ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2021ᠣᠨ ᠤ 23 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/22
      11 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠲᠡᠬᠦᠰ ᠤᠨ ᠠᠵᠢᠯ ᠤᠨ ᠲᠤᠬᠠᠢ ᠴᠢᠬᠤᠯᠠ ᠵᠢᠭᠠᠪᠤᠷᠢ᠂ ᠶᠡᠷᠦᠩᠬᠡᠢ ᠰᠠᠶᠢᠳ ᠯᠢ ᠺᠧ ᠴᠢᠶᠠᠩ ᠤᠨ ᠴᠢᠬᠤᠯᠠ ᠴᠣᠬᠤᠯᠠᠪᠤᠷᠢ ᠪᠣᠯᠤᠨ ᠪᠦᠬᠦ ᠤᠯᠤᠰ ᠤᠨ ᠥᠲᠡᠬᠦᠰ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠣᠯᠤᠨ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃       ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠥᠲᠡᠬᠦᠰ ᠤᠨ ᠠᠵᠢᠯ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠮᠦᠨ ᠠᠮᠠ ᠶᠢᠨ ᠥᠲᠡᠬᠦᠰ ᠢ ᠢᠳᠡᠪᠬᠢᠲᠡᠢ ᠠᠷᠭᠠᠴᠠᠭᠠᠬᠤ ᠶᠢ ᠤᠯᠤᠰ ᠤᠨ ᠪᠠᠶᠢᠯᠳᠤᠬᠤ ᠪᠤᠳᠤᠯᠭ᠎ᠠ ᠪᠣᠯᠭᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠠᠯᠢ ᠤᠯᠠᠨ ᠴᠢᠬᠤᠯᠠ ᠵᠢᠭᠠᠪᠤᠷᠢ ᠥᠭᠴᠦ᠂ ᠠᠯᠢ ᠤᠯᠠᠨ ᠴᠢᠬᠤᠯᠠ ᠱᠠᠭᠠᠷᠳᠠᠯᠭ᠎ᠠ ᠳᠤᠷᠠᠳᠴᠤ᠂ ᠰᠢᠨ᠎ᠡ ᠴᠠᠭ ᠦᠶ᠎ᠡ ᠶᠢᠨ ᠦᠳᠡᠬᠦᠰ ᠤᠨ ᠠᠵᠢᠯ ᠢ ᠰᠠᠶᠢᠲᠤᠷ ᠬᠢᠬᠦ ᠳᠤ ᠴᠢᠬᠤᠯᠠ ᠵᠢᠷᠤᠮᠯᠠᠯ ᠬᠠᠩᠭᠠᠪᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠰᠡᠳᠬᠢᠯᠬᠡ ᠪᠠ ᠲᠤᠯᠭᠠᠮ ᠰᠡᠳᠬᠢᠯᠬᠡ ᠪᠠᠨ ᠦᠨᠡᠨ ᠬᠦ ᠴᠢᠩᠭᠠᠳᠬᠠᠵᠤ᠂ ᠬᠥᠮᠦᠨ ᠠᠮᠠ ᠶᠢᠨ ᠥᠲᠡᠬᠦᠰ ᠢ ᠢᠳᠡᠪᠬᠢᠲᠡᠶ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠶᠯᠡᠴᠢᠯᠡᠭᠡᠨ ᠤ ᠪᠠᠲᠤᠯᠠᠭ᠎ᠠ  ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠣᠷᠣᠨ ᠤ ᠥᠲᠡᠬᠦᠰ ᠤᠨ ᠠᠵᠢᠯ ᠦᠶᠯᠡᠰ ᠤᠨ ᠬᠥᠭᠵᠢᠯᠲᠡ ᠶᠢ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠶ᠃ ᠨᠠᠰᠤᠲᠠᠶᠢᠴᠤᠳ ᠤᠨ ᠨᠡᠶᠢᠭᠡᠮ ᠤᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠵᠡᠷᠭᠡ ᠠᠰᠠᠭᠤᠳᠠᠯ ᠤᠨ ᠲᠠᠯ᠎ᠠ ᠪᠠᠷ ᠬᠢ ︽ᠪᠠᠴᠢᠮᠳᠠᠵᠥ᠂ ᠲᠦᠪᠡᠭᠳᠡᠵᠤ᠂ ᠵᠤᠪᠠᠨᠢᠵᠥ᠂ ᠬᠦᠰᠡᠵᠥ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠷ ᠪᠦᠯᠢ ᠨᠡᠶᠢᠭᠡᠮ ᠲᠣᠭᠤᠷᠢᠭ ᠤᠨ ᠪᠠᠶᠢᠭᠤᠯᠤᠮᠵᠢ ᠬᠠᠷᠢᠯᠴᠠᠨ ᠵᠣᠬᠢᠴᠠᠭᠰᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠠᠰᠠᠷᠠᠮᠵᠢ ᠶᠢ ᠤᠶᠠᠯᠳᠤᠭᠤᠯᠤᠭᠰᠠᠨ ᠥᠲᠡᠬᠦᠰ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠥᠲᠡᠬᠦᠰ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠭᠡᠨ ᠠᠬᠢᠭᠤᠯᠵᠤ᠂ ᠥᠲᠡᠬᠦᠰ ᠤᠨ ᠠᠰᠠᠷᠠᠮᠵᠢ᠂ ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠬᠦᠨᠳᠦᠯᠡᠬᠦ ᠨᠡᠶᠢᠭᠡᠮ ᠤᠨ ᠣᠷᠴᠢᠨ ᠲᠣᠭᠤᠷᠢᠨ ᠢ ᠲᠦᠷᠭᠡᠳᠭᠡᠨ ᠪᠦᠷᠢᠯᠳᠦᠭᠦᠯᠵᠦ᠂ ᠥᠷᠭᠡᠨ ᠤᠯᠠᠨ ᠨᠠᠰᠤᠲᠠᠶᠢᠴᠤᠳ ᠢ ᠥᠲᠡᠯᠦᠬᠡ ᠨᠠᠰᠤᠨ ᠳᠠᠭᠠᠨ ᠬᠦᠷᠳᠡᠬᠦ ᠠᠴᠠ ᠠᠰᠠᠷᠠᠮᠵᠢ ᠲᠠᠢ᠂ ᠥᠲᠡᠯᠦᠬᠡ ᠨᠠᠰᠤᠨ ᠳᠠᠭᠠᠨ ᠡᠪᠡᠳᠴᠢᠨ ᠢᠶᠠᠨ ᠦᠵᠡᠭᠦᠯᠬᠦ ᠠᠴᠠ ᠡᠮᠨᠡᠯᠭᠡ ᠲᠠᠢ᠂ ᠥᠲᠡᠯᠦᠬᠡ ᠨᠠᠰᠤᠨ ᠳᠠᠭᠠᠨ ᠬᠢᠬᠦ ᠠᠴᠠ ᠠᠵᠢᠯ ᠲᠠᠢ᠂ ᠥᠲᠡᠯᠦᠬᠡ ᠨᠠᠰᠤᠨ ᠳᠠᠭᠠᠨ ᠬᠦᠷᠳᠡᠬᠦ ᠠᠴᠠ ᠰᠤᠷᠭᠠᠨ ᠬᠦᠮᠦᠵᠢᠯ ᠲᠠᠢ᠂ ᠦᠳᠡᠯᠦᠭᠡ ᠨᠠᠰᠤᠨ ᠳᠠᠭᠠᠨ ᠪᠠᠶᠠᠷ ᠪᠠᠶᠠᠰᠤᠯ ᠲᠠᠢ ᠪᠠᠶᠢᠯᠭᠠᠬᠤ ᠬᠡᠷᠡᠭᠲᠡᠢ ᠬᠡᠵᠥ ᠵᠢᠭᠠᠵᠥ ᠭᠠᠷᠭᠠᠪᠠ᠃       ᠬᠤᠷᠠᠯ ᠠᠴᠠ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠤᠨ ᠬᠡᠷᠡᠭᠵᠢᠭᠦᠯᠦᠭᠰᠡᠨ ᠨᠢ ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠡᠢ᠃ ᠨᠠᠮ ᠤᠨ ᠲᠥᠪ ᠬᠤᠷᠢᠶ᠎ᠠ ᠳᠤ ᠲᠠᠯᠠᠷᠬᠠᠬᠤ ᠰᠡᠳᠭᠢᠯᠭᠡ᠂ ᠪᠡᠭᠡᠵᠢᠩ ᠬᠤᠲᠠ ᠳᠤ ᠲᠠᠯᠠᠷᠬᠠᠬᠤ ᠰᠡᠳᠭᠢᠯᠭᠡ ᠶᠢ ᠡᠪᠦᠷᠯᠡᠨ᠂ ᠰᠢᠨ᠎ᠡ ᠨᠢᠭᠡ ᠡᠭᠡᠯᠵᠢ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠡᠯ᠎ᠡ ᠵᠦᠶᠯ ᠤᠨ ᠠᠵᠢᠯ ᠢ ᠪᠦᠲᠦᠮᠵᠢᠲᠡᠶ ᠦᠷᠬᠦᠯᠵᠢᠯᠡᠨ ᠬᠢᠵᠦ᠂ ᠡᠮᠬᠢ ᠵᠢᠷᠤᠮ ᠲᠠᠢ ᠠᠬᠢᠭᠤᠯᠵᠤ᠂ ᠣᠨᠢᠨ ᠳᠡᠭᠡᠷ᠎ᠡ ᠨᠢ ᠵᠣᠯᠭᠠᠭᠤᠯᠵᠤ᠂ ᠴᠠᠭ ᠲᠤᠬᠠᠶ ᠳᠤᠨᠢ ᠮᠥᠷᠳᠡᠨ ᠦᠷ᠎ᠡ ᠪᠦᠲᠦᠮᠵᠢ ᠶᠢ ᠲᠤᠯᠭᠠᠵᠦ᠂ ᠠᠵᠤ ᠦᠶᠯᠡᠰ ᠤᠨ ᠪᠥᠲᠥᠭᠡᠨ ᠪᠠᠶᠢᠭᠤᠯᠤᠯᠲᠠ᠂ ᠠᠵᠢᠯ ᠦᠶᠯᠡᠰ ᠤᠨ ᠬᠥᠭᠵᠢᠯᠲᠡ᠂ ᠠᠵᠢᠯ ᠣᠯᠭᠤᠯᠲᠠ ᠠᠷᠠᠳ ᠤᠨ ᠠᠮᠢᠳᠤᠷᠠᠯ ᠵᠡᠷᠭᠡ ᠲᠠᠯ᠎ᠠ ᠶᠢᠨ ᠬᠠᠮᠵᠢᠯᠴᠠᠭ᠎ᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠨᠠᠩ ᠥᠷᠭᠡᠨ ᠬᠦᠷᠢᠶ᠎ᠡ ᠴᠠᠷᠠᠭ᠎ᠠ᠂ ᠨᠠᠩ ᠥᠨᠳᠥᠷ ᠲᠠᠰ ᠳᠠᠪᠬᠤᠷᠭ᠎ᠠ᠂ ᠨᠠᠩ ᠶᠡᠭᠡ ᠭᠡᠮᠵᠢᠶ᠎ᠡ  ᠪᠠᠷ ᠥᠷᠭᠡᠳᠭᠡᠬᠦ ᠶᠢ ᠠᠬᠢᠭᠤᠯᠬᠤ ᠬᠡᠷᠡᠭᠲᠡᠶ ᠭᠡᠵᠥ ᠴᠢᠬᠤᠯᠠᠴᠢᠯᠠᠪᠠ᠃       ᠬᠤᠷᠠᠯ ᠠᠴᠠ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠨᠢ ᠥᠪᠥᠷ ᠮᠣᠩᠭᠤᠯ ᠤᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠢ ᠪᠥᠲᠥᠭᠡᠨ ᠪᠠᠶᠢᠭᠤᠯᠬᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠣᠯᠤᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠴᠢᠬᠤᠯᠠ ᠶᠡᠭᠡ ᠠᠬᠤᠶᠢᠴᠢ ᠠᠴᠢ ᠬᠤᠯᠪᠣᠭᠳᠠᠯ ᠲᠠᠢ ᠶᠤᠮ᠃ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠭᠦᠨᠵᠡᠭᠡᠶ ᠲᠠᠨᠢᠵᠤ᠂ ᠰᠡᠷᠭᠡᠶᠢᠯᠡᠬᠦ ᠪᠠᠷ ᠭᠤᠤᠯ ᠪᠣᠯᠭᠠᠬᠤ᠂ ᠰᠡᠷᠭᠡᠶᠢᠯᠡᠬᠦ ᠬᠢᠭᠡᠳ ᠡᠵᠡᠮᠳᠡᠬᠦ᠂ ᠴᠡᠪᠡᠷᠰᠢᠭᠦᠯᠬᠦ᠂ ᠤᠰᠠᠳᠬᠠᠬᠤ ᠶᠢ ᠤᠶᠠᠯᠳᠤᠭᠤᠯᠬᠤ ᠴᠢᠭᠯᠡᠯᠲᠡ ᠶᠢ ᠪᠠᠷᠢᠮᠲᠠᠯᠠᠨ᠂ ᠰᠡᠷᠭᠡᠶᠢᠯᠡᠨ ᠡᠵᠡᠮᠳᠡᠬᠦ ᠴᠢᠳᠠᠪᠤᠷᠢ ᠪᠣᠯᠤᠨ ᠵᠠᠰᠠᠯᠳᠠ ᠶᠢᠨ ᠰᠢᠰᠲ᠋ᠧᠮ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠬᠤ ᠬᠡᠷᠡᠭᠲᠡᠶ᠃ ᠪᠦᠬᠦ ᠬᠡᠯᠬᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠢᠬᠤᠯᠠ ᠶᠡᠭᠡ ᠠᠮᠢᠳᠠᠨ ᠤ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠡᠭᠡᠯᠢᠯᠡᠭᠡ ᠬᠢᠯᠭᠡᠬᠦ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠤᠨ ᠵᠠᠩᠭᠢᠯᠠᠭ᠎ᠠ ᠶᠢᠨ ᠭᠤᠭᠴᠤᠭ᠎ᠠ ᠳᠠᠬᠢ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠮᠦᠨ᠎ᠡ ᠹᠷᠣᠨᠲ ᠤᠨ ᠬᠢᠵᠢᠭ ᠢ ᠰᠡᠷᠭᠡᠶᠢᠯᠡᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠷᠲᠡ ᠢᠯᠡᠷᠡᠭᠦᠯᠬᠦ᠂ ᠲᠦᠷᠭᠡᠨ ᠲᠤᠰᠬᠠᠯ ᠭᠠᠷᠭᠠᠬᠤ᠂ ᠴᠢᠩᠭ᠎ᠠ ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠮᠠᠯ ᠠᠵᠤ ᠠᠬᠤᠶ ᠶᠢᠨ ᠠᠵᠤ ᠦᠶᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ ᠤᠷᠲᠤᠳᠬᠠᠵᠤ᠂ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠣᠨᠳᠣᠣᠰᠢᠭᠤᠯᠬᠤ ᠨᠣᠷᠮ᠎ᠠ ᠪᠣᠯᠤᠨ ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠳᠠᠭᠠᠭᠤᠯᠤᠭᠴᠢ ᠠᠵᠤ ᠠᠬᠤᠶᠢᠯᠠᠯ ᠢ ᠶᠡᠭᠡ ᠪᠠᠷ ᠪᠣᠶᠢᠵᠢᠭᠤᠯᠤᠨ ᠲᠡᠮᠵᠢᠵᠦ ᠬᠦᠭᠵᠢᠬᠦᠯᠦᠨ᠂ ᠭᠦᠶᠯᠭᠡᠭᠡᠬᠦ ᠲᠣᠬᠢᠷᠠᠭᠤᠯᠤᠨ ᠬᠦᠷᠭᠡᠬᠦ ᠪᠠ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠷᠠᠳ ᠣᠯᠠᠨ ᠤ ᠡᠷᠡᠭᠦᠯ ᠮᠡᠨᠳᠦ ᠠᠮᠤᠷ ᠲᠦᠪᠰᠢᠨ ᠢ ᠦᠨᠡᠨ ᠬᠦ ᠬᠠᠮᠠᠭᠠᠯᠠᠵᠤ᠂ ᠣᠲᠣ ᠦᠶ᠎ᠡ ᠶᠢᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠬᠡᠵᠥ ᠴᠢᠬᠤᠯᠠᠴᠢᠯᠠᠪᠠ᠃       ᠬᠤᠷᠠᠯ ᠠᠴᠠ ᠪᠠᠰᠠ ᠣᠷᠣᠨ ᠨᠤᠲᠤᠭ ᠤᠨ ᠴᠢᠨᠠᠷᠲᠠᠶ ᠬᠡᠰᠡᠭ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢᠨ ᠲᠤᠬᠠᠢ ᠰᠠᠨᠠᠭᠤᠯᠭ᠎ᠠ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠡᠪᠡᠷᠯᠡᠬᠦ ᠪᠠ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠯᠪᠣᠭᠳᠠᠯ ᠪᠥᠬᠦᠶ ᠲᠤᠰᠬᠠᠶ ᠲᠥᠯᠥᠪᠵᠢᠭᠦᠯᠭᠡ ᠵᠡᠷᠭᠡ ᠵᠦᠶᠯ ᠢ ᠰᠤᠳᠤᠯᠵᠠᠶ᠃
ᠢᠷᠡᠯᠲᠡ᠄ ᠲᠣᠲᠣᠷᠬᠠᠢ ᠦᠭᠡᠢ