ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠬᠦ ᠬᠡᠰᠢᠬᠦᠳ ᠤᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠰᠢᠨ᠎ᠡ ᠶᠢ ᠡᠭᠦᠳᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠣᠶᠢᠯᠭᠠᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠥ ᠪᠠᠳᠤ ᠴᠢᠩᠭ᠎ᠠ ᠡᠬᠦᠷᠬᠡᠳᠤ ᠰᠡᠳᠭᠢᠯᠭᠡ ᠳᠤᠯᠭᠠᠮ ᠰᠡᠳᠭᠢᠯᠭᠡ ᠬᠠᠷᠢᠭᠤᠴᠠᠯᠭᠠᠲᠤ ᠰᠡᠳᠭᠢᠯᠭᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠰᠠᠶᠢᠲᠤᠷ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2021/11/22

      11 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠬᠦ ᠬᠡᠰᠢᠬᠦᠳ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
      ᠸᠠᠩ ᠯᠢ ᠰᠢᠶᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠥᠬᠡᠶ ᠪᠠᠶᠢᠬᠤ ᠪᠣᠯ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠪᠣᠭᠤᠮᠢ ᠮᠥᠨ᠂ ᠣᠳᠣᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠶᠢ ᠨᠥᠯᠥᠭᠡᠯᠡᠵᠦ ᠪᠠᠶᠢᠭ᠎ᠠ ᠵᠠᠩᠭᠢᠯᠠᠭ᠎ᠠ ᠶᠢᠨ ᠬᠦᠴᠦᠨ ᠵᠦᠶᠯ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠲᠤᠶᠢᠯ ᠤᠨ ᠴᠢᠬᠤᠯᠠ ᠴᠢᠨᠠᠷ ᠪᠠ ᠠᠬᠤᠶᠢᠴᠢ ᠲᠤᠯᠭᠠᠮ ᠴᠢᠨᠠᠷ ᠢ ᠭᠦᠨᠵᠡᠭᠡᠢ ᠲᠠᠨᠢᠵᠥ᠂ ᠪᠣᠳᠠᠲᠠᠶ ᠠᠴᠠ ᠡᠭᠦᠰᠭᠦ ᠶᠢ ᠪᠠᠷᠢᠮᠲᠠᠯᠠᠬᠤ᠂ ᠳᠠᠪᠠᠭᠤᠯᠢᠭ ᠬᠦᠷᠢᠶ᠎ᠡ ᠠᠴᠠ ᠡᠭᠦᠰᠭᠦ᠂ ᠴᠢᠬᠤᠯᠠ ᠶᠡᠭᠡ ᠵᠠᠩᠭᠢᠯᠠᠭ᠎ᠠ ᠶᠢᠨ ᠠᠰᠠᠭᠤᠳᠠᠯ ᠢ ᠰᠢᠶᠳᠪᠦᠷᠢᠯᠡᠬᠦ ᠠᠴᠠ ᠡᠭᠦᠰᠬᠦ ᠶᠢ ᠪᠠᠷᠢᠮᠳᠠᠯᠠᠵᠥ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠪᠠ ᠪᠦᠲᠦᠴᠡ ᠶᠢ ᠲᠣᠬᠢᠷᠠᠭᠤᠯᠬᠤ᠂ ᠴᠢᠳᠠᠮᠵᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠶᠢ ᠨᠢᠭᠡ ᠴᠣᠭᠴᠠᠵᠢᠭᠤᠯᠤᠨ ᠠᠭᠤᠰᠤᠯᠴᠠᠭᠤᠯᠵᠥ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠪᠤᠯᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ ᠲᠠᠢ ᠠᠵᠢᠯ ᠢ ᠨᠢᠭᠲᠠ ᠠᠭᠤᠰᠤᠯᠴᠠᠭᠤᠯᠵᠥ᠂ ᠰᠢᠨ᠎ᠡ ᠶᠢ ᠡᠭᠦᠳᠬᠦ ᠬᠡᠯᠬᠢᠶ᠎ᠡ ᠪᠣᠯᠤᠨ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠭᠦᠨᠵᠡᠭᠡᠶ ᠠᠭᠤᠰᠤᠯᠴᠠᠭᠤᠯᠵᠥ᠂ ᠰᠠᠶᠢᠨ ᠢᠶᠠᠨ ᠪᠠᠳᠠᠷᠠᠭᠤᠯᠵᠤ ᠰᠢᠭᠠᠷᠤ ᠪᠠᠨ ᠲᠡᠪᠴᠢᠨ᠂ ᠰᠢᠯᠢᠳᠡᠭ ᠢ ᠪᠣᠶᠢᠵᠢᠭᠤᠯᠵᠤ ᠦᠷ᠎ᠡ ᠠᠰᠢᠭ ᠢ ᠨᠡᠮᠡᠭᠳᠡᠭᠦᠯᠵᠥ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠥᠪᠥᠷ ᠮᠣᠩᠭᠤᠯ ᠳᠤ ᠨᠠᠶᠢᠳᠠᠪᠤᠷᠢᠵᠢᠭᠤᠯᠵᠥ ᠦᠷ᠎ᠡ ᠪᠦᠳᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃
      ᠸᠠᠩ ᠯᠢ ᠰᠢᠶᠠ᠂ ᠡᠯ᠎ᠡ ᠱᠠᠲᠤᠨ ᠤ ᠵᠠᠰᠠᠭ ᠤᠨ ᠣᠷᠳᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠴᠢᠩᠭᠠᠳᠬᠠᠬᠤ ᠶᠢ ᠴᠢᠬᠤᠯᠠ ᠶᠡᠭᠡ ᠪᠣᠭᠤᠮᠲᠠ ᠰᠢᠪᠲᠤᠯᠬᠤ ᠡᠭᠦᠷᠭᠡ ᠪᠠ ᠣᠷᠳᠣ ᠬᠤᠭᠤᠴᠠᠭᠠᠨ ᠤ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ

︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠯᠥᠪᠵᠢᠭᠦᠯᠭᠡ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠶᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃ ᠰᠤᠳᠤᠯᠤᠨ ᠨᠡᠭᠡᠭᠡᠵᠥ ᠪᠡᠯᠡ ᠣᠷᠣᠭᠤᠯᠬᠤ ᠪᠤᠭᠤᠮᠳᠠ ᠰᠢᠪᠳᠤᠯᠬᠤ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢᠨ ᠴᠢᠩᠭ᠎ᠠ ᠬᠠᠳᠠᠭᠤ ᠨᠡᠮᠡᠭᠳᠡᠯ ᠤᠨ ᠲᠣᠭᠲᠠᠴᠠ ᠶᠢ ᠪᠠᠶᠢᠭᠤᠯᠵᠤ᠂ ᠡᠳ᠋ ᠤᠨ ᠵᠠᠰᠠᠭ ᠠᠴᠠ ᠬᠦᠳᠦᠯᠦᠨ ᠵᠢᠯᠣᠭᠤᠳᠬᠤ᠂ ᠠᠵᠤ ᠠᠬᠤᠶᠢᠯᠠᠯ ᠠᠴᠠ ᠣᠷᠣᠭᠤᠯᠬᠤ᠂ ᠮᠥᠩᠭᠦᠨ ᠭᠦᠢᠯᠭᠡᠭᠡᠨ ᠢᠶᠠᠷ ᠲᠤᠯᠭᠠᠭᠤᠷᠢᠯᠠᠬᠤ᠂ ᠨᠡᠶᠢᠭᠡᠮ ᠠᠴᠠ ᠨᠥᠬᠦᠪᠥᠷᠢᠯᠡᠬᠦ ᠤᠯᠠᠨ ᠡᠰᠢᠵᠢᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢᠨ ᠰᠢᠰᠲ᠋ᠧᠮ ᠢ ᠲᠦᠷᠭᠡᠨ ᠪᠦᠷᠢᠯᠳᠦᠬᠦᠯᠬᠦ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠵᠥ ᠪᠠᠶᠢᠭᠠᠳ ᠰᠢᠨ᠎ᠡ ᠶᠢ ᠡᠭᠦᠳᠬᠦ ᠭᠤᠣᠯ ᠴᠣᠭᠴᠠ ᠶᠢ ᠪᠣᠶᠢᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ︽ᠬᠤᠣᠰ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ︽ᠲᠤᠰᠬᠠᠶᠢᠵᠢᠬᠰᠠᠨ ᠨᠠᠷᠢᠯᠢᠭᠵᠢᠬᠰᠠᠨ ᠣᠨᠴᠠᠯᠢᠬᠳᠤ ᠰᠢᠨ᠎ᠠ︾ ᠳᠤᠮᠳᠠ ᠪᠠᠭ᠎ᠠ ᠠᠵᠤ ᠠᠬᠤᠶᠢᠯᠠᠯ ᠢ ᠲᠡᠳᠬᠦᠨ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠵᠦ ᠰᠢᠯᠢᠳᠡᠭᠵᠢᠬᠦ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠬᠡᠷᠡᠭᠯᠡᠯᠳᠠ ᠶᠢ ᠠᠭᠤᠰᠤᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ᠂ ᠬᠠᠮᠲᠤᠷᠠᠯᠴᠠᠵᠤ ᠰᠢᠨ᠎ᠡ ᠶᠢ ᠡᠭᠦᠳᠬᠦ ᠤᠷᠬᠢᠯᠤᠮᠠᠯ ᠪᠤᠯᠠᠬ ᠢ ᠳᠠᠰᠤᠷᠠᠯᠳᠠ ᠦᠭᠡᠢ ᠤᠨᠳᠤᠷᠤᠭᠤᠯᠬᠤ ᠬᠡᠷᠡᠭᠲᠡᠢ᠃ ᠥᠨᠳᠥᠷ ᠲᠦᠪᠰᠢᠨ ᠪᠥᠬᠦᠶ ᠰᠢᠨ᠎ᠡ ᠶᠢ ᠡᠭᠦᠳᠬᠦ ᠲᠠᠪᠴᠠᠩ ᠤᠨ ᠰᠢᠰᠲ᠋ᠧᠮ ᠢ ᠪᠥᠬᠦ ᠬᠦᠴᠦᠨ ᠢᠶᠠᠷ ᠪᠠᠶᠢᠭᠤᠯᠵᠤ᠂ ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠯᠬᠦᠮ ᠢ ᠢᠳᠡᠪᠬᠢᠲᠡᠶ ᠣᠷᠣᠭᠤᠯᠤᠨ ᠠᠪᠴᠢᠷᠠᠵᠤ᠂ ᠲᠣᠰ ᠭᠠᠵᠠᠷ ᠣᠷᠣᠨ ᠤ ᠰᠢᠨ᠎ᠡ ᠶᠢ ᠡᠭᠦᠳᠬᠦ ᠴᠢᠳᠠᠪᠤᠷᠢᠲᠠᠨ ᠤ ᠡᠩᠨᠡᠭᠡ ᠶᠢ ᠶᠡᠭᠡ ᠪᠠᠷ ᠪᠣᠶᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ ᠪᠠ ᠬᠦᠴᠦᠲᠤ ᠪᠠᠲᠤᠯᠠᠭ᠎ᠠ ᠬᠠᠩᠭᠠᠬᠤ ᠬᠡᠷᠡᠭᠲᠡᠶ᠃ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠰᠢᠨ᠎ᠡ ᠶᠢ ᠡᠭᠦᠳᠬᠦ ᠡᠬᠢ ᠪᠠᠶᠠᠯᠢᠭ ᠢ ᠨᠡᠶᠢᠳᠭᠡᠨ ᠲᠥᠪᠯᠡᠷᠡᠭᠦᠯᠬᠦ ᠳᠡᠭᠡᠷ᠎ᠡ ᠬᠦᠴᠦ ᠲᠠᠯᠪᠢᠵᠤ᠂ ᠰᠢᠨ᠎ᠡ ᠶᠢ ᠡᠭᠦᠳᠬᠦ ᠴᠢᠬᠤᠯᠠ ᠶᠡᠭᠡ ᠲᠦᠷᠦᠯ ᠵᠦᠢᠯ ᠢ ᠪᠠᠶᠢᠷᠢᠰᠢᠭᠤᠯᠬᠤ ᠳᠡᠭᠡᠷ᠎ᠡ ᠬᠦᠴᠦ ᠲᠠᠯᠪᠢᠵᠤ᠂ ᠰᠢᠨ᠎ᠡ ᠶᠢ ᠡᠭᠦᠳᠬᠦ ᠰᠠᠶᠢᠨ ᠰᠠᠶᠢᠬᠠᠨ ᠠᠮᠢ ᠠᠬᠤᠢ ᠶᠢ ᠪᠤᠢ ᠪᠣᠯᠭᠠᠬᠤ ᠳᠡᠭᠡᠷ᠎ᠡ ᠬᠦᠴᠦ ᠲᠠᠯᠪᠢᠵᠤ᠂ ᠬᠢᠬᠦ ᠶᠢ ᠨᠢ ᠬᠢᠵᠦ ᠬᠢᠬᠦ ᠦᠭᠡᠢ ᠶᠢ ᠨᠢ ᠦᠯᠦ ᠬᠢᠵᠤ᠂ ᠵᠠᠩᠬᠢᠳᠤᠬᠰᠠᠨ ᠨᠢᠳᠤᠷᠭ᠎ᠠ ᠮᠡᠳᠦ ᠬᠦᠴᠦ ᠪᠠᠨ ᠲᠥᠪᠯᠡᠷᠡᠭᠦᠯᠵᠥ᠂ ᠭᠤᠣᠯᠳᠠᠯᠭ᠎ᠠ ᠲᠠᠢ ᠰᠢᠪᠲᠤᠯᠵᠦ ᠪᠦᠬᠦᠯᠢ ᠴᠣᠭᠴᠠ ᠪᠠᠷ ᠠᠬᠢᠭᠤᠯᠵᠤ᠂ ᠰᠢᠨ᠎ᠡ ᠶᠢ ᠡᠭᠦᠳᠬᠦ ᠥᠷᠨᠢᠭᠦᠨ ᠬᠥᠭᠵᠢᠩᠭᠦᠢ ᠠᠭᠤᠷ ᠠᠮᠢᠰᠬᠤᠯ ᠪᠠ ᠴᠢᠩᠭ᠎ᠠ ᠬᠦᠴᠦᠲᠡᠢ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠬᠡᠵᠥ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠦᠬᠦᠳ ᠬᠤᠷᠠᠯ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ