ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠥᠬᠡᠬᠤᠲᠠ ᠳᠤ ᠦᠪᠡᠷ ᠤᠨ ᠪᠠᠶᠢᠭ᠎ᠠ ᠰᠣᠩᠭᠤᠭᠤᠯᠢ ᠶᠢᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠣᠩᠭᠤᠭᠤᠯᠢ ᠳᠤ ᠣᠷᠣᠯᠴᠠᠵᠠᠢ  ᠱᠢ ᠲᠠᠢ ᠹᠧᠩ  ᠸᠠᠩ ᠯᠢ ᠰᠢᠶᠠ ᠤᠷᠤᠯᠴᠠᠪᠠ
ᠨᠡᠶᠢᠲᠡᠯᠡᠭᠰᠡᠨ ᠴᠠᠭ᠄
2021/11/24

      11ᠰᠠᠷ᠎ᠠ ᠶᠢᠨ 23 ᠤ ᠡᠳᠦᠷ ᠪᠣᠯ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠤᠭᠤᠷᠢᠭ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠪᠢᠯᠧᠲ ᠥᠭᠬᠦ ᠡᠳᠦᠷ ᠪᠣᠯᠤᠨ᠎ᠠ᠃ ᠲᠤᠰ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠣᠯᠤᠨ ᠰᠠᠶᠢᠬᠠᠨ ᠲᠣᠭᠤᠷᠢᠭ ᠤᠨ ᠥᠷᠭᠡᠨ ᠣᠯᠠᠨ ᠰᠣᠩᠭᠤᠭᠤᠯᠢ ᠶᠢᠨ ᠠᠷᠠᠳ ᠠᠷᠠᠳᠴᠢᠯᠠᠯ ᠤᠨ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠵᠦ᠂ ᠲᠥᠪ ᠬᠢᠴᠢᠶᠡᠩᠭᠦᠢ ᠪᠠᠷ ᠨᠢᠭᠡ ᠪᠢᠯᠧᠲ ᠢᠶᠠᠨ ᠥᠭᠴᠦ᠂ ᠪᠠᠶᠢᠭ᠎ᠠ ᠭᠠᠵᠠᠷ ᠤᠨ ᠢᠶᠠᠨ ᠲᠣᠭᠤᠷᠢᠭ ᠤᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠵᠠᠢ᠃

1.jpg


      ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠵᠠᠮ ᠤᠨ ᠵᠠᠭᠡᠯᠢ ᠭᠤᠳᠤᠮᠵᠢ ᠶᠢᠨ ᠭᠤᠷᠪᠠᠳᠤᠭᠠᠷ ᠰᠣᠩᠭᠤᠭᠤᠯᠢ ᠶᠢᠨ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠯᠪᠠᠯᠠᠬᠤ ᠲᠣᠭᠤᠷᠢᠭ ᠤᠨ ᠪᠢᠯᠧᠲ ᠥᠭᠬᠦ ᠦᠷᠳᠡᠭᠡ ᠶᠢᠨ ᠠᠬᠤᠢ ᠲᠠᠯᠠᠪᠠᠢ ᠶᠢᠨ ᠠᠭᠤᠷ ᠠᠮᠢᠰᠬᠤᠯ ᠲᠥᠪ ᠶᠠᠬᠡᠮᠰᠦᠭ ᠬᠢᠴᠢᠶᠡᠩᠭᠦᠢ ᠪᠠᠶᠢᠵᠤ᠂ ᠪᠢᠯᠧᠲ ᠥᠭᠬᠦ ᠦᠷᠳᠡᠭᠡ ᠳᠤ ᠲᠠᠪᠤᠨ ᠣᠳᠣᠲᠤ ᠤᠯᠠᠭᠠᠨ ᠲᠤᠭ ᠦᠩᠭᠡ ᠢᠯᠭᠠᠷᠠᠨ ᠬᠠᠷᠠᠴᠠ ᠶᠢ ᠪᠤᠯᠢᠶᠠᠵᠦ᠂ ᠤᠯᠤᠰ ᠤᠨ ᠰᠦᠯᠳᠡ ᠶᠢ ᠰᠢᠭᠢᠳᠭᠡᠭᠡᠭᠰᠡᠨ ᠤᠯᠠᠭᠠᠨ ᠦᠩᠭᠡ ᠲᠠᠢ ᠪᠢᠯᠧᠲ ᠥᠭᠬᠦ ᠬᠠᠶᠢᠷᠴᠠᠭ ᠢ ᠲᠥᠪ ᠳᠤᠮᠳᠠ ᠨᠢ ᠪᠠᠶᠢᠷᠢᠯᠠᠭᠤᠯᠤᠬᠰᠠᠨ ᠪᠠᠶᠢᠯ᠎ᠠ᠃ ᠦᠳᠡ ᠶᠢᠨ ᠡᠮᠦᠨᠡᠬᠢ 9 ᠴᠠᠭ ᠲᠤ᠂ ᠱᠢ ᠲᠠᠢ ᠹᠧᠩ ᠪᠢᠯᠧᠲ ᠥᠭᠬᠦ ᠥᠷᠲᠡᠭᠡ ᠳᠤ ᠬᠦᠷᠴᠦ᠂ ᠰᠠᠶᠢᠬᠠᠨ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠷᠭ᠎ᠠ᠂ ᠠᠩᠬᠠᠷᠬᠤ ᠵᠦᠶᠯ ᠤᠳ ᠢ ᠨᠠᠷᠢᠨ ᠣᠶᠢᠯᠠᠭᠠᠵᠤ᠂ ᠦᠵᠡᠭᠦᠯᠭᠡ ᠶᠢᠨ ᠰᠠᠮᠪᠠᠷ᠎ᠠ ᠳᠡᠭᠡᠷᠡᠬᠢ ᠳᠥᠷᠪᠡᠨ ᠲᠥᠯᠥᠭᠡᠯᠡᠭᠴᠢ ᠶᠢᠨ ᠵᠢᠱᠢᠭᠳᠡᠭᠴᠢ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠦᠵᠡᠭᠰᠡᠨ ᠤ ᠳᠠᠷᠠᠭ᠎ᠠ᠂ ᠲᠡᠷᠡ ᠰᠤᠩᠭᠤᠭᠤᠯᠢ ᠶᠢᠨ ᠪᠢᠯᠧᠲ ᠲᠠᠷᠬᠠᠭᠠᠬᠤ ᠭᠠᠵᠠᠷ ᠲᠤ ᠬᠦᠷᠴᠦ᠂ ᠰᠣᠩᠭᠤᠭᠤᠯᠢ ᠶᠢᠨ ᠢᠷᠭᠡᠳ ᠤᠨ ᠦᠨᠡᠮᠯᠡᠯ ᠢᠶᠠᠨ ᠭᠠᠷᠭᠠᠨ ᠠᠵᠢᠯᠲᠠᠳ ᠲᠤ ᠥᠭᠴᠦ ᠬᠢᠨᠠᠨ ᠪᠠᠶᠢᠴᠠᠭᠠᠯᠭᠠᠭᠰᠠᠨ ᠪᠥᠭᠡᠳ ᠨᠢᠭᠡ ᠪᠢᠯᠧᠲ ᠠᠪᠴᠤ᠂ ᠰᠣᠩᠭᠤᠭᠤᠯᠢ ᠶᠢᠨ ᠪᠢᠯᠧᠲ ᠢ ᠲᠠᠭᠯᠠᠬᠤ ᠭᠠᠵᠠᠷ ᠲᠤ ᠪᠢᠯᠧᠲ ᠢᠶᠠᠨ ᠨᠠᠷᠢᠨ ᠬᠢᠨᠠᠮᠠᠭᠠᠶ ᠲᠠᠭᠯᠠᠭᠰᠠᠨ ᠤ ᠳᠠᠷᠠᠭ᠎ᠠ ᠪᠢᠯᠧᠲ ᠤᠨ ᠬᠠᠶᠢᠷᠴᠠᠭ ᠤᠨ ᠡᠮᠦᠨ᠎ᠡ ᠬᠦᠷᠴᠦ᠂ ᠰᠤᠩᠭᠤᠭᠰᠠᠠ ᠪᠢᠯᠧᠲ ᠢᠶᠠᠨ ᠲᠥᠪ ᠴᠢᠩᠭ᠎ᠠ ᠪᠠᠷ ᠪᠢᠯᠧᠲ ᠤᠨ ᠬᠠᠶᠢᠷᠴᠠᠭ ᠲᠤ ᠬᠢᠪᠠ᠃

2.jpg


      ᠪᠢᠯᠧᠲ ᠥᠭᠬᠦ ᠲᠤᠬᠠᠢ ᠶᠢᠨ ᠲᠠᠯᠠᠪᠠᠢ ᠡᠮᠬᠢ ᠳᠢᠭᠯᠢᠮ ᠲᠠᠢ ᠪᠠᠶᠢᠵᠦ᠂ ᠸᠠᠩ ᠯᠢ ᠰᠢᠶᠠ᠂ ᠯᠢᠨ ᠱᠤᠤ ᠴᠦᠨ᠂ ᠯᠢᠦ ᠱᠤᠸᠠᠩ᠂ ᠶᠠᠩ ᠸᠧᠢ ᠳ᠋ᠦᠩ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠤᠩ ᠹᠠᠨ᠂ ᠳ᠋ᠢᠩ ᠰᠢᠤ ᠹᠧᠩ᠂ ᠠᠢ ᠯᠢ ᠬᠤᠸᠠ᠂ ᠡᠸᠤ ᠶᠠᠩ ᠰᠢᠶᠤᠤ ᠬᠤᠢ᠂ ᠯᠢ ᠪᠢᠩ ᠷᠦᠩ᠂ ᠬᠤᠸᠠᠩ ᡁᠢ ᠴᠢᠶᠠᠩ᠂ ᠴᠢ᠊ ᠪᠠᠲᠤ᠂ ᠪᠣᠣ ᠰᠢᠶᠠᠨ ᠬᠤᠸᠠ ᠰᠣᠩᠭᠤᠭᠤᠯᠢ ᠶᠢᠨ ᠪᠢᠯᠧᠲ ᠢᠶᠠᠨ ᠨᠠᠷᠢᠨ ᠬᠢᠨᠠᠮᠠᠭᠠᠢ ᠲᠠᠭᠯᠠᠵᠤ᠂ ᠠᠷᠢᠭᠤᠨ ᠲᠠᠷᠬᠠᠠ ᠪᠢᠯᠧᠲ ᠢᠶᠠᠨ ᠠᠷᠤ ᠠᠷᠤ ᠠᠴᠠ ᠪᠠᠨ ᠲᠥᠪ ᠴᠢᠩᠭ᠎ᠠ ᠪᠠᠷ ᠥᠭᠴᠦ᠂ ᠰᠣᠩᠭᠤᠭᠤᠯᠢ ᠶᠢᠨ ᠢᠷᠭᠡᠳ ᠤᠨ ᠡᠷᠬᠡ ᠪᠠᠨ ᠲᠥᠪ ᠴᠢᠩᠭ᠎ᠠ ᠪᠠᠷ ᠬᠡᠷᠡᠭᠵᠢᠭᠦᠯᠵᠦ᠂ ᠰᠣᠩᠭᠤᠭᠤᠯᠢ ᠶᠢᠨ ᠢᠷᠭᠡᠳ ᠤᠨ ᠡᠭᠦᠷᠭᠡ ᠪᠠᠨ ᠨᠠᠷᠢᠨ ᠬᠢᠨᠠᠮᠠᠭᠠᠢ ᠭᠦᠢᠴᠡᠳᠭᠡᠪᠡ᠃

      ᠰᠠᠶᠢᠬᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠠᠯᠪᠠᠨ ᠬᠡᠷ ᠠᠴᠠ ᠲᠠᠨᠢᠯᠴᠠᠭᠤᠯᠤᠭᠰᠠᠨ ᠢᠶᠠᠷ᠂ ᠥᠷᠭᠡᠨ ᠣᠯᠠᠨ ᠰᠣᠩᠭᠤᠭᠤᠯᠢ ᠶᠢᠨ ᠢᠷᠭᠡᠳ 122 ᠰᠣᠩᠭᠤᠭᠤᠯᠢ ᠶᠢᠨ ᠲᠣᠭᠤᠷᠢᠭ ᠤᠨ 278 ᠪᠢᠯᠧᠲ ᠥᠭᠬᠦ ᠥᠷᠲᠡᠭᠡ ᠪᠠ 701 ᠨᠡᠭᠦᠳᠡᠯ ᠪᠢᠯᠧᠲ ᠤᠨ ᠬᠠᠶᠢᠷᠴᠠᠭ ᠲᠤ ᠪᠢᠯᠧᠲ ᠥᠭᠬᠦ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ