᠷ ᠲᠤ ᠪᠠᠨ ᠠᠰᠠᠷᠠᠭᠤᠯᠬᠤ ᠳᠤ ᠵᠤᠷᠢᠭᠤᠯᠤᠨᠨᠰᠠᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠶᠠᠰᠤ ᠴᠢᠨᠠᠷ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠣᠷᠣᠨ ᠨᠤᠲᠤᠭ ᠤᠨ ᠪᠠᠷᠢᠮᠵᠢᠶ᠎ᠠ ᠶᠢ ᠰᠤᠳᠤᠯᠤᠨ ᠲᠣᠨᠨᠳᠠᠭᠠᠬᠤ ᠬᠡᠷᠡᠭᠳᠡᠢ᠃ ᠵᠠᠰᠠᠭ ᠤᠨ ᠣᠷᠳᠣᠨ ᠢᠶᠠᠷ ᠭᠤᠤᠯᠯᠠᠭᠤᠯᠤᠨ ᠲᠣᠭᠲᠠᠭᠠᠭᠰᠠᠨ ᠪᠠᠷᠢᠮᠵᠢᠶ᠎ᠠ᠂ ᠨᠠᠰᠤᠵᠢᠯ ᠤᠨ ᠠᠵᠢᠯ ᠲᠥᠷᠥᠯ ᠤᠨ ᠨᠡᠶᠢᠭᠡᠮᠯᠢᠭ ᠤᠨ ᠨᠡᠶᠢᠲᠡᠯᠡᠭᠰᠡᠨ ᠪᠦᠯᠬᠦᠮ ᠨᠡᠶᠢᠲᠡ ᠶᠢᠨ ᠪᠠᠷᠢᠮᠵᠢᠶ᠎ᠠ ᠪᠠ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠲᠣᠭᠲᠠᠭᠠᠭᠰᠠᠨ ᠠᠵᠤ ᠠᠬᠤᠶᠢᠯᠠᠯ ᠤᠨ ᠪᠠᠷᠢᠮᠵᠢᠶ᠎ᠠ ᠨᠤᠭᠤᠳ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠭᠡᠷᠡᠭᠳᠡᠢ᠃      ᠡᠯ᠎ᠡ ᠭᠠᠵᠠᠷ ᠣᠷᠣᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠡᠨ ᠤ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠲᠥᠷᠥ ᠠᠯᠪᠠᠨ ᠲᠠᠷᠬᠠᠭᠠᠭᠰᠠᠨ ﹇2020﹈ 48 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠲᠣᠰ ᠮᠡᠳᠡᠭᠳᠡᠯ ᠤᠨ ᠱᠠᠭᠠᠷᠳᠠᠯᠭ᠎ᠠ ᠪᠠ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠬᠤ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠠᠵᠢᠯ ᠤᠨ ᠶᠠᠪᠣᠴᠠ ᠳᠠᠬᠢ ᠰᠠᠶᠢᠨ ᠲᠤᠷᠰᠢᠯᠭ᠎ᠠ ᠪᠠ ᠬᠢᠳᠡᠯ ᠢᠶᠠᠨ ᠴᠠᠭ ᠲᠤᠬᠠᠶ ᠳᠤ ᠨᠢ ᠳ᠋ᠦᠩᠨᠡᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠶ᠃      ᠳᠠᠭᠠᠯᠳᠤᠭᠤᠯᠤᠯ᠄      ᠨᠠᠰᠤᠵᠢᠯ ᠤᠨ ᠦᠢᠯᠡᠴᠢᠯᠡᠭᠡᠨ ᠤ ᠶᠡᠷᠦᠩᠬᠡᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ      2021 ᠣᠨ ᠤ 5 ᠳ᠋ᠤᠭᠠᠷ ᠰᠠᠷ᠎ᠠ ᠶᠢᠨ 28 ᠤ ᠡᠳᠦᠷ      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠳᠠᠭᠠᠯᠳᠤᠭᠤᠯᠤᠯ      ᠨᠠᠰᠤᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ      ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ᠄ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠳᠠᠬᠢ ᠪᠠᠯᠠ ᠣᠷᠣᠭᠤᠯᠤᠯᠲᠠ ᠪᠠᠷ ᠲᠡᠮᠵᠢᠯᠬᠡ ᠦᠵᠡᠬᠦᠯᠵᠦ ᠪᠠᠶᠢᠭ᠎ᠠ ᠨᠠᠰᠤᠵᠢᠯ ᠤᠨ ᠦᠢᠯᠡᠴᠢᠯᠡᠭᠡᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠦᠩᠬᠦᠨ ᠳᠤ ᠬᠠᠮᠢᠶᠠᠷᠤᠯᠲᠠ ᠬᠢᠬᠦ ᠶᠢ ᠬᠠᠤᠯᠢ ᠶᠣᠰᠣᠭᠠᠷ ᠬᠠᠷᠢᠭᠤᠴᠠᠵᠤ᠂ ᠨᠡᠶᠢᠳᠡᠮ ᠬᠠᠷᠠᠭᠠᠯᠵᠠᠯ ᠤᠨ ᠴᠢᠨᠠᠷᠲᠠᠶ ᠨᠠᠰᠤᠵᠢᠯ ᠤᠨ ᠲᠥᠷᠥᠯ ᠵᠦᠢᠯ ᠳᠤ ᠦᠨᠡᠯᠡᠨ ᠵᠢᠱᠢᠯᠲᠡ ᠬᠢᠨ᠎ᠠ᠃      ᠰᠤᠷᠭᠠᠨ ᠬᠥᠮᠦᠵᠢᠯ ᠤᠨ ᠰᠠᠯᠠᠭ᠎ᠠ ᠮᠥᠴᠢᠷ᠄ ᠶᠡᠭᠡ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠬᠤ ᠥᠬᠡᠶ︶ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠤᠨ ᠬᠡᠷᠡᠭᠵᠢᠭᠦᠯᠦᠯᠲᠡ ᠳᠤ ᠡᠷᠬᠡ ᠮᠡᠳᠡᠯ ᠤᠨ ᠬᠢᠵᠠᠭᠠᠷ ᠶᠣᠰᠣᠭᠠᠷ ᠬᠢᠨᠠᠯᠲᠠ ᠲᠠᠯᠪᠢᠵᠦ ᠰᠢᠯᠭᠠᠨ ᠬᠢᠨᠠᠬᠤ ᠶᠢ ᠬᠠᠷᠢᠭᠤᠴᠠᠨ ᠬᠠᠮᠢᠶᠠᠷᠤᠨ᠎ᠠ᠃      ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ᠄ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠤᠨ ᠡᠮᠬᠢ ᠲᠢᠭᠯᠢᠮ ᠢ ᠰᠠᠮᠠᠭᠤᠷᠠᠭᠤᠯᠤᠭᠰᠠᠨ᠂ ᠨᠠᠰᠤᠲᠠᠶᠢᠴᠤᠳ ᠢ ᠵᠣᠷᠢᠭᠤᠳᠠ ᠬᠡᠮᠳᠦᠬᠡᠭᠰᠡᠨ ᠪᠠ ᠬᠠᠯᠠ ᠦᠵᠡᠬᠦᠯᠦᠭᠰᠡᠨ ᠵᠡᠷᠭᠡ ᠨᠠᠰᠤᠲᠠᠶᠢᠴᠤᠳ ᠤᠨ ᠪᠡᠶ᠎ᠡ ᠶᠢᠨ ᠡᠷᠬᠡ ᠳᠤ ᠬᠠᠯᠳᠠᠭᠰᠠᠨ ᠵᠢᠴᠢ ᠨᠠᠰᠤᠵᠢᠯ ᠤᠨ ᠦᠢᠯᠡᠴᠢᠯᠡᠭᠡᠨ ᠤ ᠨᠡᠷ᠎ᠡ ᠪᠠᠷ ᠬᠠᠤᠯᠢ ᠪᠤᠰᠤ ᠪᠠᠷ ᠪᠠᠯᠠ ᠮᠦᠩᠬᠦ ᠴᠤᠭᠯᠠᠭᠤᠯᠬᠤ ᠪᠠ ᠮᠡᠬᠡᠯᠡᠵᠦ ᠬᠠᠭᠤᠷᠬᠤ ᠵᠡᠷᠭᠡ ᠨᠠᠰᠤᠲᠠᠶᠢᠴᠤᠳ ᠤᠨ ᠡᠳ᠋ ᠬᠥᠷᠥᠩᠭᠡ ᠶᠢᠨ ᠡᠷᠬᠡ ᠳᠤ ᠬᠠᠯᠳ᠋ᠬᠠᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠨᠢ ᠪᠠᠶᠢᠴᠠᠭᠠᠨ ᠰᠢᠢᠳᠪᠦᠷᠢᠯᠡᠬᠦ ᠶᠢ ᠨᠢ ᠬᠠᠤᠯᠢ ᠶᠤᠰᠤᠭᠠᠷ ᠬᠠᠷᠢᠭᠤᠴᠠᠨ᠎ᠠ᠃ ᠬᠥᠮᠦᠨ ᠠᠮᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠳᠣ ᠳᠤ ᠪᠠᠨ ᠭᠦᠷᠲᠡᠵᠦ ᠬᠡᠷᠡᠭᠯᠡᠬᠦ ᠶᠢ ᠴᠢᠩᠭᠠᠳᠬᠠᠵᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠪᠠ ᠦᠢᠯᠡᠴᠢᠯᠡᠭᠡᠨ ᠤ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠄ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠶᠠᠰᠤ ᠴᠢᠨᠠᠷ᠂ ᠠᠮᠤᠷ ᠲᠦᠪᠰᠢᠨ᠂ ᠡᠵᠡᠩᠨᠡᠬᠦ ᠠᠵᠢᠯᠯᠠᠭᠠᠨ ᠳᠤ ᠬᠢᠨᠠᠯᠲᠠ ᠬᠠᠮᠢᠶᠠᠷᠤᠯᠲᠠ ᠬᠢᠬᠦ ᠶᠢ ᠬᠠᠤᠯᠢ ᠶᠣᠰᠣᠭᠠᠷ ᠬᠠᠷᠢᠭᠤᠴᠠᠵᠤ᠂ ᠨᠠᠰᠤᠵᠢᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠲᠤᠨᠨᠳᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠢᠲᠡᠭᠡᠮᠵᠢ ᠳᠤ ᠬᠢᠨᠠᠯᠲᠠ ᠬᠠᠮᠢᠶᠠᠷᠤᠯᠲᠠ ᠥᠷᠨᠢᠭᠦᠯᠬᠦ ᠵᠢᠴᠢ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠰᠢᠨᠵᠢ ᠴᠢᠨᠠᠷ ᠪᠦᠭᠦᠢ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠠ ᠨᠠᠰᠤᠵᠢᠯ ᠤᠨ ᠦᠢᠯᠡᠴᠢᠯᠡᠭᠡᠨ ᠤ ᠭᠦᠷᠢᠶᠡᠨ ᠳᠠᠬᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢ ᠳᠡᠩᠰᠡᠯᠡᠨ ᠲᠡᠮᠳᠡᠭᠯᠡᠵᠦ ᠬᠠᠮᠢᠶᠠᠷᠬᠤ ᠪᠠ ᠲᠤᠬᠠᠶᠢᠯᠠᠭᠰᠠᠨ ᠠᠵᠢᠯ ᠳᠤ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠠᠵᠢᠯ ᠢ ᠥᠷᠨᠢᠭᠦᠯᠦᠨ᠎ᠡ᠃      ᠡᠳ᠋ ᠤᠨ ᠵᠠᠰᠠᠭ ᠤᠨ ᠰᠠᠯᠠᠭ᠎ᠠ ᠮᠥᠴᠢᠷ᠄ ᠬᠥᠭᠵᠢᠭᠦᠯᠦᠯᠲᠡ ᠪᠠ ᠥᠭᠡᠷᠡᠴᠢᠯᠡᠯᠲᠡ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠨᠡᠮᠡᠭᠦᠷᠢ ᠪᠠ ᠡᠵᠡᠩᠨᠡᠬᠦ ᠠᠵᠢᠯᠯᠠᠭᠠᠨ ᠤ ᠨᠡᠮᠡᠭᠦᠷᠢ ᠶᠢᠨ ᠪᠠᠯᠠ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ᠂ ᠵᠠᠰᠠᠭ ᠤᠨ ᠣᠷᠳᠣᠨ ᠤ ᠨᠠᠰᠤᠵᠢᠯ ᠤᠨ ᠦᠢᠯᠡᠴᠢᠯᠡᠭᠡ ᠬᠤᠳᠠᠯᠳᠤᠨ ᠠᠪᠬᠤ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃      ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠄ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠨᠠᠰᠣᠳᠠᠨ ᠢ ᠠᠰᠠᠷᠠᠭᠴᠢ ᠶᠢᠨ ᠲᠠᠯ᠎ᠠ ᠪᠠᠷ ᠬᠢ ᠤᠯᠤᠰ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠠᠷᠢᠮᠵᠢᠶ᠎ᠡ ᠶᠢ ᠬᠡᠷᠡᠭᠵᠢᠬᠦᠯᠦᠨ᠎ᠡ᠃ ᠶᠡᠭᠡ ᠳᠡᠭᠡᠳᠦ ᠰᠤᠷᠭᠠᠭᠤᠯᠢ ᠶᠢᠨ ᠬᠢ ᠠᠴᠠ ᠪᠤᠰᠤᠳ ᠪᠠ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠤᠨ ᠬᠢᠨᠠᠯᠲᠠ ᠬᠠᠮᠢᠶᠠᠷᠤᠯᠲᠠ ᠶᠢ ᠡᠭᠦᠷᠭᠡ ᠬᠠᠷᠢᠭᠤᠴᠠᠯᠭ᠎ᠠ ᠪᠠ ᠡᠷᠬᠡ ᠮᠡᠳᠡᠯ ᠤᠨ ᠬᠢᠵᠠᠭᠠᠷ ᠶᠣᠰᠣᠭᠠᠷ ᠰᠠᠢᠳᠣᠷ ᠬᠢᠨ᠎ᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠨ ᠳᠤ ᠨᠡᠶᠢᠭᠡᠮ ᠤᠨ ᠪᠠᠲᠤᠯᠠᠭ᠎ᠠ ᠶᠢᠨ ᠺᠠᠷᠲ ᠬᠡᠷᠡᠭᠯᠡᠬᠦ ᠶᠢ ᠠᠬᠢᠭᠤᠯᠵᠤ᠂ ᠨᠠᠰᠤᠲᠠᠶᠢᠴᠤᠳ ᠤᠨ ᠨᠡᠶᠢᠭᠡᠮ ᠤᠨ ᠪᠠᠲᠤᠯᠠᠭ᠎ᠠ ᠶᠢᠨ ᠤᠯᠠᠨ ᠨᠡᠶᠢᠲᠡ ᠶᠢᠨ ᠦᠢᠯᠡᠴᠢᠯᠡᠬᠡᠨ ᠤ ᠮᠡᠳᠡᠭᠡ ᠵᠠᠩᠭᠢ ᠶᠢ ᠬᠠᠮᠳᠤ ᠳᠤ ᠪᠠᠨ ᠭᠦᠷᠲᠡᠬᠦ ᠶᠢ ᠴᠢᠩᠭᠠᠳᠬᠠᠨ᠎ᠠ᠃      ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ᠄ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠠᠵᠠᠷ ᠰᠢᠷᠣᠶ ᠶᠢ ᠲᠥᠯᠥᠪᠵᠢᠭᠦᠯᠦᠨ ᠬᠡᠷᠡᠭᠯᠡᠬᠦ ᠵᠡᠷᠭᠡ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠤᠯᠢ ᠶᠣᠰᠣᠭᠠᠷ ᠬᠠᠷᠢᠭᠤᠴᠠᠨ᠎ᠠ᠃      ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ᠄ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠬᠢᠨᠠᠨ ᠵᠥᠪᠰᠢᠶᠡᠷᠡᠬᠦ ᠪᠤᠶᠤ ᠪᠦᠷᠢᠳᠬᠡᠨ ᠳᠠᠩᠰᠠᠯᠠᠭᠤᠯᠬᠤ ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠣᠬᠢᠷᠲᠤᠯ ᠪᠣᠳᠠᠰ ᠭᠠᠳᠠᠭᠰᠢᠯᠠᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ ᠬᠠᠤᠯᠢ ᠶᠤᠰᠤᠭᠠᠷ ᠬᠠᠷᠢᠭᠤᠴᠠᠨ᠎ᠠ᠃      ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ᠄ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠠᠷᠢᠯᠭ᠎ᠠ ᠪᠠᠶᠢᠭᠤᠯᠤᠨᠨᠰᠠᠨ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠤᠯᠢ ᠶᠣᠰᠣᠭᠠᠷ ᠬᠠᠷᠢᠭᠤᠴᠠᠵᠤ᠂ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠠᠷᠢᠯᠭ᠎ᠠ ᠪᠠᠶᠢᠭᠤᠯᠬᠤ ᠪᠠᠷᠢᠮᠵᠢᠶᠡᠨ ᠤ ᠵᠢᠷᠤᠮᠵᠢᠯ ᠢ ᠬᠡᠷᠡᠭᠵᠢᠬᠦᠯᠵᠦ ᠪᠠᠶᠢᠭ᠎ᠠ ᠳᠤ ᠬᠢᠨᠠᠯᠲᠠ ᠲᠠᠯᠪᠢᠬᠤ ᠶᠢ ᠬᠠᠤᠯᠢ ᠶᠤᠰᠤᠭᠠᠷ ᠬᠠᠷᠢᠭᠤᠴᠠᠨ᠎ᠠ᠃      ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠦᠴᠢᠷ᠄ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠪᠠᠶᠢᠭᠤᠯᠤᠮᠵᠢ ᠪᠠᠶᠢᠭᠤᠯᠬᠤ ᠶᠢ ᠬᠢᠨᠠᠨ ᠵᠥᠪᠰᠢᠶᠡᠷᠡᠬᠦ ᠪᠤᠶᠤ ᠪᠦᠷᠢᠳᠬᠡᠨ ᠳᠠᠩᠰᠠᠯᠠᠬᠤ ᠶᠢ ᠬᠠᠤᠯᠢ ᠶᠣᠰᠣᠭᠠᠷ ᠬᠠᠷᠢᠭᠤᠴᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠠᠵᠢᠯᠯᠠᠭ᠎ᠠ ᠪᠠ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠲᠤ ᠬᠢᠨᠠᠯᠲᠠ ᠬᠠᠮᠢᠶᠠᠷᠤᠯᠲᠠ ᠬᠢᠨ᠎ᠡ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠬᠡᠮ ᠴᠢᠨᠠᠷᠲᠠᠶ ᠪᠠᠷ ᠡᠭᠦᠰᠦᠭᠰᠡᠨ ᠬᠠᠯᠳᠠᠪᠤᠷᠢᠲᠤ ᠡᠪᠡᠳᠴᠢᠨ ᠢ ᠰᠢᠢᠳᠪᠦᠷᠢᠯᠡᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠤ ᠵᠢᠭᠠᠨ ᠵᠢᠯᠤᠭᠤᠳᠬᠤ ᠶᠢ ᠬᠠᠤᠯᠢ ᠶᠣᠰᠣᠭᠠᠷ ᠬᠠᠷᠢᠭᠤᠴᠠᠨ᠎ᠠ᠃ ᠨᠠᠰᠤᠲᠠᠶᠢᠴᠤᠳ ᠤᠨ ᠦᠨᠳᠦᠰᠦᠨ ᠡᠷᠡᠭᠦᠯ ᠮᠡᠨᠳᠦ ᠶᠢᠨ ᠡᠮᠴᠢᠯᠡᠭᠡᠨ ᠤ ᠳ᠋ᠠᠶᠢᠲ᠋ᠠ ᠶᠢ ᠬᠤᠷᠢᠶᠡᠨ ᠴᠤᠭᠯᠠᠭᠤᠯᠬᠤ᠂ ᠴᠤᠨᠨᠯᠠᠭᠤᠯᠤᠨ ᠨᠡᠶᠢᠯᠡᠬᠦᠯᠬᠦ᠂ ᠬᠠᠳᠠᠭᠠᠯᠠᠬᠤ᠂ ᠬᠡᠷᠡᠭᠯᠡᠬᠦ᠂ ᠬᠠᠮᠳᠣ ᠳᠤ ᠪᠠᠨ ᠭᠥᠷᠳᠡᠬᠦ ᠶᠢ ᠬᠠᠤᠯᠢ ᠶᠣᠰᠣᠭᠠᠷ ᠬᠠᠷᠢᠭᠤᠴᠠᠨ᠎ᠠ᠃      ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠄ ᠲᠣᠰ ᠱᠠᠲᠤᠨ ᠤ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠳᠤ ᠨᠠᠰᠤᠵᠢᠯ ᠤᠨ ᠦᠢᠯᠡᠴᠢᠯᠡᠭᠡᠨ ᠤ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠳᠣᠤᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠨ ᠤ ᠠᠶᠤᠯ ᠦᠬᠡᠢ ᠦᠢᠯᠡᠳᠪᠦᠷᠢᠯᠡᠯ ᠤᠨ ᠰᠢᠯᠭᠠᠨ ᠬᠢᠨᠠᠯᠲᠠ ᠳᠤ ᠤᠷᠤᠭᠤᠯᠬᠤ ᠶᠢ ᠲᠠᠰ ᠳᠠᠷᠠᠭᠠᠯᠠᠯ ᠶᠣᠰᠣᠭᠠᠷ ᠲᠡᠪᠰᠢᠬᠦᠯᠬᠦ ᠶᠢ ᠬᠠᠷᠢᠭᠤᠴᠠᠨ᠎ᠠ᠃      ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ᠄ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠤᠯᠢ ᠶᠣᠰᠣᠭᠠᠷ ᠬᠠᠷᠢᠭᠤᠴᠠᠨ᠎ᠠ᠃      ᠬᠢᠨᠠᠨ ᠪᠤᠳᠤᠬᠤ ᠰᠠᠯᠠᠭ᠎ᠠ ᠮᠥᠴᠢᠷ᠄ ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ᠂ ᠵᠠᠰᠠᠭ ᠤᠨ ᠣᠷᠳᠣᠨ ᠤ ᠨᠠᠰᠤᠵᠢᠯ ᠤᠨ ᠦᠢᠯᠡᠴᠢᠯᠡᠭᠡ ᠬᠤᠳᠠᠯᠳᠤᠨ ᠠᠪᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠤᠯᠢ ᠶᠣᠰᠣᠭᠠᠷ ᠬᠠᠷᠢᠭᠤᠴᠠᠨ᠎ᠠ᠃      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠄ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠵᠠᠰᠠᠭ ᠤᠨ ᠣᠷᠳᠣᠨ ᠤ ᠲᠤᠨᠨᠳᠠᠭᠠᠨᠨᠰᠠᠨ ᠦᠨ᠎ᠡ᠂ ᠵᠠᠰᠠᠭ ᠤᠨ ᠣᠷᠳᠣᠨ ᠤ ᠵᠢᠯᠣᠭᠤᠳᠣᠯᠭ᠎ᠠ ᠶᠢᠨ ᠦᠨ᠎ᠡ ᠶᠢ ᠬᠡᠷᠡᠭᠵᠢᠬᠦᠯᠬᠦ ᠦᠬᠡᠢ ᠪᠠᠢᠬᠤ ᠪᠠ ᠲᠣᠭᠲᠠᠭᠠᠯ ᠶᠣᠰᠣᠭᠠᠷ ᠦᠨ᠎ᠡ ᠬᠠᠩᠰᠢ ᠶᠢ ᠢᠯᠡ ᠬᠠᠳᠠᠭᠰᠠᠨ ᠥᠬᠡᠶ ᠪᠠᠢᠬᠤ ᠵᠡᠷᠭᠡ ᠦᠨ᠎ᠡ ᠬᠠᠩᠰᠢ ᠶᠢᠨ ᠲᠠᠯ᠎ᠠ ᠪᠠᠷ ᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠤᠯᠢ ᠶᠤᠰᠤᠭᠠᠷ ᠬᠠᠷᠢᠭᠤᠴᠠᠵᠦ᠂ ᠨᠠᠰᠤᠵᠢᠯ ᠤᠨ ᠦᠢᠯᠡᠴᠢᠯᠡᠭᠡᠨ ᠢ ᠪᠠᠷᠢᠮᠵᠢᠶᠠᠵᠢᠭᠤᠯᠬᠤ ᠶᠢ ᠠᠬᠢᠭᠤᠯᠤᠨ᠂ ᠠᠰᠢᠭ ᠤᠯᠵᠠᠪᠤᠷᠢ ᠶᠢᠨ ᠴᠢᠨᠠᠷᠲᠠᠶ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠳᠡᠩᠰᠡᠯᠡᠨ ᠲᠡᠮᠳᠡᠭᠯᠡᠵᠦ ᠬᠠᠮᠢᠶᠠᠷᠤᠨ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠠ᠃      ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ᠄ ᠡᠮᠴᠢᠯᠡᠭᠡᠨ ᠤ ᠳᠠᠭᠠᠳᠬᠠᠯ ᠤᠨ ᠲᠣᠨᠨᠳ᠋ᠬᠠᠰᠠᠨ ᠴᠡᠭ ᠲᠤ ᠤᠷᠤᠭᠤᠯᠤᠨᠨᠰᠠᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠳᠤ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠢᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠬᠦᠨ ᠤ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠤᠯᠢ ᠶᠤᠰᠤᠭᠠᠷ ᠬᠠᠷᠢᠭᠤᠴᠠᠨ᠎ᠠ᠃      ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠄ ᠪᠠᠩᠬᠢ ᠶᠢᠨ ᠦᠢᠯᠡᠰ᠂ ᠳᠠᠭᠠᠳᠬᠠᠯ ᠤᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠠᠰᠤᠵᠢᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠲᠤ ᠤᠷᠤᠯᠴᠬᠠᠰᠠᠨ ᠬᠠᠮᠢᠶ᠎ᠠ ᠪᠥᠬᠦᠶ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠤᠯᠢ ᠶᠣᠰᠣᠭᠠᠷ ᠬᠠᠷᠢᠭᠤᠴᠠᠨ᠎ᠠ᠃ ᠪᠠᠩᠬᠢ᠂ ᠳᠠᠭᠠᠳᠬᠠᠯ ᠤᠨ ᠪᠠᠶᠢᠭᠤᠯᠤᠮᠵᠢ ᠶᠢ ᠵᠢᠭᠠᠨ ᠵᠢᠯᠤᠭᠤᠳᠴᠤ ᠰᠢᠮᠳᠠᠭᠤᠯᠵᠦ ᠪᠠᠶᠢᠭᠠᠳ ᠬᠠᠤᠯᠢ ᠪᠤᠰᠤ ᠪᠠᠷ ᠪᠠᠯᠠ ᠴᠤᠭᠯᠠᠭᠤᠯᠬᠤ ᠳᠤ ᠬᠤᠯᠪᠣᠭᠳᠠᠭᠰᠠᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠯᠬᠡᠨ᠎ᠡ᠃      ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠬᠠᠳᠠᠭᠠᠨ ᠤ ᠥᠪᠥᠷ ᠮᠣᠩᠭᠤᠯ ᠤᠨ ᠶᠡᠷᠦᠩᠬᠡᠢ ᠠᠩᠭᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ      2021 ᠣᠨ ᠤ 5 ᠳ᠋ᠤᠭᠠᠷ ᠰᠠᠷ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ