ᠸᠠᠩ ᠯᠢ ᠰᠢᠶᠠ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠰᠬᠠᠢ ᠰᠡᠳᠦᠪᠲᠦ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠪᠦᠬᠦ ᠲᠠᠯ᠎ᠠ ᠪᠠᠷ ᠪᠦᠷᠢᠳᠭᠡᠨ ᠬᠠᠷᠭᠤᠭᠤᠯᠤᠨ ᠪᠠᠶᠢᠴᠠᠭᠠᠵᠤ ᠵᠥᠷᠢᠶ᠎ᠡ ᠳᠤᠲᠠᠭᠤᠳᠠᠯ ᠢᠶᠠᠨ ᠣᠨᠣᠪᠴᠢᠲᠠᠢ ᠡᠷᠢᠵᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠠᠩ ᠡᠷᠡᠰ ᠪᠠᠳᠤ ᠪᠣᠳᠠᠲᠠᠶ ᠥᠨᠳᠥᠷ ᠪᠦᠲᠦᠮᠵᠢᠲᠡᠶ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2021/11/23
      11 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃       ᠸᠠᠩ ᠯᠢ ᠰᠢᠶᠠ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠴᠣᠭᠴᠠᠯᠠᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠦ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠡᠷᠬᠡᠪᠰᠢ ᠠᠮᠢ ᠠᠬᠤᠶ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠢᠮᠠᠭᠲᠠ ᠴᠢᠩᠭ᠎ᠠ ᠠᠩᠬᠠᠷᠴᠤ᠂ ᠴᠥᠬᠦᠷᠡᠰᠢ ᠥᠬᠡᠶ ᠰᠠᠶᠢᠲᠤᠷ ᠰᠢᠶᠳᠪᠦᠷᠢᠯᠡᠬᠦ ᠬᠡᠷᠡᠭᠲᠡᠶ᠃ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠦᠶᠯᠡᠳᠦᠯᠭᠡᠵᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠢ ᠭᠦᠨᠵᠡᠭᠡᠶ ᠨᠠᠶᠢᠳᠠᠪᠤᠷᠢᠵᠢᠭᠤᠯᠬᠤ ᠴᠢᠬᠤᠯᠠ ᠶᠡᠭᠡ ᠠᠵᠢᠯ ᠤᠨ ᠭᠠᠷᠳᠠᠴᠠ ᠮᠥᠨ᠂ ᠠᠷᠠᠳ ᠲᠦ᠋ᠮᠡᠨ ᠤ ᠪᠤᠶᠠᠨ ᠵᠢᠷᠭᠠᠯ ᠢ ᠨᠡᠮᠡᠭᠳᠡᠭᠦᠯᠬᠦ᠂ ᠠᠯᠤᠰ ᠬᠡᠲᠦ ᠶᠢᠨ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠰᠠᠭᠤᠷᠢ ᠢᠨᠵᠧᠨᠧᠷᠢᠩ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠢᠮᠠᠭᠲᠠ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠦᠨᠳᠦᠷᠴᠡ ᠳᠤ ᠵᠣᠭᠰᠣᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠬᠤ ᠬᠡᠷᠡᠭᠲᠡᠶ᠃ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾ ᠳᠤ ᠬᠠᠷᠢᠭᠤ ᠲᠤᠰᠬᠠᠭᠰᠠᠨ ᠠᠰᠠᠭᠤᠳᠠᠯ ᠤᠨ ᠨᠠᠷᠢᠨ ᠲᠠᠩᠰᠠ ᠪᠣᠯᠤᠨ ᠴᠡᠭᠴᠡᠯᠡᠨ ᠰᠠᠶᠢᠵᠢᠷᠠᠭᠤᠯᠬᠤ ᠲᠥᠰᠦᠯ ᠤᠨ ᠱᠠᠭᠠᠷᠳᠠᠯᠭ᠎ᠠ ᠲᠠᠢ ᠴᠢᠩᠭ᠎ᠠ ᠬᠠᠷᠭᠤᠭᠤᠯᠵᠤ᠂ ᠪᠦᠬᠦ ᠲᠠᠯ᠎ᠠ ᠪᠠᠷ ᠪᠦᠷᠢᠳᠭᠡᠨ ᠬᠠᠷᠭᠤᠭᠤᠯᠤᠨ ᠪᠠᠶᠢᠴᠠᠭᠠᠵᠤ ᠵᠥᠷᠢᠶ᠎ᠡ ᠳᠤᠲᠠᠭᠤᠳᠠᠯ ᠢᠶᠠᠨ ᠣᠨᠣᠪᠴᠢᠲᠠᠢ ᠡᠷᠢᠵᠤ᠂ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠪᠣᠳᠠᠲᠠᠶᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠠᠨ ᠨᠢ ᠳᠠᠬᠢᠨ ᠬᠠᠷᠭᠤᠭᠤᠯᠬᠤ ᠶᠢ ᠳᠠᠭᠠᠭᠠᠵᠤ ᠳᠡᠶᠢᠯᠬᠦ᠂ ᠰᠢᠯᠭᠠᠨ ᠪᠠᠶᠢᠴᠠᠭᠠᠬᠤ ᠶᠢ ᠳᠠᠭᠠᠭᠠᠵᠤ ᠳᠡᠶᠢᠯᠬᠦ ᠶᠢ ᠪᠠᠲᠤᠯᠠᠵᠤ᠂ ᠲᠤᠶᠢᠯᠪᠤᠷᠢᠲᠠᠶ ᠴᠡᠭᠴᠡᠯᠡᠨ ᠰᠠᠶᠢᠵᠢᠷᠠᠭᠤᠯᠬᠤ᠂ ᠪᠣᠳᠠᠲᠠᠶ ᠵᠠᠰᠠᠬᠤ᠂ ᠠᠯᠳᠠᠭ᠎ᠠ ᠪᠤᠷᠤᠭᠤ ᠲᠠᠬᠢᠨᠲᠠ ᠭᠠᠷᠭᠠᠬᠤ ᠥᠬᠡᠶ᠂ ᠳᠠᠬᠢᠨ ᠠᠰᠠᠭᠤᠳᠠᠯ ᠭᠠᠷᠬᠤ ᠥᠬᠡᠶ ᠪᠠᠶᠢᠬᠤ ᠶᠢ ᠪᠡᠶᠡᠯᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠦᠪᠰᠢᠨ ᠢ ᠳᠡᠭᠡᠭᠰᠢᠯᠡᠭᠦᠯᠬᠦ ᠶᠢ ᠳᠠᠶᠢᠴᠢᠯᠠᠵᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠶ᠃ ᠨᠢᠭᠡ ᠠᠴᠠ ᠨᠦᠬᠦᠬᠡ ᠶᠢ ᠵᠦᠢᠴᠢᠯᠡᠨ ᠮᠡᠳᠡᠬᠦ᠂ ᠦᠩᠬᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠣᠶᠢᠯᠠᠭᠠᠭᠳᠠᠬᠤᠨ᠂ ᠬᠥᠭᠵᠢᠯᠲᠡ ᠶᠢᠨ ᠠᠷᠭ᠎ᠠ ᠬᠡᠯᠪᠡᠷᠢ᠂ ᠠᠮᠢ ᠠᠬᠤᠢ ᠶᠢᠨ ᠬᠠᠮᠠᠭᠠᠯᠠᠯᠲᠠ᠂ ᠣᠷᠴᠢᠨ ᠲᠣᠭᠤᠷᠢᠨ ᠤ ᠵᠠᠰᠠᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠷᠬᠠᠭ ᠬᠡᠮ ᠢ ᠪᠦᠬᠦ ᠲᠠᠯ᠎ᠠ ᠪᠠᠷ ᠡᠮᠬᠢᠯᠡᠵᠦ ᠪᠠᠶᠢᠴᠠᠭᠠᠨ ᠦᠵᠡᠵᠦ᠂ ᠭᠦᠨᠵᠡᠭᠡᠢ ᠠᠭᠤᠳᠠᠯᠵᠤ ᠨᠠᠷᠢᠯᠢᠭ ᠪᠠᠶᠢᠴᠠᠭᠠᠵᠤ ᠴᠢᠩᠭ᠎ᠠ ᠵᠠᠯᠠᠷᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠬᠠᠮᠤᠭ ᠤᠨ ᠴᠢᠩᠭ᠎ᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠨᠤᠲᠤᠭ ᠪᠡᠯᠴᠢᠭᠡᠷ ᠤᠢ ᠰᠢᠭᠤᠢ ᠶᠢᠨ ᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠶᠢ ᠠᠬᠢᠭᠤᠯᠵᠤ᠂ ᠭᠠᠵᠠᠷ ᠰᠢᠷᠣᠢ ᠶᠢᠨ ᠡᠯᠡᠰᠦᠷᠬᠡᠭᠵᠢᠯ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠮᠠᠯᠵᠢᠬᠤ ᠲᠠᠷᠢᠶᠠᠯᠠᠬᠤ ᠣᠷᠣᠨ ᠲᠡᠶᠢᠰᠢ ᠤᠷᠲᠤᠳᠬᠠᠬᠤ ᠶᠢ ᠶᠡᠭᠡ ᠪᠠᠷ ᠠᠬᠢᠭᠤᠯᠵᠤ᠂ ᠲᠥᠪᠯᠡᠷᠡᠭᠰᠡᠨ ᠴᠤᠭᠯᠠᠷᠠᠭᠰᠠᠨ ᠡᠷᠴᠢᠮᠵᠢᠭᠰᠡᠨ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠬᠢᠯᠳᠡᠳᠤ ᠬᠥᠭᠵᠢᠯᠲᠡ ᠶᠢ ᠶᠡᠭᠡ ᠪᠠᠷ ᠠᠬᠢᠭᠤᠯᠵᠤ᠂ ᠪᠦᠬᠦ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠪᠣᠯᠤᠨ ᠪᠣᠬᠢᠷᠲᠤᠯ ᠦᠭᠡᠢ ᠤᠨᠴᠠᠯᠢᠬᠳᠤ ᠳᠠᠪᠠᠭᠤᠯᠢᠭ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠪᠦᠬᠦ ᠣᠷᠣᠨ ᠪᠦᠰᠡ ᠪᠦᠬᠦ ᠶᠠᠪᠤᠴᠠ ᠪᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠦᠬᠦ ᠬᠦᠷᠢᠶ᠎ᠠ ᠪᠦᠬᠦ ᠲᠠᠯ᠎ᠠ ᠳᠤ ᠬᠥᠭᠵᠢᠯᠲᠡ ᠶᠢᠨ ᠪᠣᠬᠢᠷᠲᠤᠯ ᠦᠭᠡᠢ  ᠬᠡᠯᠪᠡᠷᠢ ᠲᠡᠰᠢ ᠬᠤᠪᠢᠷᠠᠬᠤ ᠶᠢ ᠠᠬᠢᠭᠤᠯᠬᠤ ᠬᠡᠷᠡᠭᠲᠡᠢ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠯᠢ ᠪᠢᠩ ᠷᠦᠩ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ