ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠳᠤ ᠢᠷᠡᠵᠦ ᠠᠵᠢᠯᠯᠠᠬᠤ ᠳᠤᠭᠤᠶᠢᠯᠠᠩ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠤᠨ ᠰᠠᠨᠠᠯ ᠢ ᠬᠠᠷᠢᠭᠤ ᠲᠤᠰᠬᠠᠬᠤ ᠬᠤᠷᠠᠯ ᠬᠤᠷᠠᠯᠳᠤᠭᠤᠯᠵᠠᠢ  ᠮᠠ ᠰᠢᠶᠣᠣ ᠸᠧᠢ  ᠸᠠᠩ ᠯᠢ ᠰᠢᠶᠠ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2021/11/2
      10 ᠰᠠᠷ᠎ᠠ ᠶᠢᠨ 30 ᠤ ᠣᠷᠣᠢ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠳᠤ ᠢᠷᠡᠵᠦ ᠠᠵᠢᠯᠯᠠᠬᠤ ᠳᠤᠭᠤᠶᠢᠯᠠᠩ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠤᠨ ᠬᠠᠷᠢᠭᠤ ᠲᠤᠰᠬᠠᠬᠤ ᠬᠤᠷᠠᠯ ᠬᠤᠷᠠᠯᠳᠤᠭᠤᠯᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠮᠠ ᠰᠢᠶᠣᠣ ᠸᠧᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠠᠢ᠃      ᠮᠠ ᠰᠢᠶᠣᠣ ᠸᠧᠢ ᠶᠠᠷᠢᠶᠠᠨ ᠳᠠᠭᠠᠨ ᠮᠠᠨ ᠤ ᠣᠷᠣᠨ ᠤ ᠡᠮᠦᠨ᠎ᠡ ᠨᠢᠭᠡ ᠬᠤᠭᠤᠴᠠᠭᠠᠨ ᠤ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠭᠦᠢᠴᠡᠳ ᠨᠤᠲᠠᠯᠠᠪᠠ᠃ ᠲᠡᠷᠡ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠴᠠᠭ ᠲᠤᠬᠠᠢ ᠳᠤᠨᠢ ᠡᠷᠡᠰ ᠰᠢᠭᠤᠷᠬᠠᠢ ᠡᠬᠢᠯᠡᠭᠦᠯᠵᠦ᠂ ᠡᠷᠡᠰ ᠪᠠᠲᠤ ᠣᠪᠣᠷ᠂ ᠪᠤᠰᠢᠭᠤ ᠲᠦᠷᠭᠡᠨ ᠠᠵᠢᠯᠯᠠᠭ᠎ᠠ ᠪᠠᠷ ᠬᠢᠵᠢᠭ ᠤᠨ ᠪᠠᠶᠢᠳᠠᠯ ᠤᠨ ᠬᠠᠨᠳᠤᠰᠢ ᠶᠢ ᠦᠳᠲᠡᠷ ᠲᠦᠷᠭᠡᠨ ᠡᠵᠡᠮᠳᠡᠵᠦ᠂ ᠰᠡᠷᠭᠡᠶᠢᠯᠡᠨ ᠡᠵᠡᠮᠳᠡᠬᠦ ᠶᠡᠭᠡ ᠲᠠᠯ᠎ᠠ ᠶᠢ ᠲᠣᠭᠲᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ᠃ ᠣᠳᠣᠬᠠᠨ ᠳᠤ᠂ ᠬᠢᠵᠢᠭ ᠤᠨ ᠪᠠᠶᠢᠳᠠᠯ ᠶᠡᠷᠦᠩᠬᠡᠢ ᠳᠡᠭᠡᠨ ᠰᠠᠶᠢᠵᠢᠷᠠᠬᠤ ᠪᠠᠶᠢᠳᠠᠯ ᠨᠢᠭᠡᠨᠲᠡ ᠲᠣᠭᠲᠠᠪᠤᠷᠢᠵᠢᠭᠰᠠᠨ ᠲᠤᠯᠠ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠲᠦᠷᠭᠡᠨ ᠡᠵᠡᠮᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠬᠤᠴᠣᠷᠭᠠᠵᠤ ᠠᠪᠤᠭᠰᠠᠨ ᠵᠢᠭᠤᠯᠴᠢᠯᠠᠭᠰᠠᠳ ᠤᠨ ᠵᠠᠯᠭᠠᠮᠵᠢ ᠬᠠᠮᠢᠶᠠᠷᠤᠯᠲᠠ᠂ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ᠂ ᠲᠤᠰᠠᠭᠠᠷᠯᠠᠬᠤ ᠴᠡᠭ ᠤᠨ ᠬᠠᠮᠢᠶᠠᠷᠤᠯᠲᠠ᠂ ᠡᠪᠡᠳᠴᠢᠲᠡᠨ ᠢ ᠠᠪᠤᠷᠠᠨ ᠵᠠᠰᠠᠬᠤ ᠪᠠ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠭᠤᠣᠯᠳᠠᠯᠭ᠎ᠠ ᠲᠠᠢ ᠠᠩᠬᠠᠷᠴᠤ᠂ ᠠᠶᠤᠯ ᠲᠦᠭᠰᠢᠭᠦᠷᠢ ᠶᠢ ᠴᠢᠩᠭ᠎ᠠ ᠡᠵᠡᠮᠳᠡᠵᠦ ᠬᠢᠵᠢᠭ ᠤᠨ ᠪᠠᠶᠢᠳᠠᠯ ᠳᠠᠬᠢᠨ ᠳᠡᠯᠭᠡᠷᠡᠬᠦ ᠶᠢ ᠰᠡᠷᠭᠡᠶᠢᠯᠡᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠬᠢᠴᠠ ᠶᠢ ᠦᠨᠳᠦᠰᠦᠯᠡᠨ᠂ ᠭᠠᠵᠠᠷ ᠣᠷᠣᠨ ᠬᠤᠪᠢᠶᠠᠨ ᠱᠠᠲᠤ ᠬᠤᠪᠢᠶᠠᠨ ᠰᠡᠷᠭᠡᠶᠢᠯᠡᠨ ᠡᠵᠡᠮᠳᠡᠬᠦ ᠶᠢ ᠴᠠᠭ ᠲᠤᠨᠢ ᠲᠣᠬᠢᠷᠠᠭᠤᠯᠤᠨ ᠰᠤᠳᠤᠯᠤᠨ ᠬᠡᠷᠡᠭᠵᠢᠭᠦᠯᠵᠦ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠯᠠᠪᠳᠠᠭᠤᠨ ᠡᠮᠬᠢ ᠵᠢᠷᠤᠮ ᠲᠠᠢ ᠪᠠᠷ ᠰᠡᠷᠭᠦᠭᠡᠬᠦ ᠬᠡᠷᠡᠭᠲᠡᠢ᠃ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠣᠯᠠᠨ ᠡᠭᠦᠰᠬᠦ ᠣᠨᠴᠠᠯᠢᠭ ᠪᠠ ᠥᠪᠥᠷ ᠮᠣᠩᠭᠤᠯ ᠬᠢᠯᠢ ᠬᠢᠵᠠᠭᠠᠷ ᠣᠷᠣᠨ ᠳᠤ ᠪᠠᠶᠢᠷᠢᠯᠠᠵᠤ ᠪᠠᠶᠢᠭ᠎ᠠ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠵᠤ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠠᠶᠤᠯ ᠲᠦᠭᠰᠢᠭᠦᠷᠢ ᠶᠢ ᠭᠦᠨᠵᠡᠭᠡᠢ ᠰᠤᠳᠤᠯᠤᠨ ᠮᠠᠭᠠᠳᠯᠠᠵᠤ᠂ ᠳᠠᠯᠳᠠ ᠭᠡᠮ ᠢ ᠵᠠᠳᠠᠯᠤᠨ ᠰᠡᠷᠭᠡᠶᠢᠯᠡᠵᠦ᠂ ᠠᠯᠳᠠᠭ᠎ᠠ ᠪᠤᠷᠤᠭᠤ ᠪᠠᠨ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠡᠯ᠎ᠡ ᠪᠣᠭᠤᠮᠲᠠ ᠶᠢᠨ ᠬᠥᠮᠥᠨ᠂ ᠪᠣᠳᠠᠰ᠂ ᠣᠷᠴᠢᠨ ᠲᠣᠭᠤᠷᠢᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠠᠳᠠᠨ᠎ᠠ ᠠᠴᠠ ᠣᠷᠣᠵᠤ ᠢᠷᠡᠬᠦ ᠰᠢᠨ᠎ᠡ ᠬᠢᠵᠢᠭ ᠤᠨ ᠪᠠᠶᠢᠳᠠᠯ ᠢ ᠴᠢᠩᠭ᠎ᠠ ᠰᠡᠷᠭᠡᠶᠢᠯᠡᠬᠦ ᠬᠡᠷᠡᠭᠲᠡᠢ᠃ ︽ᠳᠥᠷᠪᠡᠨ ᠡᠷᠲᠡ︾ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠡᠭᠦᠰᠬᠦ ᠳᠠᠯᠳᠠ ᠠᠶᠤᠯ ᠲᠦᠭᠰᠢᠭᠦᠷᠢ ᠶᠢ ᠭᠦᠢᠴᠡᠳ ᠵᠢᠱᠢᠵᠦ᠂ ᠰᠢᠢᠳᠪᠦᠷᠢᠯᠡᠬᠦ ᠴᠢᠳᠠᠪᠤᠷᠢ ᠶᠢᠨ ᠪᠡᠯᠡᠳᠬᠡᠯ ᠢ ᠰᠠᠶᠢᠲᠤᠷ ᠬᠢᠵᠦ᠂ ᠲᠠᠬᠤᠯ ᠡᠪᠡᠳᠴᠢᠨ ᠤ ᠪᠠᠶᠢᠴᠠᠭᠠᠯᠲᠠ ᠶᠢᠨ ᠡᠩᠨᠡᠭᠡᠨ ᠤ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠵᠤ᠂ ᠰᠢᠨ᠎ᠡ ᠬᠢᠵᠢᠭ ᠤᠨ ᠪᠠᠶᠢᠳᠠᠯ ᠢ ᠢᠯᠡᠷᠡᠭᠦᠯᠪᠡᠯ᠂ ᠬᠠᠮᠤᠭ ᠤᠨ ᠡᠷᠲᠡ᠂ ᠬᠠᠮᠤᠭ ᠤᠨ ᠳᠣᠣᠷ᠎ᠠ ᠱᠠᠲᠤ ᠳᠠᠪᠬᠤᠷᠭ᠎ᠠ᠂ ᠬᠠᠮᠤᠭ ᠤᠨ ᠪᠠᠭ᠎ᠠ ᠬᠡᠪᠴᠢᠶᠡᠨ ᠳᠤ ᠬᠦᠷᠲᠡᠯ᠎ᠡ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠶᠢ ᠡᠵᠡᠮᠳᠡᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠠᠵᠢᠯ ᠤᠨ ᠱᠠᠭᠠᠷᠳᠠᠯᠭ᠎ᠠ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠠᠵᠢᠯᠯᠠᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠲᠤᠰᠬᠠᠢ ᠠᠩᠭᠢ ᠬᠠᠷᠢᠭᠤᠴᠠᠨ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠶᠡᠭᠡ ᠲᠠᠯ᠎ᠠ ᠳᠤ ᠲᠤᠶᠢᠯ ᠢᠶᠠᠷ ᠬᠠᠷᠢᠭᠤᠴᠠᠬᠤ᠂ ᠠᠷᠠᠳ ᠣᠯᠠᠨ ᠤ ᠡᠷᠡᠭᠦᠯ ᠮᠡᠨᠳᠦ ᠠᠮᠤᠷ ᠲᠦᠪᠰᠢᠨ ᠳᠤ ᠲᠤᠶᠢᠯ ᠢᠶᠠᠷ ᠬᠠᠷᠢᠭᠤᠴᠠᠬᠤ ᠣᠪᠣᠷ ᠢᠶᠠᠷ ᠠᠵᠢᠯ ᠢᠶᠠᠨ ᠰᠠᠶᠢᠲᠤᠷ ᠬᠢᠨ᠎ᠡ᠃ ︽ᠡᠪᠡᠳᠴᠢᠨ ᠤ ᠵᠢᠱᠢᠶ᠎ᠡ ᠶᠢ ᠠᠷᠢᠯᠭᠠᠬᠤ ᠨᠢᠭᠡᠳᠦᠭᠡᠷ ᠲᠣᠭᠠᠲᠤ︾ ᠠᠵᠢᠯᠯᠠᠭ᠎ᠠ ᠶᠢ ᠥᠷᠨᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠥᠮᠥᠰ ᠤᠨ ᠰᠠᠭᠤᠷᠢ ᠲᠤᠭ᠎ᠠ ᠪᠣᠯᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠡᠵᠡᠮᠰᠢᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠶᠠᠰᠤ ᠴᠢᠨᠠᠷ ᠪᠣᠯᠣᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠤᠨ ᠬᠠᠮᠢᠶᠠᠷᠤᠯᠲᠠ ᠡᠵᠡᠮᠳᠡᠯ ᠢ ᠬᠦᠴᠦᠯᠡᠨ ᠴᠢᠩᠭᠠᠳᠬᠠᠵᠤ᠂ ᠡᠯ᠎ᠡ ᠵᠦᠢᠯ ᠤᠨ ᠬᠠᠮᠢᠶᠠᠷᠤᠯᠲᠠ ᠡᠵᠡᠮᠳᠡᠯ ᠤᠨ ᠠᠷᠭ᠎ᠠ ᠬᠡᠮᠵᠢᠶ᠎ᠡ ᠶᠢ ᠱᠠᠲᠤ ᠲᠥᠷᠥᠯ ᠬᠤᠪᠢᠶᠠᠨ ᠨᠠᠶᠢᠳᠠᠪᠤᠷᠢᠵᠢᠭᠤᠯᠵᠤ᠂ ᠲᠣᠣᠷᠵᠢᠭᠤᠯᠤᠭᠰᠠᠨ᠂ ᠨᠢᠭᠡᠴᠢᠵᠢᠭᠦᠯᠦᠭᠰᠡᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠭᠡᠷ ᠠᠴᠠ ᠪᠠᠨ ᠭᠠᠷᠬᠤ ᠦᠭᠡᠢ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠭᠡᠮ ᠰᠣᠭᠤᠭ ᠢ ᠡᠷᠡᠰ ᠠᠷᠢᠯᠭᠠᠨ᠎ᠠ᠃ ᠡᠮᠴᠢᠯᠡᠭᠡ ᠪᠠ ᠠᠮᠢᠳᠤᠷᠠᠯ ᠤᠨ ᠡᠳ᠋ ᠪᠣᠳᠠᠰ ᠢ ᠭᠦᠢᠴᠡᠳ ᠪᠡᠯᠡᠳᠬᠡᠵᠦ᠂ ᠣᠨᠣᠰᠢᠯᠠᠭᠳᠠᠭᠰᠠᠨ ᠡᠪᠡᠳᠴᠢᠲᠡᠨ ᠢ ᠪᠦᠬᠦ ᠬᠦᠴᠦᠨ ᠢᠶᠠᠷ ᠢᠶᠠᠨ ᠠᠪᠤᠷᠠᠨ ᠵᠠᠰᠠᠵᠤ᠂ ᠲᠤᠬᠠᠢ ᠶᠢᠨ ᠭᠠᠵᠠᠷ ᠤᠨ ᠣᠯᠠᠨ ᠲᠦᠮᠡᠨ᠂ ᠡᠮᠦᠨ᠎ᠡ ᠹᠷᠣᠨᠲ ᠤᠨ ᠨᠠᠮ ᠤᠨ ᠭᠡᠰᠢᠭᠦᠨ ᠺᠠᠳ᠋ᠷ᠂ ᠡᠮᠴᠢᠯᠡᠭᠡᠨ ᠤ ᠠᠵᠢᠯᠲᠠᠨ ᠪᠣᠯᠣᠨ ᠰᠠᠶᠢᠨ ᠳᠤᠷᠠᠴᠤᠳ ᠲᠤ ᠬᠦᠴᠦᠲᠡᠢ ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ᠃ ᠤᠳᠤᠷᠢᠳᠬᠤ ᠺᠠᠳ᠋ᠷ ᠴᠡᠭ ᠲᠤ ᠰᠠᠭᠤᠵᠤ ᠱᠠᠯᠠᠪᠳᠠᠭᠤᠯᠤᠨ ᠵᠢᠯᠣᠭᠤᠳᠬᠤ ᠠᠵᠢᠯ ᠤᠨ ᠲᠣᠭᠲᠠᠴᠠ ᠶᠢ ᠪᠦᠬᠦ ᠶᠠᠪᠤᠴᠠ ᠪᠠᠷ ᠪᠠᠷᠢᠮᠲᠠᠯᠠᠵᠤ᠂ ᠬᠦᠴᠦᠨ ᠢ ᠨᠢᠭᠡᠳᠦᠯᠲᠡᠢ ᠲᠥᠯᠥᠪᠵᠢᠭᠦᠯᠬᠦ᠂ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ᠂ ᠠᠵᠢᠯ ᠢ ᠨᠢᠭᠡᠳᠦᠯᠲᠡᠢ ᠲᠥᠯᠥᠪᠵᠢᠭᠦᠯᠬᠦ ᠶᠢ ᠤᠯᠠᠮ ᠴᠢᠨᠠᠭᠰᠢᠳᠠ ᠴᠢᠩᠭᠠᠳᠬᠠᠵᠤ᠂ ᠬᠢᠯᠪᠠᠷ ᠪᠤᠰᠤ ᠪᠠᠷ ᠣᠯᠣᠭᠰᠠᠨ ᠱᠠᠲᠤᠴᠢ ᠴᠢᠨᠠᠷᠲᠠᠢ ᠦᠷ᠎ᠡ ᠪᠦᠲᠦᠭᠡᠯ ᠢᠶᠠᠨ ᠪᠦᠬᠦ ᠬᠦᠴᠦᠨ ᠢᠶᠠᠷ ᠪᠠᠬᠢᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠰᠥᠨᠥᠭᠡᠯᠲᠡ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠢᠯᠠᠯᠲᠠ ᠣᠯᠣᠨ᠎ᠠ ᠭᠡᠵᠦ ᠬᠡᠯᠡᠪᠡ᠃      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠳᠤ ᠢᠷᠡᠵᠦ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢ ᠪᠢᠨ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠧᠦ ᠶᠠᠩ ᠰᠢᠶᠣᠣ ᠬᠤᠢ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠵᠢᠯ ᠢ ᠬᠠᠷᠢᠭᠤ ᠮᠡᠳᠡᠭᠦᠯᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠳᠤ ᠢᠷᠡᠵᠦ ᠠᠵᠢᠯᠯᠠᠬᠤ ᠳᠤᠭᠤᠶᠢᠯᠠᠩ ᠤᠨ ᠬᠡᠰᠡᠭ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠤᠨ ᠡᠯ᠎ᠡ ᠲᠤᠰᠬᠠᠢ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ