ᠸᠠᠩ ᠯᠢ ᠰᠢᠶᠠ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠤᠨᠲ ᠤᠨ ᠠᠵᠢᠯ ᠢ ᠪᠠᠶᠢᠷᠢᠯᠠᠭᠤᠯᠬᠤ ᠬᠤᠷᠠᠯ ᠳᠡᠭᠡᠷ᠎ᠡ ᠴᠢᠬᠤᠯᠠᠴᠢᠯᠡᠭᠰᠠᠨ ᠨᠢ ︽ᠠᠷᠪᠠᠨ ᠨᠢᠭᠡᠨ ᠪᠦᠬᠦ ᠲᠠᠯ᠎ᠠ︾ ᠶᠢ ᠦᠨᠡᠨ ᠬᠦ ᠪᠡᠶᠡᠯᠡᠭᠦᠯᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠦᠨᠦᠬᠡᠯᠳᠡ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/11/2

      10 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠤᠨ ᠤ ᠲᠡᠷᠢᠭᠦᠯᠡᠭᠴᠢ ᠸᠠᠩ ᠯᠢ ᠰᠢᠶᠠ ᠡᠵᠡᠨ᠎ᠡ ᠬᠤᠰᠢᠭᠤᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠡᠷᠬᠢᠯᠡᠭᠴᠢ ᠮᠠ ᠰᠢᠶᠣᠣ ᠸᠧᠢ ᠨᠥᠬᠦᠷ ᠤᠨ ᠶᠠᠷᠢᠶᠠᠨ ᠤ ᠱᠠᠭᠠᠷᠳᠠᠯᠭ᠎ᠠ ᠪᠣᠯᠤᠨ ᠲᠥᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠬᠠᠷᠢᠭᠤ ᠳᠤᠰᠬᠠᠭᠰᠠᠨ ᠰᠠᠨᠠᠯ ᠢ ᠤᠯᠠᠮᠵᠢᠯᠠᠨ ᠲᠤᠭᠤᠰᠢᠯᠠᠭᠤᠯᠵᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠠᠬᠢᠨ ᠪᠠᠶᠢᠷᠢᠯᠠᠭᠤᠯᠪᠠ᠃ ᠲᠡᠷᠡ᠂ ︽ᠠᠷᠪᠠᠨ ᠨᠢᠭᠡᠨ ᠪᠦᠬᠦ ᠲᠠᠯ᠎ᠠ︾ ᠶᠢᠨ ᠲᠣᠭᠤᠷᠢᠨ ᠳᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠳᠡ ᠶᠢᠨ ᠲᠤᠶᠢᠯᠪᠤᠷᠢᠲᠠᠢ ᠢᠯᠠᠯᠲᠠ ᠶᠢ ᠣᠯᠬᠤ ᠬᠡᠷᠡᠭᠲᠡᠢ ᠬᠡᠵᠥ ᠴᠢᠬᠤᠯᠠᠴᠢᠯᠠᠪᠠ᠃

      ᠸᠠᠩ ᠯᠢ ᠰᠢᠶᠠ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢᠭᠡᠨᠲᠡ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠲᠦᠷᠭᠡᠳᠭᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠰᠠᠨᠠᠭᠠᠴᠢᠯᠠᠭᠠᠲᠤ ᠡᠷᠬᠡ ᠶᠢ ᠲᠡᠮᠡᠴᠡᠨ ᠤᠯᠬᠤ ᠱᠠᠲᠤᠨ ᠠᠴᠠ ᠨᠠᠷᠢᠯᠢᠭᠵᠢᠭᠤᠯᠤᠨ ᠰᠢᠢᠳᠪᠦᠷᠢᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠪᠠᠬᠢᠵᠢᠭᠦᠯᠬᠦ ᠱᠠᠲᠤᠨ ᠳᠤ ᠰᠢᠯᠵᠢᠪᠡ᠃ ᠡᠯ᠎ᠡ ᠱᠠᠲᠤ ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠲᠥᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠪᠣᠯᠤᠨ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠢᠮᠠᠭᠲᠠ ᠬᠠᠮᠤᠭ ᠤᠨ ᠲᠥᠪ ᠴᠢᠩᠭ᠎ᠠ ᠣᠪᠣᠷ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠨᠢᠭᠲᠠ ᠴᠢᠩᠭ᠎ᠠ ᠠᠷᠭ᠎ᠠ ᠬᠡᠮᠵᠢᠶ᠎ᠡ ᠪᠠᠷ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠪᠣᠭᠤᠮᠲᠠ ᠶᠢ ᠪᠠᠲᠤ ᠡᠵᠡᠮᠳᠡᠵᠦ᠂ ᠠᠵᠢᠯ ᠢᠶᠠᠨ ᠰᠠᠶᠢᠲᠤᠷ ᠬᠢᠬᠦ ᠬᠡᠷᠡᠭᠲᠡᠶ ᠬᠡᠵᠥ ᠵᠢᠭᠠᠵᠥ ᠭᠠᠷᠭᠠᠪᠠ᠃

      ᠸᠠᠩ ᠯᠢ ᠰᠢᠶᠠ᠂ ᠬᠥᠮᠦᠨ ᠬᠠᠷ᠎ᠠ ᠶᠢᠨ ᠬᠤᠪᠢᠷᠠᠯᠲᠠ ᠶᠢᠨ ᠮᠡᠳᠡᠭᠡ ᠵᠠᠩᠬᠢ ᠶᠢ ᠪᠦᠬᠦ ᠲᠠᠯ᠎ᠠ ᠪᠠᠷ ᠨᠠᠷᠢᠨ ᠨᠢᠭᠲᠠ ᠲᠠᠭᠠᠨ ᠡᠵᠡᠮᠰᠢᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ᠂ ᠳᠤᠭᠤᠶᠢᠯᠠᠩ ᠤᠨ ᠬᠤᠭᠤᠷᠣᠨᠳᠣᠬᠢ ᠬᠠᠮᠵᠢᠯᠴᠠᠭ᠎ᠠ᠂ ᠳᠣᠲᠣᠭᠠᠳᠤ ᠭᠠᠳᠠᠭᠠᠳᠤ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠬᠥᠮᠦᠨ ᠬᠠᠷ᠎ᠠ ᠲᠣᠳᠣᠷᠬᠠᠢ᠂ ᠣᠷᠣᠨ ᠪᠠᠶᠢᠷᠢ ᠲᠣᠳᠣᠷᠬᠠᠢ᠂ ᠬᠠᠮᠢᠶᠠᠷᠤᠨ ᠡᠵᠡᠮᠳᠡᠭᠰᠡᠨ ᠪᠠᠶᠢᠳᠠᠯ ᠲᠣᠳᠣᠷᠬᠠᠢ ᠪᠠᠶᠢᠬᠤ ᠶᠢ ᠪᠠᠲᠤᠯᠠᠬᠤ ᠬᠡᠷᠡᠭᠲᠡᠢ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠢᠯ ᠤᠨ ᠳᠡᠰ ᠳᠠᠷᠠᠭᠠᠯᠠᠯ ᠢ ᠰᠢᠯᠢᠳᠡᠭᠵᠢᠭᠦᠯᠦᠨ᠂ ᠮᠡᠳᠡᠭᠡ ᠵᠠᠩᠬᠢ ᠶᠢᠨ ᠨᠡᠪᠲᠡᠷᠡᠯᠴᠡᠭᠡ ᠶᠢ ᠴᠢᠩᠭᠠᠳᠬᠠᠵᠤ᠂ ᠰᠢᠯᠭᠠᠨ ᠪᠠᠶᠢᠴᠠᠭᠠᠯᠲᠠ ᠶᠢᠨ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠴᠢᠨᠠᠭᠰᠢᠲᠠ ᠳᠡᠭᠡᠭᠰᠢᠯᠡᠭᠦᠯᠬᠦ ᠬᠡᠷᠡᠭᠲᠡᠶ᠃ ᠨᠡᠶᠢᠭᠡᠮ ᠲᠣᠭᠤᠷᠢᠭ ᠤᠨ ᠬᠠᠮᠢᠶᠠᠷᠤᠯᠲᠠ ᠡᠵᠡᠮᠳᠡᠯ ᠢ ᠪᠦᠬᠦ ᠲᠠᠯ᠎ᠠ ᠪᠠᠷ ᠴᠢᠩᠭᠠᠳᠬᠠᠵᠤ᠂ ᠠᠶᠤᠯ ᠲᠥᠭᠰᠢᠭᠦᠷᠢ ᠶᠢᠨ ᠲᠡᠰ ᠪᠣᠯᠤᠨ ᠰᠡᠷᠭᠡᠶᠢᠯᠡᠨ ᠡᠵᠡᠮᠳᠡᠬᠦ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠠᠭ ᠲᠤᠬᠠᠢ ᠳᠤᠨᠢ ᠲᠤᠬᠢᠷᠠᠭᠤᠯᠤᠯᠳᠠ ᠬᠢᠵᠥ᠂ ᠲᠡᠰ ᠲᠦᠷᠦᠯ ᠬᠤᠪᠢᠶᠠᠨ ᠣᠨᠤᠪᠴᠢᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠬᠡᠷᠡᠭᠲᠡᠢ᠃ ᠲᠤᠰᠠᠭᠠᠷᠯᠠᠬᠤ ᠴᠡᠭ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠰᠠᠭᠠᠷᠯᠠᠭᠳᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ︽ᠭᠤᠷᠪᠠᠨ ᠣᠷᠣᠨ ᠬᠤᠶᠠᠷ ᠵᠠᠮ︾ ᠤᠨ ᠱᠠᠭᠠᠷᠳᠠᠯᠭ᠎ᠠ ᠶᠢ ᠨᠠᠶᠢᠳᠠᠪᠤᠵᠢᠭᠤᠯᠵᠤ᠂ ᠰᠣᠯᠪᠢᠴᠠᠨ ᠬᠠᠯᠳᠠᠪᠤᠷᠢᠯᠠᠬᠤ ᠠᠴᠠ ᠪᠦᠲᠦᠮᠵᠢᠲᠡᠶ ᠵᠠᠶᠢᠯᠠᠰᠬᠢᠬᠦ ᠬᠡᠷᠡᠭᠲᠡᠶ᠃ ᠪᠠᠭᠤᠳᠠᠯ᠂ ᠠᠷᠠᠳ ᠤᠨ ᠰᠠᠭᠤᠴᠠ ᠵᠡᠷᠭᠡ ᠭᠠᠵᠠᠷ ᠢ ᠪᠦᠬᠦ ᠲᠠᠯ᠎ᠠ ᠪᠠᠷ ᠠᠷᠢᠭᠤᠳᠬᠠᠬᠤ ᠶᠢᠨ ᠬᠠᠮᠲᠤ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠦᠪ ᠠᠴᠠ ᠦᠷ᠎ᠡ ᠪᠦᠲᠦᠮᠵᠢ ᠶᠢᠨ ᠦᠨᠡᠯᠡᠯᠲᠡ ᠬᠢᠵᠦ᠂ ᠴᠠᠭ ᠲᠤᠬᠠᠢ ᠳᠤᠨᠢ ᠰᠠᠶᠢᠵᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠡᠮᠨᠡᠯᠭᠡ ᠶᠢᠨ ᠬᠤᠷᠢᠶᠠᠨ ᠤ ᠠᠪᠤᠷᠠᠨ ᠵᠠᠰᠠᠬᠤ ᠪᠠ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠡᠪᠡᠳᠴᠢᠲᠡᠨ ᠢ ᠠᠪᠤᠷᠠᠨ ᠵᠠᠰᠠᠬᠤ ᠬᠦᠴᠦᠨ ᠢ ᠪᠠᠲᠤᠯᠠᠬᠤ ᠮᠥᠷᠲᠡᠭᠡᠨ ᠪᠠᠰᠠ ᠤᠯᠠᠨ ᠲᠦᠮᠡᠨ ᠤ ᠬᠡᠪ ᠤᠨ ᠡᠮᠴᠢᠯᠡᠭᠡᠨ ᠤ ᠦᠢᠯᠡᠴᠢᠯᠡᠭᠡ ᠶᠢ ᠪᠠᠲᠤᠯᠠᠬᠤ ᠬᠡᠷᠡᠭᠲᠡᠢ᠃ ᠠᠵᠢᠯᠯᠠᠬᠤ ᠳᠤᠭᠤᠶᠢᠯᠠᠩ ᠤᠨ ᠰᠠᠨᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠰᠦᠯ ᠢ ᠪᠤᠲᠠᠲᠠᠶᠢᠵᠢᠭᠤᠯᠵᠤ᠂ ᠲᠤᠰᠬᠠᠢ ᠠᠩᠭᠢ ᠲᠤᠰᠬᠠᠢ ᠬᠠᠷᠢᠭᠤᠴᠠᠯᠭ᠎ᠠ ᠡᠭᠦᠷᠭᠡᠯᠡᠵᠦ᠂ ᠴᠠᠭ ᠤᠨ ᠬᠢᠵᠠᠭᠠᠷ ᠢ ᠲᠣᠩᠭᠤᠷᠠᠭᠤᠯᠤᠨ ᠵᠢᠭᠰᠠᠭᠠᠵᠤ᠂ ᠴᠠᠭ ᠲᠤᠬᠠᠢ ᠳᠤᠨᠢ ᠬᠠᠷᠢᠭᠤ ᠳᠤᠰᠬᠠᠬᠤ ᠬᠡᠷᠡᠭᠲᠡᠢ᠃ ᠡᠯ᠎ᠡ ᠲᠥᠷᠥᠯ ᠤᠨ ᠲᠥᠰᠦᠯ᠂ ᠡᠬᠡ ᠲᠠᠩᠰᠠ᠂ ᠵᠠᠮ ᠱᠤᠭᠤᠮ ᠤᠨ ᠵᠢᠷᠤᠭ ᠢ ᠪᠥᠬᠦ ᠲᠠᠯ᠎ᠠ ᠪᠠᠷ ᠰᠢᠨᠡᠳᠬᠡᠵᠦ᠂ ᠠᠵᠢᠯ ᠤᠨ ᠲᠥᠰᠦᠯ ᠲᠠᠢ᠂ ᠪᠠᠶᠢᠷᠢᠯᠠᠭᠤᠯᠤᠯᠲᠠ ᠶᠢᠨ ᠠᠬᠢᠴᠠ ᠲᠠᠢ᠂ ᠠᠬᠢᠭᠤᠯᠬᠤ ᠠᠷᠭ᠎ᠠ ᠬᠡᠮᠵᠢᠶ᠎ᠡ ᠲᠠᠢ᠂ ᠦᠷ᠎ᠡ ᠳ᠋ᠦᠩ ᠳᠤ ᠦᠨᠡᠯᠡᠯᠲᠠ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠡᠳ᠋ ᠪᠣᠳᠠᠰ ᠤᠨ ᠪᠠᠲᠤᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠪᠠᠴᠢᠮ ᠬᠡᠷᠡᠭᠰᠡᠬᠦ ᠡᠳ᠋ ᠪᠣᠳᠠᠰ ᠤᠨ ᠬᠥᠳᠡᠯᠦᠩᠭᠦᠢ ᠨᠠᠷᠢᠨ ᠳᠠᠩᠰᠠ ᠲᠠᠢ ᠬᠠᠷᠭᠤᠭᠤᠯᠵᠤ᠂ ᠱᠠᠯᠠᠪᠳᠠᠨ ᠰᠢᠯᠵᠢᠭᠦᠯᠦᠨ ᠲᠡᠭᠡᠭᠡᠪᠦᠷᠢᠯᠡᠵᠦ ᠨᠥᠭᠡᠴᠡᠯᠡᠨ᠂ ᠱᠠᠯᠠᠪᠳᠠᠨ ᠬᠤᠪᠢᠶᠠᠷᠢᠯᠠᠬᠤ ᠬᠡᠷᠡᠭᠲᠡᠢ᠃ ᠰᠣᠨᠢᠨ ᠮᠡᠳᠡᠭᠡᠨ ᠤ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠦᠬᠦ ᠲᠠᠯ᠎ᠠ ᠪᠠᠷ ᠴᠢᠩᠭᠠᠳᠬᠠᠵᠤ᠂ ᠴᠠᠭ ᠲᠤᠬᠠᠢ ᠳᠤᠨᠢ ᠮᠥᠷᠳᠡᠨ ᠮᠡᠳᠡᠭᠡᠯᠡᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠨᠡᠶᠢᠭᠡᠮ ᠤᠨ ᠵᠢᠱᠢᠯᠲᠡ ᠶᠢ ᠴᠠᠭ ᠲᠤᠬᠠᠢ ᠳᠤᠨᠢ ᠲᠣᠭᠲᠠᠪᠤᠷᠢᠵᠢᠭᠤᠯᠬᠤ ᠬᠡᠷᠡᠭᠲᠡᠢ᠃ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠪᠣᠯᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠪᠦᠬᠦ ᠲᠠᠯ᠎ᠠ ᠪᠠᠷ ᠪᠠᠳᠠᠷᠠᠭᠤᠯᠵᠤ᠂ ᠨᠠᠮ ᠤᠨ ᠰᠦᠯᠳᠡ ᠶᠢ ᠡᠮᠦᠨ᠎ᠡ ᠹᠷᠤᠨᠲ ᠲᠤ ᠭᠡᠷᠡᠯ ᠭᠢᠯᠪᠠᠭ᠎ᠠ ᠰᠠᠴᠤᠷᠠᠭᠤᠯᠵᠤ᠂ ᠨᠠᠮ ᠤᠨ ᠲᠤᠭ ᠢ ᠡᠮᠦᠨ᠎ᠡ ᠹᠷᠤᠨᠲ ᠲᠤ ᠥᠨᠳᠥᠷ ᠮᠠᠨᠳᠤᠭᠤᠯᠬᠤ ᠬᠡᠷᠡᠭᠲᠡᠢ ᠬᠡᠵᠥ ᠴᠢᠬᠤᠯᠠᠴᠢᠯᠠᠪᠠ᠃

      ᠲᠥᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠳᠤ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢ ᠪᠢᠨ᠂ ᠥᠪᠡᠷᠲᠡᠭᠡᠨ ᠵᠠᠰᠠᠬᠤ ᠣᠷᠤᠨ ᠤ ᠤᠳᠤᠷᠢᠳᠤᠯᠭ᠎ᠠ ᠡᠸᠤ ᠶᠠᠩ ᠰᠢᠶᠣᠣ ᠬᠤᠶ᠂ ᠾᠧᠩ ᠰᠢᠶᠤᠤ ᠹᠠᠨ ᠬᠤᠷᠠᠯ ᠳᠤ ᠣᠷᠣᠯᠴᠠᠵᠠᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠤᠨᠲ ᠤᠨ ᠵᠢᠯᠤᠭᠤᠳᠬᠤ ᠭᠠᠵᠠᠷ ᠤᠨ ᠡᠯ᠎ᠡ ᠲᠤᠰᠬᠠᠢ ᠠᠵᠢᠯ ᠤᠨ ᠳᠤᠭᠤᠶᠢᠯᠠᠩ ᠤᠨ ᠳᠠᠷᠤᠭ᠎ᠠ ᠨᠠᠷ ᠬᠤᠷᠠᠯ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ