ᠪᠦᠬᠦ ᠣᠷᠣᠨ ᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠯᠠᠪᠳᠠᠭᠤᠨ ᠢᠶᠠᠷ ᠠᠭᠢᠵᠤ ᠪᠤᠢ
ᠨᠡᠶᠢᠲᠡᠯᠡᠭᠰᠡᠨ ᠴᠠᠭ᠄
2021/11/24
      ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ  ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠨᠥᠭᠦᠴᠡᠯ ᠰᠠᠶᠢᠲᠠᠢ ᠣᠷᠴᠢᠨ ᠢ ᠰᠢᠯᠢᠳᠡᠭᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠪᠥᠬᠦ ᠬᠦᠴᠦᠨ ᠢᠶᠠᠷ ᠢᠶᠠᠨ ᠠᠭᠢᠭᠤᠯᠵᠠᠢ᠃      11 ᠳ᠋ᠦ᠋ᠭᠡᠷ ᠰᠠᠷ᠎ᠠ ᠪᠣᠯᠲᠠᠯ᠎ᠠ᠂ ᠪᠥᠬᠦ ᠣᠷᠣᠨ ᠤ 56 ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠡᠶᠡᠯᠡᠭᠦᠯᠬᠦ ᠴᠢᠬᠤᠯᠠᠲᠠᠢ 782 ᠦᠨᠡᠯᠡᠨ ᠵᠢᠱᠢᠬᠦ ᠵᠦᠶᠯᠡᠰ ᠤᠨ ᠳᠣᠲᠤᠷᠠᠬᠢ 282 ᠵᠦᠢᠯᠡᠰ ᠢ ᠨᠢᠭᠡᠨᠲᠡ ᠪᠡᠶᠡᠯᠡᠭᠦᠯᠵᠦ᠂ ᠪᠡᠶᠡᠯᠡᠭᠦᠯᠦᠭᠰᠡᠨ ᠠᠬᠢᠴᠠ ᠨᠢ 36.0% ᠳᠤ ᠬᠦᠷᠪᠡ᠃ ᠠᠶᠢᠮᠠᠭ ᠬᠤᠲᠠ ᠪᠠᠷ ᠬᠤᠪᠢᠶᠠᠨ ᠦᠵᠡᠪᠡᠯ᠂ ᠪᠡᠶᠡᠯᠡᠭᠦᠯᠦᠭᠰᠡᠨ ᠠᠬᠢᠴᠠ ᠨᠢ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠭᠠᠵᠠᠷ ᠣᠷᠣᠨ 6 ᠪᠠᠶᠢᠵᠤ᠂ ᠲᠣᠰ ᠪᠦᠷᠢ ᠪᠠᠶᠠᠨᠨᠠᠭᠤᠷ ᠬᠤᠲᠠ 91.3%᠂ ᠮᠠᠨᠵᠤᠤᠷ ᠬᠤᠲᠠ 85.7%᠂ ᠠᠯᠠᠱᠠ ᠠᠶᠢᠮᠠᠭ 75.0%᠂ ᠬᠢᠩᠭᠠᠨ ᠠᠶᠢᠮᠠᠭ 60.0%᠂ ᠪᠤᠭᠤᠲᠤ ᠬᠤᠲᠠ 55.2%᠂ ᠲᠦᠩᠯᠢᠶᠣᠤ ᠬᠤᠲᠠ 51.1% ᠪᠣᠯᠤᠨ᠎ᠠ︔ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠳᠣᠤᠷ᠎ᠠ ᠭᠠᠵᠠᠷ ᠣᠷᠣᠨ 8 ᠪᠠᠶᠢᠨ᠎ᠠ᠂ ᠲᠡᠳᠡᠭᠡᠷ ᠨᠢ ᠲᠣᠰ ᠲᠣᠰ ᠬᠥᠬᠡᠬᠤᠲᠠ 8.5%᠂ ᠬᠥᠯᠥᠨ ᠪᠣᠶᠢᠷ ᠬᠤᠲᠠ 20.8%᠂ ᠤᠯᠠᠭᠠᠨᠬᠠᠳᠠ ᠬᠤᠲᠠ 24.6%᠂ ᠰᠢᠯᠢ ᠶᠢᠨ ᠭᠤᠤᠯ ᠠᠶᠢᠮᠠᠭ28.9%᠂ ᠤᠯᠠᠭᠠᠨᠴᠠᠪ ᠬᠤᠲᠠ 27.1%᠂ ᠡᠷᠢᠶᠡᠨ ᠬᠤᠲᠠ 33.3%᠂ ᠣᠷᠳᠣᠰ ᠬᠤᠲᠠ 35.8%᠂ ᠦᠬᠠᠶ ᠬᠤᠲᠠ 35.7% ᠪᠣᠯᠤᠨ᠎ᠠ᠃ ᠠᠵᠢᠯ ᠢᠶᠠᠷ ᠬᠤᠪᠢᠶᠠᠨ ᠦᠵᠡᠪᠡᠯ᠂ ᠲᠦᠷᠦᠭᠦᠦ ᠭᠤᠷᠪᠠ ᠳᠤ ᠣᠷᠤᠭᠰᠠᠨ ᠨᠢ ᠣᠷᠴᠢᠨ ᠠᠬᠤᠶ ᠶᠢᠨ ᠨᠥᠯᠥᠭᠡᠯᠡᠯ ᠤᠨ ᠦᠨᠡᠯᠡᠯᠲᠡ 73.7%᠂ ᠤᠰᠤᠨ ᠤ ᠡᠬᠢ ᠪᠠᠶᠠᠯᠢᠭ ᠤᠨ ᠨᠤᠲᠠᠯᠠᠯᠲᠠ 50.5%᠂ ᠭᠠᠵᠠᠷ ᠬᠦᠷᠦᠰᠦᠨ ᠤ ᠭᠠᠢ ᠭᠠᠮᠰᠢᠭ ᠤᠨ ᠠᠶᠤᠯᠲᠤ ᠴᠢᠨᠠᠷ ᠤᠨ ᠦᠨᠡᠯᠡᠯᠲᠡ 36.2% ᠪᠣᠯᠤᠨ᠎ᠠ︔ ᠰᠡᠭᠦᠯᠴᠢ ᠶᠢᠨ 3 ᠨᠡᠷᠡᠰ ᠲᠤ ᠵᠢᠭᠰᠠᠭᠠᠭᠳᠠᠭᠰᠠᠨ ᠨᠢ ᠠᠭᠤᠷ ᠠᠮᠢᠰᠬᠤᠯ ᠤᠨ ᠪᠣᠯᠤᠮᠵᠢᠲᠤ ᠴᠢᠨᠠᠷ ᠤᠨ ᠨᠤᠲᠠᠯᠠᠯᠲᠠ 3.0%᠂ ᠦᠶᠡᠷ ᠤᠰᠤᠳᠤᠯ ᠤᠨ ᠨᠥᠯᠦᠭᠡᠯᠡᠯ ᠤᠨ ᠦᠨᠡᠯᠡᠯᠲᠡ 8.2%᠂ ᠡᠨᠧᠷᠭᠢ ᠠᠷᠪᠢᠯᠠᠬᠤ ᠦᠨᠡᠯᠡᠯᠲᠡ 16.3% ᠪᠣᠯᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ