ᠬᠠᠨ ᠸᠧᠨ ᠰᠢᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠠ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ ᠸᠠᠩ ᠯᠢ ᠰᠢᠶᠠ ᠣᠷᠣᠯᠴᠠᠵᠠᠢ
11 ᠰᠠᠷ᠎ᠠ ᠶᠢᠨ 22 ᠤᠨ ᠡᠳᠦᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ ᠶᠠᠪᠤᠭᠳᠠᠪᠠ᠃ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠯᠪᠠᠨ ᠭᠡᠷ ᠤᠨ ᠡᠳᠦᠷ ᠲᠤᠳᠤᠮ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠡᠷᠬᠢᠯᠡᠭᠴᠢ ᠬᠠᠨ ᠸᠧᠨ ᠰᠢᠦ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠮᠡᠳᠡᠭᠦᠯᠦᠯᠲᠡ ᠶᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶᠠᠨ ᠤ ᠳᠠᠷᠤᠭ᠎ᠠ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠮᠤᠵᠢ ᠶᠢᠨ ᠲᠡᠰ ᠤᠨ ᠠᠵᠢᠯ ᠠᠴᠠ ᠪᠠᠨ ᠳᠠᠷᠬᠠᠯᠠᠭᠳᠠᠬᠰᠡᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠤᠨ ᠲᠥᠯᠥᠭᠡᠯᠡᠭᠴᠢ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃
11 ᠰᠠᠷ᠎ᠠ ᠶᠢᠨ 22 ᠤᠨ ᠦᠳᠡ ᠶᠢᠨ ᠡᠮᠦᠨ᠎ᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ ᠶᠠᠪᠤᠭᠳᠠᠪᠠ᠃
ᠲᠤᠰ ᠰᠣᠨᠢᠨ ᠤ ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ
ᠬᠠᠨ ᠸᠧᠨ ᠰᠢᠦ ᠭᠦᠨᠵᠡᠭᠡᠢ ᠪᠥᠭᠡᠳ ᠣᠶᠢᠯᠠᠭᠠᠮᠵᠢᠲᠠᠢ ᠦᠭᠡ ᠬᠡᠯᠡ ᠪᠣᠯᠤᠨ ᠶᠡᠭᠡ ᠬᠡᠮᠵᠢᠶᠡᠨ ᠤ ᠪᠣᠳᠠᠲᠤ ᠵᠢᠱᠢᠶ᠎ᠡ ᠶᠢᠨ ᠲᠤᠭ᠎ᠠ ᠪᠠᠷᠢᠮᠲᠠ ᠪᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠵᠤ᠂ ᠤᠯᠠᠨ ᠳᠤ ᠠᠮᠢᠳᠤᠯᠢᠭ ᠭᠤᠶᠢᠳᠠ ᠬᠠᠪᠰᠤᠷᠤᠨ ᠵᠢᠯᠣᠭᠤᠳᠬᠤ ᠮᠡᠳᠡᠭᠦᠯᠦᠯᠲᠡ ᠬᠢᠪᠡ᠃ ᠲᠡᠷᠡ ᠡᠩ ᠲᠡᠷᠢᠭᠦᠨ ᠳᠤ ᠰᠢᠢᠳᠪᠦᠷᠢ ᠶᠢᠨ ᠭᠤᠣᠯ ᠣᠨᠴᠠᠯᠢᠭ ᠤᠨ ᠲᠣᠭᠤᠷᠢᠨ ᠳᠤ᠂ ᠰᠢᠢᠳᠪᠦᠷᠢ ᠪᠤᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠤᠳᠤᠷᠢᠳᠤᠨ ᠲᠤᠭᠤᠷᠪᠢᠵᠤ᠂ ᠮᠠᠷᠺᠰ ᠤᠨ ᠦᠵᠡᠯ ᠤᠨ ᠵᠣᠭᠰᠣᠯᠲᠠ ᠦᠵᠡᠯᠲᠡ ᠠᠷᠭ᠎ᠠ ᠶᠢ ᠪᠠᠷᠢᠮᠲᠠᠯᠠᠵᠤ᠂ ᠪᠦᠬᠦ ᠨᠠᠮ ᠤᠨ ᠤᠶᠤᠨ ᠤᠬᠠᠭᠠᠨ ᠤ ᠤᠬᠢ ᠲᠠᠯᠠᠰᠲᠤ ᠶᠢ ᠨᠢᠭᠲᠠᠷᠠᠭᠤᠯᠵᠤ ᠪᠦᠷᠢᠯᠳᠦᠬᠦᠯᠤᠭ᠍ᠰᠡᠨ ᠵᠠᠭᠤᠨ ᠵᠢᠯ ᠤᠨ ᠨᠠᠮ ᠤᠨ ᠲᠡᠦᠬᠡᠨ ᠳᠡᠭᠡᠷᠡᠬᠢ ᠭᠤᠷᠪᠠᠳᠤᠭᠠᠷ ᠲᠡᠦᠬᠡᠨ ᠰᠢᠢᠳᠪᠦᠷᠢ ᠪᠣᠯᠤᠨ᠎ᠠ᠂ ᠭᠤᠣᠯᠳᠠᠯᠭ᠎ᠠ ᠨᠢ ᠰᠢᠨ᠎ᠡ ᠴᠠᠭ ᠦᠶ᠎ᠡ ᠶᠢᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠬᠤᠪᠢᠰᠤᠯᠲᠠ ᠪᠣᠯᠤᠨ ᠲᠤᠷᠰᠢᠯᠭ᠎ᠠ ᠶᠢ ᠳ᠋ᠦᠩᠨᠡᠭᠰᠡᠨ ᠳᠤ ᠪᠤᠢ ᠭᠡᠵᠦ ᠲᠤᠳᠤᠷᠬᠠᠶᠢᠯᠠᠪᠠ᠃ ᠲᠠᠷᠠᠭ᠎ᠠ ᠨᠢ᠂ ᠨᠠᠮ ᠤᠨ ᠲᠦᠷᠪᠡᠨ ᠠᠳᠠᠯᠢ ᠪᠤᠰᠤ ᠲᠡᠦᠬᠡᠨ ᠴᠠᠭ ᠦᠶ᠎ᠡ ᠶᠢᠨ ᠭᠤᠣᠯ ᠡᠭᠦᠷᠭᠡ᠂ ᠭᠤᠣᠯ ᠵᠥᠷᠢᠴᠡᠯ᠂ ᠠᠭᠤᠤ ᠶᠡᠭᠡ ᠠᠮᠵᠢᠯᠲᠠ ᠪᠦᠲᠦᠮᠵᠢ ᠶᠢ ᠲᠣᠪᠴᠢ ᠡᠷᠭᠢᠴᠡᠭᠦᠯᠬᠦ ᠶᠢᠨ ᠬᠠᠮᠲᠤ ᠭᠤᠤᠯᠳᠠᠭᠤ ᠮᠠᠨ ᠤ ᠤᠯᠤᠰ ᠤᠨ ᠬᠥᠭᠵᠢᠯᠲᠡ ᠶᠢᠨ ᠰᠢᠨ᠎ᠡ ᠲᠡᠦᠬᠡᠨ ᠣᠷᠣᠨ ᠪᠠᠶᠢᠷᠢ ᠶᠢ ᠭᠦᠨᠵᠡᠭᠡᠢ ᠡᠵᠡᠮᠳᠡᠬᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠭᠡᠬᠦ ᠡᠨᠡ ᠬᠦ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠢ ᠭᠦᠨᠵᠡᠭᠡᠢ ᠡᠵᠡᠮᠳᠡᠬᠦ᠂ ᠰᠢᠨ᠎ᠡ ᠴᠠᠭ ᠦᠶ᠎ᠡ ᠶᠢᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠠ ᠲᠡᠦᠬᠡᠲᠦ ᠴᠢᠨᠠᠷᠲᠠᠢ ᠬᠤᠪᠢᠰᠤᠯᠲᠠ ᠶᠢ ᠭᠦᠨᠵᠡᠭᠡᠢ ᠡᠵᠡᠮᠳᠡᠬᠦ᠂ ᠰᠢᠨ᠎ᠡ ᠴᠠᠭ ᠦᠶ᠎ᠡ ᠶᠢᠨ ᠨᠠᠮ ᠤᠨ ᠡᠭᠦᠷᠭᠡ ᠬᠠᠷᠢᠭᠤᠴᠠᠯᠭ᠎ᠠ ᠪᠠ ᠨᠠᠮ ᠤᠨ ᠵᠠᠭᠤᠨ ᠵᠢᠯ ᠤᠨ ᠲᠡᠮᠡᠴᠡᠯ ᠤᠨ ︽ᠲᠠᠪᠤᠨ ᠶᠡᠭᠡ ᠲᠡᠦᠬᠡᠲᠦ ᠠᠴᠢ ᠬᠤᠯᠪᠣᠭᠳᠠᠯ︾᠂ ︽ᠠᠷᠪᠠᠨ ᠶᠡᠭᠡ ᠲᠡᠦᠬᠡᠨ ᠲᠤᠷᠰᠢᠯᠭ᠎ᠠ︾ ᠶᠢ ᠭᠦᠨᠵᠡᠭᠡᠢ ᠡᠵᠡᠮᠳᠡᠬᠦ ᠵᠡᠷᠭᠡ ᠲᠠᠯ᠎ᠠ ᠠᠴᠠ ᠰᠢᠢᠳᠪᠦᠷᠢ ᠶᠢᠨ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠲᠡᠷᠡ ᠣᠯᠠᠨ ᠢ ᠰᠢᠢᠳᠪᠦᠷᠢ ᠠᠴᠠ ᠢᠷᠡᠭᠡᠳᠦᠢ ᠪᠠᠨ ᠴᠣᠭᠴᠠᠯᠠᠬᠤ ᠤᠶᠤᠨ ᠤᠬᠠᠭᠠᠨ ᠪᠠ ᠬᠦᠴᠦᠨ ᠴᠢᠳᠠᠯ ᠰᠢᠩᠭᠡᠭᠡᠨ ᠠᠪᠴᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠭᠠᠨ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠭᠡᠷᠡᠢ ᠭᠡᠵᠦ ᠵᠣᠷᠢᠭᠵᠢᠭᠤᠯᠪᠠ᠃ ᠬᠤᠷᠠᠯ ᠳᠤ ᠣᠷᠣᠯᠴᠠᠭᠰᠠᠨ ᠨᠥᠬᠦᠳ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠮᠠᠰᠢ ᠶᠡᠭᠡ ᠰᠡᠩᠬᠡᠷᠡᠭᠦᠯᠦᠯ ᠣᠯᠵᠤ᠂ ᠶᠡᠬᠡᠳᠡ ᠵᠣᠷᠢᠭᠵᠢᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠣᠨᠴᠠᠭᠠᠶᠢᠯᠠᠨ ᠰᠢᠢᠳᠪᠦᠷᠢ ᠶᠢᠨ ᠴᠢᠬᠤᠯᠠ ᠶᠡᠭᠡ ᠠᠴᠢ ᠬᠤᠯᠪᠣᠭᠳᠠᠯ᠂ ᠴᠢᠬᠤᠯᠠ ᠬᠤᠪᠢ ᠨᠡᠮᠡᠷᠢ᠂ ᠭᠤᠣᠯᠳᠠᠯᠭ᠎ᠠ ᠲᠠᠢ ᠠᠭᠤᠯᠭ᠎ᠠ ᠳᠤ ᠨᠡᠩ ᠭᠦᠢᠴᠡᠳ ᠲᠠᠨᠢᠯᠲᠠ ᠪᠠ ᠨᠡᠩ ᠭᠦᠨᠵᠡᠭᠡᠢ ᠣᠶᠢᠯᠠᠭᠠᠯᠲᠠ ᠲᠠᠢ ᠪᠤᠯᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠥᠷᠯᠥᠭᠡ ᠦᠳᠡᠰᠢ ᠶᠢ ᠲᠡᠮᠡᠴᠡᠬᠦ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠭᠡᠵᠡᠭᠡᠪᠡ᠃
ᠱᠢ ᠲᠠᠢ ᠹᠧᠩ ᠮᠡᠳᠡᠭᠦᠯᠦᠯᠲᠡ ᠶᠢᠨ ᠬᠤᠷᠠᠯ ᠢ ᠡᠷᠭᠢᠯᠡᠬᠦ ᠳᠡᠭᠡᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥ᠋ᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠬᠤᠷᠠᠯᠳᠤᠭᠰᠠᠨ ᠪᠥᠭᠡᠳ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠶᠳᠪᠦᠷᠢ︾ ᠶᠢ ᠪᠠᠲᠤᠯᠠᠭᠰᠠᠨ ᠨᠢ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠴᠢᠬᠤᠯᠠ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠪᠠᠶᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡᠨ ᠳᠡᠭᠡᠷ᠎ᠡ᠂ ᠳᠤᠮᠳᠠᠳᠤ ᠶᠢᠨ ᠦᠨᠳᠦᠰᠦᠲᠡᠨ ᠤ ᠲᠡᠦᠬᠡᠨ ᠳᠡᠭᠡᠷ᠎ᠡ ᠥᠩᠭᠡ ᠢᠯᠭᠠᠷᠠᠮ᠎ᠠ ᠬᠠᠭᠤᠳᠠᠰᠤ ᠶᠢ ᠪᠢᠴᠢᠭᠯᠡᠭᠰᠡᠨ ᠨᠢ ᠯᠠᠪᠲᠠᠶ ᠶᠤᠮ᠃ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠤᠯᠤᠰ ᠲᠥᠷᠥ᠂ ᠪᠠᠶᠢᠯᠳᠤᠬᠤ ᠪᠣᠳᠣᠯᠭ᠎ᠠ ᠪᠠ ᠪᠦᠬᠦ ᠲᠠᠯ᠎ᠠ ᠶᠢᠨ ᠥᠨᠳᠥᠷᠴᠡ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠴᠢᠬᠤᠯᠠ ᠶᠡᠭᠡ ᠤᠯᠤᠰ ᠲᠦᠷᠦ ᠶᠢᠨ ᠠᠴᠢ ᠬᠤᠯᠪᠣᠭᠳᠠᠯ᠂ ᠲᠡᠦᠬᠡᠲᠦ ᠠᠴᠢ ᠬᠤᠯᠪᠣᠭᠳᠠᠯ᠂ ᠪᠣᠳᠠᠲᠤ ᠠᠴᠢ ᠬᠤᠯᠪᠣᠭᠳᠠᠯ ᠪᠠ ᠳᠡᠯᠡᠬᠡᠶ ᠶᠢᠨ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ᠂ ᠲᠡᠦᠬᠡᠲᠦ ᠠᠴᠢ ᠬᠤᠯᠪᠣᠭᠳᠠᠯ᠂ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠶ ᠣᠶᠢᠯᠠᠭᠠᠬᠤ ᠬᠡᠷᠡᠭᠲᠡᠶ᠂ ᠲᠡᠭᠦᠨ ᠳᠤ ᠠᠭᠤᠯᠤᠭᠳᠠᠵᠤ ᠪᠠᠶᠢᠭ᠎ᠠ ᠲᠡᠦᠬᠡ ᠶᠢᠨ ᠵᠢᠮ᠎ᠡ ᠶᠣᠰᠣ ᠪᠠ ᠲᠡᠦᠬᠡ ᠶᠢᠨ ᠵᠠᠶᠢᠯᠠᠰᠢ ᠦᠭᠡᠢ ᠴᠢᠨᠠᠷ ᠢ ᠭᠦᠨᠵᠡᠭᠡᠶ ᠡᠵᠡᠮᠰᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠭᠡᠭᠴᠢ ᠶᠠᠭᠤ ᠪᠣᠯᠬᠤ᠂ ᠶᠠᠭᠤ ᠬᠢᠬᠦ ᠭᠡᠳᠡᠭ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤ ᠰᠠᠬᠢᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠦᠷ ᠤᠬᠠᠭᠤᠯᠵᠤ᠂ ᠰᠠᠶᠢᠲᠤᠷ ᠲᠤᠭᠤᠰᠢᠯᠠᠭᠤᠯᠬᠤ ᠬᠡᠷᠡᠭᠲᠡᠢ᠃ ᠰᠢᠢᠳᠪᠦᠷᠢ ᠶᠢᠨ ᠵᠣᠷᠢᠭ ᠰᠠᠨᠠᠭᠠᠨ ᠤ ᠮᠥᠨ ᠴᠢᠨᠠᠷ ᠪᠠ ᠭᠤᠣᠯ ᠴᠢᠬᠤᠯᠠ ᠠᠭᠤᠯᠭ᠎ᠠ ᠶᠢ ᠤᠢᠢᠯᠠᠭᠠᠨ ᠡᠵᠡᠮᠰᠢᠵᠦ᠂ ︽ᠤᠯᠤᠰ ᠲᠦᠷᠦ ᠶᠢᠨ ᠲᠤᠩᠬᠠᠭ︾ ᠪᠠ ︽ᠠᠵᠢᠯᠯᠠᠭᠠᠨ ᠤ ᠵᠦᠭᠯᠡᠭᠦᠷ︾ ᠤᠨ ᠦᠨᠳᠦᠷᠴᠡ ᠠᠴᠠ ᠰᠢᠢᠳᠪᠦᠷᠢ ᠶᠢᠨ ᠲᠤᠶᠢᠯ ᠤᠨ ᠴᠢᠬᠤᠯᠠ ᠴᠢᠨᠠᠷ ᠢ ᠲᠠᠨᠢᠵᠤ᠂ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠬᠤ᠂ ᠭᠦᠨᠵᠡᠭᠡᠢ ᠤᠳᠠᠭᠠᠨ ᠳᠠᠭᠠᠭᠠᠮᠠᠭᠠᠢ ᠰᠤᠷᠤᠯᠴᠠᠵᠤ᠂ ᠠᠭᠤᠰᠤᠯᠴᠠᠭᠤᠯᠤᠨ ᠨᠡᠪᠲᠡᠷᠡᠲᠡᠯ᠎ᠡ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠦᠨᠡᠨ ᠬᠦ ᠪᠡᠶᠡᠯᠡᠭᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠶᠢ ᠰᠤᠷᠴᠤ᠂ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠶᠢ ᠰᠤᠷᠴᠤ᠂ ᠡᠷᠡᠰ ᠬᠠᠲᠠᠭᠤ ᠲᠡᠮᠡᠴᠡᠯ ᠤᠨ ᠵᠣᠷᠢᠭ ᠰᠠᠨᠠᠭ᠎ᠠ ᠶᠢ ᠰᠤᠷᠴᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠴᠢᠩᠭ᠎ᠠ ᠵᠣᠷᠢᠭ ᠰᠠᠨᠠᠭ᠎ᠠ ᠶᠢ ᠰᠤᠷᠴᠤ᠂ ᠨᠠᠮ ᠤᠨ ᠲᠡᠮᠡᠴᠡᠯ ᠤᠨ ᠲᠡᠦᠬᠡᠨ ᠶᠠᠪᠤᠴᠠ ᠠᠴᠠ ᠦᠨᠡᠨ ᠬᠦ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠴᠠᠭ ᠦᠶ᠎ᠡ ᠠᠴᠠ ᠣᠯᠭᠤᠭᠰᠠᠨ ᠲᠡᠦᠬᠡᠲᠦ ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠦᠳᠲᠡᠷ ᠲᠦᠷᠭᠡᠨ ᠬᠥᠳᠡᠯᠦᠯᠴᠡᠵᠦ᠂ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠡᠭᠦᠷᠭᠡ ᠪᠣᠯᠭᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠰᠤᠷᠤᠯᠴᠠᠯᠭ᠎ᠠ ᠪᠣᠯᠪᠠᠰᠤᠷᠠᠯ ᠢ ᠪᠣᠳᠠᠲᠠᠶ ᠠᠳᠬᠤᠨ ᠰᠠᠶᠢᠲᠤᠷ ᠠᠳᠬᠤᠵᠤ᠂ ᠤᠬᠠᠭᠤᠯᠤᠨ ᠲᠠᠶᠢᠯᠪᠤᠷᠢᠯᠠᠬᠤ ᠤᠬᠠᠭᠤᠯᠤᠨ ᠳᠠᠮᠵᠢᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠭᠦᠨᠵᠡᠭᠡᠶᠢᠷᠡᠭᠦᠯᠬᠦ᠂ ᠰᠡᠳᠭᠢᠯ ᠳᠡᠭᠡᠨ ᠬᠠᠳᠠᠩᠰᠢᠭᠤᠯᠬᠤ᠂ ᠪᠣᠳᠠᠲᠠᠶᠢᠵᠢᠭᠤᠯᠬᠤ ᠶᠢ ᠠᠬᠢᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠦᠨᠡᠨ ᠬᠦ ᠦᠵᠡᠯ ᠰᠠᠨᠠᠭ᠎ᠠ ᠪᠠᠨ ᠨᠢᠭᠡᠳᠭᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠲᠡᠮᠡᠴᠡᠯ ᠤᠨ ᠵᠣᠷᠢᠭ ᠢᠶᠠᠨ ᠴᠢᠩᠭᠠᠷᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
ᠮᠡᠳᠡᠭᠦᠯᠦᠯᠲᠡ ᠶᠢᠨ ᠬᠤᠷᠠᠯ ᠨᠢ ᠸᠢᠳᠢᠣ᠋ ᠬᠡᠯᠪᠡᠷᠢ ᠪᠠᠷ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ᠂ ᠬᠥᠬᠡᠬᠤᠲᠠ ᠳᠤ ᠰᠠᠭᠤᠭ᠎ᠠ ᠬᠤᠯᠪᠣᠭᠳᠠᠯ ᠪᠥᠬᠦᠶ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠥᠬᠡᠬᠤᠲᠠ ᠳᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠨᠠᠷ ᠭᠤᠤᠯ ᠬᠤᠷᠠᠯ ᠤᠨ ᠲᠠᠯᠠᠪᠠᠶ ᠳᠤ ᠮᠡᠳᠡᠭᠦᠯᠦᠯᠲᠡ ᠶᠢ ᠰᠣᠨᠣᠰᠴᠠᠶ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ᠃
ᠮᠡᠳᠡᠭᠦᠯᠦᠯᠲᠡ ᠶᠢᠨ ᠬᠤᠷᠠᠯ ᠲᠡᠭᠦᠰᠦᠭᠰᠡᠨ ᠤ ᠲᠠᠷᠠᠭ᠎ᠠ᠂ ᠬᠠᠨ ᠸᠧᠨ ᠰᠢᠦ ᠬᠤᠷᠠᠯ ᠳᠤ ᠣᠷᠣᠯᠴᠠᠭᠰᠠᠨ ᠨᠦᠭᠦᠳ ᠤᠨ ᠳᠤᠷᠠᠳᠤᠭᠰᠠᠨ ᠠᠰᠠᠭᠤᠯᠲᠠ ᠶᠢ ᠨᠢᠭᠡᠳ ᠨᠢᠭᠡ ᠪᠠᠷ ᠬᠠᠷᠢᠭᠤᠯᠪᠠ᠃ ᠬᠥᠬᠡᠬᠤᠲᠠ ᠳᠤ ᠪᠠᠶᠢᠬᠤ ᠬᠤᠭᠤᠴᠠᠭᠠᠨ ᠳᠤ᠂ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠪᠠᠰᠠ ᠢᠯᠢ ᠪᠦᠯᠦᠭᠯᠡᠯ ᠳᠤ ᠬᠦᠷᠴᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠲᠣᠭᠤᠷᠢᠨ ᠳᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠲᠥᠯᠥᠭᠡᠯᠡᠭᠴᠢ ᠲᠠᠢ ᠨᠢᠭᠤᠷᠳᠡᠨ ᠤᠬᠠᠭᠤᠯᠤᠨ ᠲᠠᠶᠢᠯᠪᠤᠷᠢᠯᠠᠬᠰᠠᠨ ᠤ ᠬᠠᠮᠲᠤ ᠬᠤᠷᠰᠢᠯᠴᠠᠵᠤ ᠰᠠᠨᠠᠯ ᠢᠶᠠᠨ ᠰᠣᠯᠢᠯᠴᠠᠪᠠ᠃