ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/11/24
      11 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠠᠵᠢᠯ ᠤᠨ ᠲᠥᠰᠦᠯ︾  ᠢ ᠰᠤᠳᠤᠯᠤᠨ ᠬᠢᠨᠠᠨ ᠵᠥᠪᠯᠡᠵᠦ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠵᠡᠢ᠃       ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠃ ᠪᠥᠬᠦ ᠣᠷᠣᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠰᠤᠷᠤᠯᠴᠠᠨ ᠤᠬᠠᠭᠤᠯᠬᠤ᠂ ᠰᠤᠳᠤᠯᠤᠨ ᠲᠠᠶᠢᠯᠪᠤᠷᠢᠯᠠᠬᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠯ᠎ᠡ ᠵᠦᠶᠯ ᠤᠨ ᠠᠵᠢᠯ ᠢ ᠨᠠᠷᠢᠨ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠭᠦᠨᠵᠡᠭᠡᠢ ᠰᠤᠷᠤᠯᠴᠠᠨ ᠨᠠᠷᠢᠯᠢᠭ ᠣᠶᠢᠯᠠᠭᠠᠵᠤ᠂ ᠶᠡᠭᠡ ᠬᠦᠴᠦ ᠣᠷᠣᠭᠤᠯᠤᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠣᠶᠢᠯᠠᠭᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠴᠢᠬᠤᠯᠠ ᠦᠵᠡᠯ ᠰᠠᠨᠠᠭ᠎ᠠ ᠦᠵᠡᠯᠲᠡ᠂ ᠴᠢᠬᠤᠯᠠ ᠲᠡᠦᠬᠡᠨ ᠲᠤᠷᠰᠢᠯᠭ᠎ᠠ᠂ ᠴᠢᠬᠤᠯᠠ ᠶᠡᠭᠡ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠡᠨ ᠬᠦ ᠨᠡᠪᠳᠡᠷᠡᠳᠡᠯ᠎ᠡ ᠣᠶᠢᠯᠠᠭᠠᠵᠤ᠂ ᠣᠨᠣᠪᠴᠢᠲᠠᠢ ᠡᠵᠡᠮᠰᠢᠵᠦ᠂ ᠰᠠᠶᠢᠲᠤᠷ ᠬᠡᠷᠡᠭᠯᠡᠵᠦ᠂ ᠶᠡᠷᠦᠮᠳᠡᠭ ᠡᠵᠡᠮᠰᠢᠭᠰᠡᠨ ᠪᠠᠶᠢᠳᠠᠯ ᠳᠠᠭᠠᠨ ᠰᠡᠳᠬᠢᠯ ᠬᠠᠨᠭ᠍ᠬᠤ᠂ ᠭᠦᠢᠬᠡᠨ ᠳᠠᠪᠬᠤᠷᠭ᠎ᠠ ᠳᠤ ᠵᠤᠭᠰᠤᠩᠭᠤᠶᠢᠷᠠᠬᠤ ᠶᠢ ᠶᠠᠭᠠᠬᠢᠭᠰᠠᠨ ᠴᠤ ᠭᠠᠷᠭᠠᠵᠦ ᠪᠣᠯᠬᠤ ᠦᠭᠡᠢ᠃ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠤᠢᠢᠯᠠᠭᠠᠭᠤᠯᠵᠦ᠂ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠬᠤ᠂ ᠤᠴᠢᠷ ᠤᠬᠠᠭᠠᠨ ᠢ  ᠨᠢ ᠨᠡᠪᠳᠡᠷᠡᠳᠡᠯ᠎ᠡ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ᠂ ᠤᠳᠠᠭᠠᠨ ᠳᠠᠭᠠᠭᠠᠮᠠᠭᠠᠢ ᠭᠦᠨᠵᠡᠭᠡᠢ ᠰᠤᠷᠤᠯᠴᠠᠬᠤ ᠶᠢ ᠦᠨᠡᠨ ᠬᠦ ᠪᠡᠶᠡᠯᠡᠭᠦᠯᠵᠦ᠂ ᠨᠠᠮ ᠤᠨ ᠲᠡᠮᠡᠴᠡᠯ ᠤᠨ ᠲᠡᠦᠬᠡᠨ ᠶᠠᠪᠤᠴᠠ ᠠᠴᠠ ᠤᠶᠤᠨ ᠤᠬᠠᠭᠠᠨ ᠪᠠ ᠬᠦᠴᠦᠨ ᠴᠢᠳᠠᠯ ᠢ ᠦᠨᠡᠨ ᠬᠦ ᠰᠢᠩᠭᠡᠭᠡᠨ ᠠᠪᠴᠤ᠂ ᠡᠭᠦᠨ ᠢᠶᠠᠷ ᠨᠠᠮᠴᠢ ᠴᠢᠨᠠᠷ ᠢᠶᠠᠨ ᠬᠠᠲᠠᠭᠤᠵᠢᠭᠤᠯᠤᠨ ᠪᠤᠯᠪᠠᠰᠤᠷᠠᠭᠤᠯᠬᠤ᠂ ᠵᠠᠩ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ᠂ ᠴᠢᠳᠠᠪᠤᠷᠢ ᠪᠠᠨ ᠳᠡᠭᠡᠭᠰᠢᠯᠡᠭᠦᠯᠬᠦ᠂ ᠠᠵᠢᠯ ᠢᠶᠠᠨ ᠰᠠᠶᠢᠵᠢᠷᠠᠭᠤᠯᠬᠤ ᠳᠤ ᠬᠡᠷᠡᠭᠯᠡᠵᠤ᠂ ᠳᠣᠲᠣᠭᠠᠳᠤ ᠰᠡᠳᠭᠢᠯ ᠠᠴᠠ ᠪᠠᠨ ᠡᠭᠦᠰᠴᠦ᠂ ᠬᠡᠯᠡᠬᠦ ᠬᠢᠬᠦ ᠪᠠᠨ ᠨᠢᠭᠡᠳᠭᠡᠵᠦ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠨᠢᠭᠡᠳᠭᠡᠵᠦ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠦᠢᠯᠡᠳᠦᠯᠭᠡᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠤᠬᠠᠭᠤᠯᠬᠤ ᠰᠠᠯᠠᠭ᠎ᠠ ᠮᠥᠴᠢᠷ ᠤᠨ ᠬᠢᠨ ᠨᠢᠭᠡᠳᠦᠯᠲᠡᠶ ᠲᠥᠯᠥᠪᠵᠢᠭᠦᠯᠦᠨ ᠵᠢᠯᠣᠭᠤᠳᠬᠤ ᠪᠠ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ᠵᠥᠪ ᠴᠢᠭᠯᠡᠯ ᠪᠠ ᠭᠤᠤᠯᠳᠠᠯᠭ᠎ᠠ ᠲᠠᠢ ᠠᠭᠤᠯᠭ᠎ᠠ ᠶᠢ ᠣᠨᠣᠪᠴᠢᠲᠠᠶ ᠡᠵᠡᠮᠳᠡᠵᠦ᠂ ᠲᠥᠪᠯᠡᠷᠡᠭᠦᠯᠦᠨ ᠬᠢᠴᠢᠶᠡᠯ ᠪᠡᠯᠡᠳᠭᠡᠬᠦ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠤᠬᠠᠭᠤᠯᠤᠨ ᠲᠠᠶᠢᠯᠪᠤᠷᠢᠯᠠᠬᠤ ᠭᠤᠤᠯᠯᠠᠭᠴᠢ ᠬᠦᠴᠦᠨ ᠢ ᠰᠠᠶᠢᠲᠤᠷ ᠪᠣᠯᠪᠠᠰᠤᠷᠠᠭᠤᠯᠵᠤ᠂ ᠤᠬᠠᠭᠤᠯᠤᠨ ᠲᠠᠶᠢᠯᠪᠤᠷᠢᠯᠠᠬᠤ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ ᠲᠤᠯᠤᠭᠠᠨ ︽ᠲᠣᠳᠣᠷᠬᠠᠶ ᠶᠠᠷᠢᠵᠤ ᠨᠡᠪᠲᠡᠷᠡᠲᠡᠯ᠎ᠡ ᠶᠠᠷᠢᠬᠤ︾ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠵᠢᠷᠭᠤᠭᠠᠨ ᠲᠠᠯ᠎ᠠ︾ ᠶᠢᠨ ᠠᠭᠤᠯᠭ᠎ᠠ ᠶᠢᠨ ᠤᠬᠠᠭᠤᠯᠭ᠎ᠠ ᠶᠢ ᠣᠨᠣᠪᠴᠢᠲᠠᠶ ᠭᠦᠨᠵᠡᠭᠡᠶ ᠰᠠᠶᠢᠲᠤᠷ ᠠᠳᠬᠤᠵᠤ᠂ ᠪᠥᠬᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠪᠣᠯᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠪᠣᠯᠤᠨ ᠦᠶᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠭᠡᠬᠦ ᠬᠡᠷᠡᠭᠲᠡᠶ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠶᠢ ᠨᠢᠭᠡ ᠴᠤᠬᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠳᠤ ᠢᠳᠡᠪᠬᠢᠲᠡᠢ ᠪᠠᠷ ᠰᠢᠨ᠎ᠡ ᠶᠢ ᠡᠭᠦᠳᠴᠦ᠂ ᠤᠬᠠᠭᠤᠯᠤᠨ ᠲᠠᠶᠢᠯᠪᠤᠷᠢᠯᠠᠬᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠭᠤᠤᠯᠳᠠᠯᠭ᠎ᠠ ᠪᠣᠯᠭᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠬᠤᠪᠢ ᠬᠥᠮᠦᠨ ᠤ ᠥᠪᠡᠷ ᠤᠨ ᠰᠤᠷᠤᠯᠴᠠᠯᠭ᠎ᠠ᠂ ᠬᠠᠮᠲᠤ ᠶᠢᠨ ᠰᠤᠷᠤᠯᠴᠠᠯᠭ᠎ᠠ᠂ ᠲᠤᠰᠬᠠᠶ ᠮᠡᠷᠭᠡᠵᠢᠯᠲᠡᠨ ᠬᠠᠪᠰᠤᠷᠤᠨ ᠵᠢᠯᠣᠭᠤᠳᠬᠤ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠪᠥᠬᠦᠳᠡ ᠬᠤᠷᠠᠯ ᠤᠨ ᠰᠢᠶᠳᠪᠦᠷᠢ ᠶᠢ ᠭᠦᠨᠵᠡᠭᠡᠶ ᠰᠤᠷᠤᠯᠴᠠᠨ ᠰᠤᠳᠤᠯᠤᠨ ᠤᠩᠰᠢᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠲᠡᠦᠬᠡ ᠶᠢ ᠰᠤᠷᠤᠯᠴᠠᠨ ᠶᠣᠰᠣ ᠤᠴᠢᠷ ᠢ ᠣᠶᠢᠯᠠᠭᠠᠵᠤ᠂ ᠲᠡᠦᠬᠡ ᠶᠢ ᠰᠤᠷᠤᠯᠴᠠᠨ ᠢᠲᠡᠭᠡᠯ ᠢᠶᠠᠨ ᠨᠡᠮᠡᠭᠳᠡᠭᠦᠯᠵᠦ᠂ ᠲᠡᠦᠬᠡ ᠶᠢ ᠰᠤᠷᠤᠯᠴᠠᠨ ᠶᠣᠰᠣ ᠰᠤᠷᠲᠠᠬᠤᠨ ᠢ ᠡᠷᠬᠢᠮᠯᠡᠵᠦ᠂ ᠲᠡᠦᠬᠡ ᠶᠢ ᠰᠤᠷᠤᠯᠴᠠᠨ ᠴᠢᠷᠮᠠᠶᠢᠨ ᠦᠢᠯᠡᠳᠦᠯᠭᠡᠵᠢᠭᠦᠯᠬᠦ ᠶᠢ ᠨᠠᠩ ᠰᠠᠶᠢᠲᠤᠷ ᠪᠡᠶᠡᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠠᠩ ᠶᠡᠭᠡ ᠨᠠᠩ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠳᠤ ᠪᠣᠳᠠᠲᠠᠢ ᠲᠤᠬᠢᠷᠠᠭᠤᠯᠤᠯᠳᠠ ᠬᠢᠵᠦ᠂ ᠭᠤᠣᠯ ᠬᠠᠷᠢᠭᠤᠴᠠᠯᠭᠠᠲᠠᠨ ᠨᠥᠬᠦᠳ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷᠴᠤᠳ ᠤᠨ ᠳᠡᠭᠡᠳᠦ ᠰᠤᠷᠭᠠᠭᠤᠯᠢ ᠶᠢᠨ ᠵᠠᠪᠠᠯ ᠰᠤᠷᠬᠤ ᠬᠢᠴᠢᠶᠡᠯ ᠳᠤ ᠣᠷᠣᠭᠤᠯᠵᠤ᠂ ᠡᠯ᠎ᠡ ᠱᠠᠲᠤᠨ ᠤ ᠨᠠᠮ ᠤᠨ ᠭᠡᠰᠢᠭᠦᠨ᠂ ᠺᠠᠳ᠋ᠷ ᠤᠨ ᠰᠤᠷᠤᠯᠴᠠᠯᠭ᠎ᠠ ᠪᠣᠯᠪᠠᠰᠤᠷᠠᠯ ᠢ ᠲᠣᠪᠣᠶᠢᠮ᠎ᠠ ᠰᠠᠶᠢᠲᠤᠷ ᠠᠳᠬᠤᠬᠤ ᠬᠡᠷᠡᠭᠲᠡᠶ᠃ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠪᠣᠯᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠬᠦᠴᠦᠨ ᠢᠶᠠᠨ ᠵᠣᠬᠢᠶᠠᠨ ᠪᠠᠶᠢᠭᠤᠯᠤᠨ ᠠᠵᠤ ᠠᠬᠤᠶᠢᠯᠠᠯ᠂ ᠰᠤᠷᠭᠠᠭᠤᠯᠢ᠂ ᠨᠡᠶᠢᠭᠡᠮ ᠲᠣᠭᠤᠷᠢᠭ᠂ ᠬᠦᠳᠡᠭᠡ ᠲᠤᠰᠬᠤᠨ ᠮᠠᠯᠵᠢᠬᠤ ᠣᠷᠣᠨ ᠳᠤ ᠭᠦᠨᠵᠡᠭᠡᠶᠢᠷᠡᠵᠦ᠂ ᠲᠤᠰᠬᠠᠢ ᠬᠠᠨᠳᠤᠭᠤᠯᠤᠬᠰᠠᠨ᠂ ᠬᠦᠯᠢᠶᠡᠨ ᠠᠪᠤᠬᠴᠢ ᠳᠤ ᠴᠢᠭᠯᠡᠭᠦᠯᠦᠭᠰᠡᠨ ᠰᠤᠷᠤᠯᠴᠠᠯᠭ᠎ᠠ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠭᠢᠯ ᠳᠤ ᠭᠦᠨ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠣᠷᠢᠭ ᠰᠠᠨᠠᠭ᠎ᠠ᠂ ᠦᠨᠡᠨ ᠬᠦ ᠠᠳᠬᠤᠵᠤ ᠪᠣᠳᠠᠲᠠᠢ ᠠᠵᠢᠯᠯᠠᠬᠤ ᠬᠡᠪ ᠰᠤᠷᠲᠠᠯ ᠢᠶᠠᠷ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠢ ᠡᠷᠡᠰ ᠬᠦᠴᠦᠲᠡᠢ ᠰᠠᠶᠢᠳᠤᠷ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠦ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ