ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠬᠦ ᠭᠡᠰᠢᠬᠦᠳ ᠤᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠠᠵᠠ ᠲᠣᠬᠢᠶᠠᠯ ᠢ ᠠᠮᠵᠢᠨ ᠪᠠᠶᠢᠷᠢ ᠲᠣᠭᠲᠠᠭᠠᠯᠲᠠ ᠪᠠᠨ ᠪᠠᠲᠤ ᠡᠵᠡᠮᠳᠡᠵᠤ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤᠮᠳᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/11/22
      11 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠬᠦ ᠭᠡᠰᠢᠬᠦᠳ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠡᠦᠬᠡᠨ ᠠᠵᠠ ᠲᠣᠬᠢᠶᠠᠯ ᠢ ᠠᠮᠵᠢᠨ ᠰᠠᠶᠢᠲᠤᠷ ᠠᠰᠢᠭᠯᠠᠵᠤ᠂ ᠶᠡᠷᠦᠩᠬᠡᠶ ᠱᠦᠵᠢ ᠪᠣᠯᠤᠨ ᠨᠠᠮ ᠤᠨ ᠲᠥᠪ ᠬᠤᠷᠢᠶᠠᠨ ᠤ ᠮᠠᠨ ᠤ ᠣᠷᠣᠨ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢ ᠪᠠᠲᠤ ᠡᠵᠡᠮᠳᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠢᠳᠡᠪᠬᠢᠲᠡᠶ ᠵᠢᠳᠬᠦᠯ ᠴᠢᠷᠮᠠᠶᠢᠯᠭ᠎ᠠ ᠭᠠᠷᠭᠠᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠳᠤᠮᠳᠠ ᠮᠠᠨ ᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠸᠠᠩ ᠯᠢ ᠰᠢᠶᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠢᠨ ︽ᠶᠡᠭᠡ ᠪᠠᠷ ᠬᠠᠮᠠᠭᠠᠯᠠᠬᠤ᠂ ᠶᠡᠭᠡ ᠪᠠᠷ ᠨᠡᠭᠡᠭᠡᠯᠲᠡ ᠬᠢᠬᠦ᠂ ᠴᠢᠨᠠᠷ ᠰᠠᠶᠢᠲᠠᠶ ᠬᠥᠭᠵᠢᠬᠦᠯᠬᠦ︾ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ ᠴᠢᠩᠭ᠎ᠠ ᠡᠵᠡᠮᠳᠡᠵᠦ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠪᠥᠲᠥᠭᠡᠨ ᠪᠠᠶᠢᠭᠤᠯᠬᠤ ᠪᠠ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠬᠦᠯᠬᠦ ᠵᠠᠮ ᠢᠶᠠᠷ ᠰᠠᠶᠢᠲᠤᠷ ᠵᠠᠮᠨᠠᠬᠤ ᠶᠢᠨ ᠲᠣᠭᠤᠷᠢᠨ ᠳᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠪᠣᠳᠠᠲᠠᠶ ᠠᠴᠠ ᠡᠭᠦᠰᠴᠦ ᠪᠦᠲᠦᠭᠡᠯᠴᠢ ᠴᠢᠨᠠᠷᠲᠠᠶ ᠪᠠᠷ ᠠᠵᠢᠯ ᠢᠶᠠᠨ ᠥᠷᠨᠢᠭᠦᠯᠬᠦ ᠬᠡᠷᠡᠭᠲᠡᠶ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠥᠬᠦ ᠣᠷᠣᠨ ᠪᠦᠰᠡ ᠶᠢᠨ ᠠᠮᠢ ᠠᠬᠤᠶ ᠶᠢᠨ ᠠᠮᠤᠷ ᠲᠦᠪᠰᠢᠨ ᠤ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢ ᠲᠣᠪᠣᠶᠢᠮ᠎ᠠ ᠰᠠᠶᠢᠲᠤᠷ ᠠᠳᠬᠤᠵᠤ᠂ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠲᠠᠢ ᠠᠮᠢ ᠠᠬᠤᠶ ᠶᠢ ᠰᠡᠷᠭᠦᠭᠡᠨ ᠵᠠᠰᠠᠬᠤ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠣᠯᠤᠨ ᠲᠣᠭᠲᠠᠪᠤᠷᠢᠲᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠪᠣᠬᠢᠷᠲᠤᠯ ᠦᠭᠡᠢ ᠪᠤᠯᠭᠠᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠭᠡᠨ ᠠᠬᠢᠭᠤᠯᠵᠤ᠂ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠪᠣᠯᠤᠨ ᠪᠣᠬᠢᠷᠲᠤᠯ ᠦᠭᠡᠢ ᠤᠨᠴᠠᠯᠢᠬᠳᠤ ᠳᠠᠪᠠᠭᠤᠯᠢᠭ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠲᠦᠪᠯᠡᠷᠡᠭᠦᠯᠦᠨ ᠡᠷᠴᠢᠮᠵᠢᠭᠦᠯᠬᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠬᠢᠯᠳᠡᠳᠤ ᠬᠥᠭᠵᠢᠯᠲᠡ ᠶᠢ ᠶᠡᠭᠡ ᠪᠠᠷ ᠠᠬᠢᠭᠤᠯᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ ᠠᠷᠭ᠎ᠠ ᠬᠡᠯᠪᠡᠷᠢ ᠶᠢ ᠪᠠᠶᠢᠭᠤᠯᠤᠨ ᠪᠦᠷᠢᠯᠳᠦᠭᠦᠯᠬᠦ ᠬᠡᠷᠡᠭᠲᠡᠢ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠭᠡᠵᠦ᠂ ᠭᠤᠤᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠲᠦᠷᠭᠡᠳᠭᠡᠵᠦ᠂ ᠪᠥᠬᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠢ ᠲᠦᠷᠭᠡᠨ ᠪᠠᠶᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠦ᠂ ᠴᠢᠳᠠᠯ ᠤᠨ ᠬᠢᠷᠢ ᠪᠠᠷ ᠢᠶᠠᠨ ᠬᠢᠬᠦ ᠶᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠪᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ  ᠬᠢᠨ ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠯᠭᠠᠲᠤ ᠤᠬᠠᠮᠰᠠᠷ᠂ ᠡᠭᠦᠷᠭᠡᠳᠦ ᠤᠬᠠᠮᠰᠠᠷ ᠢ ᠪᠤᠢ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠯᠠᠭᠤᠯᠵᠤ᠂ ᠣᠨᠣᠴᠠᠲᠠᠢ ᠪᠠᠷ ᠠᠷᠭ᠎ᠠ ᠪᠤᠳᠤᠯᠭ᠎ᠠ ᠲᠣᠭᠲᠠᠭᠠᠨ ᠬᠡᠷᠡᠭᠵᠢᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠠᠯ᠎ᠠ ᠪᠠᠷ ᠰᠢᠨ᠎ᠡ ᠡᠭᠦᠷᠭᠡᠯᠡᠯ ᠪᠠ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ