ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ︽ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠬᠦ︾ ᠲᠤᠰᠬᠠᠶ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/22
      ᠯᠢ ᠪᠢᠩ ᠷᠦᠩ ᠳ᠋ᠦᠩ ᠾᠧᠩ ᠢᠦ᠋ᠶ ᠤᠷᠤᠯᠴᠠᠵᠠᠢ      11 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ︽ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠲᠥ᠋ᠷᠥ ᠶᠢᠨ ᠪᠣᠳᠣᠯᠭ᠎ᠠ ᠵᠢᠨ‌ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠬᠦ︾ ᠲᠤᠰᠬᠠᠶ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠦᠩ ᠾᠧᠩ ᠢᠦ᠋ᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠬᠤᠷᠠᠯ ᠲᠡᠭᠡᠷ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠠᠷᠢᠶᠠᠯᠠᠩ ᠮᠠᠯ ᠠᠵᠤ ᠠᠬᠤᠶ ᠶᠢᠨ ᠵᠥᠪᠯᠡᠯ ᠤᠨ ᠬᠠᠷᠢᠭᠤᠴᠠᠯᠭᠠᠲᠠᠨ ᠨᠥᠬᠦᠳ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠤᠨ ᠲᠣᠳᠣᠷᠬᠠᠶᠢᠯᠠᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ᠬᠠᠷᠢᠭᠤᠴᠠᠯᠭᠠᠲᠠᠨ ᠨᠥᠬᠦᠳ ᠬᠠᠮᠢᠶ᠎ᠠ ᠪᠥᠬᠦᠶ ᠠᠵᠢᠯ ᠤᠨ ᠪᠠᠶᠢᠳᠠᠯ ᠢ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠤᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠲᠤᠰᠬᠠᠢ ᠰᠡᠳᠦᠪᠲᠦ ᠶᠠᠷᠢᠶ᠎ᠠ ᠲᠠᠯᠪᠢᠭᠰᠠᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠵᠥᠪᠯᠡᠬᠦ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠠᠢ᠃      ᠬᠤᠷᠠᠯ ᠠᠴᠠ᠂ ᠤᠢᠢᠷ᠎ᠠ ᠶᠢᠨ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠯᠤᠰ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠢᠳᠡᠪᠬᠢᠲᠡᠢ ᠦᠷ᠎ᠡ ᠪᠦᠲᠦᠮᠵᠢ ᠣᠯᠵᠤ᠂ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠢ ᠬᠠᠮᠠᠭᠠᠯᠠᠬᠤ ᠤᠬᠠᠮᠰᠠᠷ ᠢᠯᠡᠳᠲᠡ ᠴᠢᠩᠭᠠᠷᠠᠵᠤ᠂ ᠨᠤᠲᠤᠭ ᠪᠡᠯᠴᠢᠭᠡᠷ ᠤᠨ ᠥᠪᠡᠷ ᠢ ᠪᠠᠨ ᠰᠠᠶᠢᠵᠢᠷᠠᠭᠤᠯᠤᠨ ᠰᠡᠷᠭᠦᠭᠡᠬᠦ ᠴᠢᠳᠠᠪᠤᠷᠢ ᠢᠯᠡᠳᠲᠡ ᠳᠡᠭᠡᠭᠰᠢᠯᠡᠪᠡ᠃ ᠭᠡᠪᠡᠴᠦ ᠲᠥᠷᠥ ᠶᠢᠨ ᠪᠣᠳᠣᠯᠭ᠎ᠠ ᠶᠢᠨ ᠲᠥᠬᠦᠷᠵᠢᠭᠦᠯᠬᠦ ᠠᠷᠭ᠎ᠠ ᠬᠡᠮᠵᠢᠶ᠎ᠡ ᠳᠤᠲᠠᠮᠠᠭ᠂ ᠠᠭᠤᠯᠭ᠎ᠠ ᠶᠢ ᠰᠢᠯᠢᠳᠡᠭᠵᠢᠭᠦᠯᠬᠦ ᠴᠢᠬᠤᠯᠠᠲᠠᠶ᠂ ᠵᠠᠯᠭᠠᠮᠵᠢ ᠠᠵᠤ ᠦᠶᠯᠡᠰ ᠤᠨ ᠲᠤᠯᠭᠠᠭᠤᠷᠢᠯᠠᠯ ᠳᠤᠲᠠᠮᠠᠭ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ ᠬᠠᠷᠠᠬᠠᠨ ᠪᠦᠷᠢᠨᠰᠢᠭᠡᠳᠦᠶ ᠵᠡᠷᠭᠡ ᠠᠰᠠᠭᠤᠳᠠᠯ ᠮᠥᠨ ᠬᠦ ᠣᠷᠣᠰᠢᠭᠰᠠᠭᠠᠷ ᠪᠠᠶᠢᠨ᠎ᠠ ᠭᠡᠵᠦ ᠦᠵᠡᠪᠡ᠃      ᠬᠤᠷᠠᠯ ᠠᠴᠠ᠂ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠨᠢ ᠮᠠᠨ ᠤ ᠣᠷᠣᠨ ᠤ ᠨᠤᠲᠤᠭ ᠪᠡᠯᠴᠢᠭᠡᠷ ᠮᠠᠯᠵᠢᠬᠤ ᠣᠷᠣᠨ ᠤ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠲᠠᠯ᠎ᠠ ᠶᠢᠨ ᠬᠢᠨ ᠤ ᠡᠷᠬᠢᠮ ᠨᠠᠨᠳᠢᠨ ᠰᠠᠨᠠᠯ ᠢ ᠤᠯᠠᠮ ᠨᠢᠭᠡ ᠠᠯᠬᠤᠮ ᠰᠢᠩᠭᠡᠭᠡᠨ ᠠᠪᠴᠤ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠠᠨ ᠲᠡᠭᠦᠯᠳᠡᠷᠵᠢᠭᠦᠯᠦᠨ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠬᠤ ᠶᠢᠨ ᠬᠠᠮᠲᠤ ᠲᠠᠭᠠᠵᠦ ᠪᠠᠶᠢᠭᠠᠳ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠦᠷᠭᠦᠯᠵᠢᠯᠡᠨ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠪᠠᠶᠢᠴᠠᠭᠠᠨ ᠰᠤᠳᠤᠯᠵᠤ ᠵᠥᠪᠳᠡᠯᠴᠡᠬᠦ ᠶᠢ ᠴᠥᠬᠦᠷᠡᠰᠢ ᠥᠬᠡᠶ ᠥᠷᠨᠢᠭᠦᠯᠵᠦ᠂ ᠡᠬᠡ ᠤᠯᠤᠰ ᠤᠨ ᠤᠮᠠᠷᠠᠲᠤ ᠶᠢᠨ ᠦᠵᠡᠰᠭᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠵᠢᠭᠠᠵᠦ ᠭᠠᠷᠭᠠᠵᠠᠢ᠃      ᠬᠤᠷᠠᠯ ᠠᠴᠠ᠂ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷᠢᠮᠵᠢᠶ᠎ᠠ ᠵᠢᠴᠢ ᠬᠡᠷᠡᠭᠵᠢᠭᠦᠯᠬᠦ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠵᠠᠯᠭᠠᠮᠵᠢ ᠠᠵᠤ ᠦᠶᠯᠡᠰ ᠢ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠠᠵᠢᠯ ᠤᠨ ᠡᠷᠴᠢᠮ ᠢᠶᠠᠨ ᠪᠥᠬᠦ ᠲᠠᠯ᠎ᠠ ᠪᠠᠷ ᠴᠢᠩᠭᠠᠷᠠᠭᠤᠯᠬᠤ ᠬᠡᠷᠡᠭᠲᠡᠶ ᠭᠡᠵᠦ ᠰᠠᠨᠠᠭᠤᠯᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ