ᠮᠠᠨ ᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠵᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠦᠷ᠎ᠡ ᠪᠦᠲᠦᠮᠵᠢ ᠢᠯᠡᠷᠬᠡᠢ ᠪᠠᠶᠢᠨ᠎ᠠ
ᠨᠡᠶᠢᠲᠡᠯᠡᠭᠰᠡᠨ ᠴᠠᠭ᠄
2021/11/25
      11 ᠳ᠋ᠦ᠋ᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠯᠴᠠᠭ᠎ᠠ ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠪᠠᠶᠢᠭ᠎ᠠ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃      2018 ᠣᠨ ᠤ 11 ᠳ᠋ᠦ᠋ᠭᠡᠷ ᠰᠠᠷ᠎ᠠ ᠶᠢᠨ 9 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠠᠩᠬᠢ ᠳᠤ ᠲᠤᠭ ᠣᠯᠭᠤᠭᠰᠠᠨ ᠪᠥᠭᠡᠳ ᠰᠤᠷᠭᠠᠯ ᠦᠭᠡ ᠬᠡᠯᠡᠪᠡ᠃ 3 ᠵᠢᠯ ᠤᠨ ᠲᠤᠷᠰᠢ᠂ ᠪᠥᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠯ ᠦᠭᠡ ᠶᠢᠨ ᠵᠣᠷᠢᠭ ᠰᠠᠨᠠᠭ᠎ᠠ ᠶᠢ ᠦᠨᠡᠨᠴᠢ ᠪᠠᠷ ᠦᠢᠯᠡᠳᠦᠯᠭᠡᠵᠢᠭᠦᠯᠵᠦ᠂ ᠥᠭᠡᠷᠡᠴᠢᠯᠡᠯᠲᠡ ᠬᠢᠬᠦ ᠶᠢᠨ ᠳᠠᠭᠠᠤ ᠪᠠᠴᠢᠮ ᠪᠠᠶᠢᠳᠠᠯ ᠢ ᠠᠷᠭᠠᠴᠠᠭᠠᠬᠤ ᠪᠠ ᠪᠥᠲᠥᠭᠡᠨ ᠪᠠᠶᠢᠭᠤᠯᠵᠤ᠂ ᠡᠯ᠎ᠡ ᠲᠥᠷᠥᠯ ᠤᠨ ᠠᠳᠡᠯ ᠭᠠᠮᠰᠢᠭ ᠢ ᠬᠦᠴᠦᠲᠡᠶ ᠪᠥᠭᠡᠳ ᠪᠦᠲᠦᠮᠵᠢᠲᠡᠶ ᠠᠷᠭᠠᠴᠠᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠬᠠᠮᠠᠭᠠᠯᠠᠪᠠ᠃      ᠣᠳᠣᠬᠠᠨ ᠳᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠪᠦᠷᠢᠨ ᠵᠣᠬᠢᠶᠠᠨ ᠪᠠᠶᠢᠭᠤᠯᠤᠭᠰᠠᠨ ᠪᠥᠭᠡᠳ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ ᠮᠥᠴᠢᠷ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠵᠢᠯᠣᠭᠤᠳᠤᠨ ᠲᠣᠬᠢᠷᠠᠭᠤᠯᠬᠤ᠂ ᠬᠢᠨᠠᠨ ᠵᠢᠯᠣᠭᠤᠳᠴᠤ ᠪᠠᠶᠢᠴᠠᠭᠠᠬᠤ᠂ ᠬᠢᠨᠠᠨ ᠰᠢᠯᠭᠠᠵᠤ ᠦᠨᠡᠯᠡᠨ ᠵᠢᠱᠢᠬᠦ ᠵᠡᠷᠭᠡ ᠶᠡᠷᠦᠩᠬᠡᠶᠢᠯᠡᠭᠰᠡᠨ ᠡᠭᠦᠷᠭᠡ ᠴᠢᠳᠠᠪᠬᠢ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠪᠠᠰᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠣᠭᠤᠳᠬᠤ ᠲᠠᠪᠴᠠᠩ ᠤᠨ ᠪᠠᠶᠢᠭᠤᠯᠤᠯᠲᠠ ᠶᠢ ᠡᠬᠢᠯᠡᠭᠦᠯᠦᠨ ᠬᠡᠷᠡᠭᠵᠢᠭᠦᠯᠵᠦ᠂ ᠰᠡᠷᠡᠵᠦ ᠮᠡᠳᠡᠬᠦ᠂ ᠴᠢᠮᠡᠭᠡ ᠬᠤᠯᠪᠣᠭ᠎ᠠ ᠪᠠ ᠶᠡᠷᠦᠩᠬᠡᠶᠢᠯᠡᠨ ᠵᠢᠯᠣᠭᠤᠳᠬᠤ ᠰᠢᠰᠲ᠋ᠧᠮ ᠢ ᠲᠡᠭᠦᠯᠳᠡᠷᠵᠢᠭᠦᠯᠦᠨ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠢᠳᠡᠪᠬᠢᠲᠡᠶ ᠬᠡᠷᠡᠭᠯᠡᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠯᠴᠠᠭ᠎ᠠ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠳᠤ ᠣᠲᠣ ᠨᠢᠭᠡᠨᠲᠡ ᠨᠡᠭᠦᠷᠡᠰᠦᠨ ᠠᠭᠤᠷᠬᠠᠶ᠂ ᠨᠡᠭᠦᠷᠡᠰᠦᠨ ᠤ ᠪᠤᠰᠤ ᠠᠭᠤᠷᠬᠠᠶ᠂ ᠠᠶᠤᠯᠲᠤ ᠬᠢᠮᠢ ᠶᠢᠨ ᠪᠣᠳᠠᠰ᠂ ᠣᠶ ᠰᠢᠭᠤᠶ ᠨᠤᠲᠤᠭ ᠪᠡᠯᠴᠢᠭᠡᠷ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠭᠠᠵᠠᠷ ᠬᠥᠳᠡᠯᠦᠯᠲᠡ ᠭᠧᠣᠯᠣᠭᠢ᠂ ᠠᠭᠠᠷ ᠠᠶᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ᠂ ᠨᠡᠶᠢᠭᠡᠮ ᠤᠨ ᠬᠦᠴᠦᠨ ᠵᠡᠷᠭᠡ 8 ᠲᠥᠷᠥᠯ ᠤᠨ ᠣᠷᠣᠨ ᠨᠤᠲᠤᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ 936 ᠡᠩᠨᠡᠭᠡ ᠶᠢ ᠪᠠᠶᠢᠭᠤᠯᠵᠤ᠂ ᠨᠡᠶᠢᠲᠡ 8.07 ᠲᠦᠮᠡᠨ ᠬᠥᠮᠦᠨ ᠲᠠᠢ ᠪᠣᠯᠪᠠ᠃      ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠶᠡᠷᠦᠩᠬᠡᠶ ᠠᠩᠭᠢ ᠨᠢ ︽ᠪᠥᠬᠦ ᠭᠠᠮᠰᠢᠭ ᠢ ᠶᠡᠭᠡ ᠪᠠᠷ ᠠᠷᠭᠠᠴᠠᠭᠠᠬᠤ︾ ᠡᠩᠨᠡᠭᠡ ᠶᠢᠨ ᠪᠠᠶᠢᠭᠤᠯᠤᠯᠲᠠ ᠶᠢᠨ ᠰᠡᠳᠬᠢᠮᠵᠢ ᠶᠣᠰᠣᠭᠠᠷ᠂ ᠬᠢᠮᠢ ᠶᠢᠨ ᠠᠵᠤ ᠦᠢᠯᠡᠳᠪᠦᠷᠢ᠂ ᠳᠡᠭᠡᠳᠦ ᠳᠠᠪᠬᠤᠷᠭ᠎ᠠ᠂ ᠭᠠᠵᠠᠷ ᠬᠥᠳᠡᠯᠦᠯᠲᠡ᠂ ᠤᠰᠤᠨ ᠣᠷᠣᠨ ᠵᠡᠷᠭᠡ ᠲᠤᠰᠬᠠᠶ ᠮᠡᠷᠭᠡᠵᠢᠯ ᠤᠨ ᠪᠣᠭᠤᠮᠲᠠ ᠰᠢᠪᠲᠤᠯᠬᠤ 7 ᠰᠠᠯᠠᠭ᠎ᠠ ᠡᠩᠨᠡᠭᠡ ᠵᠢᠴᠢ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠪᠣᠭᠤᠮᠲᠠ ᠰᠢᠪᠲᠤᠯᠬᠤ 148 ᠳᠤᠭᠤᠶᠢᠯᠠᠩ ᠢ ᠵᠣᠬᠢᠶᠠᠨ ᠪᠠᠶᠢᠭᠤᠯᠪᠠ᠃ 3 ᠵᠢᠯ ᠤᠨ ᠲᠤᠷᠰᠢ᠂ ᠪᠦᠬᠦ ᠣᠷᠣᠨ ᠤ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠡᠩᠨᠡᠭᠡ᠂ ᠰᠡᠷᠡᠮᠵᠢ ᠶᠢᠨ ᠳᠣᠬᠢᠶ᠎ᠠ ᠶᠢ ᠲᠣᠰᠴᠤ ᠳᠠᠶᠢᠴᠢᠯᠠᠭᠰᠠᠨ ᠨᠢ 6.3 ᠲᠦᠮᠡ ᠭᠠᠷᠤᠢ ᠬᠥᠮᠥᠨ ᠤᠳᠠᠭ᠎ᠠ ᠳᠤ ᠬᠦᠷᠴᠦ᠂ 2 ᠲᠦᠮᠡ ᠭᠠᠷᠤᠢ ᠬᠤᠷᠢᠭᠳᠠᠭᠰᠠᠨ ᠬᠥᠮᠦᠰ ᠢ ᠠᠪᠤᠷᠠᠨ ᠲᠠᠷᠬᠠᠭᠠᠵᠠᠢ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠭᠠᠯ ᠤᠨᠲᠠᠷᠠᠭᠠᠬᠤ ᠶᠡᠷᠦᠩᠬᠡᠶ ᠠᠩᠭᠢ ᠶᠢᠨ ᠬᠠᠷᠢᠭᠤᠴᠠᠯᠭᠠᠲᠠᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠬᠤᠷᠢᠭᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠪᠠ᠃ ᠶᠡᠷᠦᠩᠬᠡᠶ ᠠᠩᠭᠢ ᠶᠢᠨ ᠬᠢᠨ ᠪᠥᠬᠦ ᠡᠩᠨᠡᠭᠡ ᠪᠠᠷ ᠢᠶᠠᠨ ᠣᠷᠣᠯᠴᠠᠬᠤ᠂ ᠪᠥᠬᠦ ᠡᠯᠧᠮᠧᠨ᠋ᠲ ᠢ ᠨᠡᠶᠢᠯᠡᠭᠦᠯᠬᠦ᠂ ᠪᠥᠬᠦ ᠠᠷᠭ᠎ᠠ ᠶᠢ ᠬᠡᠷᠡᠭᠯᠡᠬᠦ᠂ ᠪᠥᠬᠦ ᠲᠠᠯ᠎ᠠ ᠶᠢ ᠬᠠᠮᠤᠷᠬᠤ ︽ᠳᠥᠷᠪᠡᠨ ᠪᠦᠬᠦ ᠲᠠᠯ᠎ᠠ︾ ᠶᠢᠨ ᠠᠷᠭ᠎ᠠ ᠪᠠᠷ ᠪᠠᠶᠠᠷ ᠤᠨ ᠡᠳᠦᠷ ᠤᠨ ᠭᠠᠯ ᠢ ᠰᠡᠷᠭᠡᠶᠢᠯᠡᠬᠦ ᠲᠤᠰᠬᠠᠶ ᠠᠵᠢᠯᠯᠠᠭ᠎ᠠ ᠶᠢ ᠥᠷᠨᠢᠭᠦᠯᠦᠭᠰᠡᠨ ᠤ ᠬᠠᠮᠲᠤ ᠪᠠᠴᠢᠮ ᠪᠠᠶᠢᠳᠠᠯ ᠢ ᠠᠷᠭᠠᠴᠠᠭᠠᠬᠤ᠂ ᠣᠶ ᠰᠢᠭᠤᠶ ᠡᠪᠡᠰᠦ ᠪᠡᠯᠴᠢᠭᠡᠷ᠂ ᠴᠠᠭ ᠠᠭᠤᠷ ᠵᠡᠷᠭᠡ ᠰᠠᠯᠠᠭ᠎ᠠ ᠮᠥᠴᠢᠷ ᠲᠠᠢ ᠭᠠᠯ ᠢ ᠰᠡᠷᠭᠡᠶᠢᠯᠡᠬᠦ ᠪᠠᠶᠢᠳᠠᠯ ᠤᠨ ᠰᠤᠳᠤᠯᠤᠨ ᠮᠠᠭᠠᠳᠯᠠᠯᠲᠠ ᠶᠢ ᠴᠢᠩᠭᠠᠳᠬᠠᠵᠤ᠂ ᠪᠠᠶᠢᠩᠭᠤ ᠶᠢᠨ ᠪᠠᠶᠢᠳᠠᠯ ᠳᠤ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠨ ᠡᠯ᠎ᠡ ᠭᠠᠵᠠᠷ ᠤᠨ ᠬᠢᠨ ᠲᠠᠢ ᠬᠠᠮᠵᠢᠯᠴᠠᠨ ᠭᠠᠯ ᠤᠨ ᠭᠠᠮᠰᠢᠭ ᠤᠨ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠰᠠᠶᠢᠲᠤᠷ ᠬᠢᠪᠡ᠃ 3 ᠵᠢᠯ ᠤᠨ ᠲᠤᠷᠰᠢ᠂ ᠪᠥᠬᠦ ᠣᠷᠣᠨ ᠳᠤ ᠰᠡᠷᠡᠮᠵᠢ ᠲᠣᠰᠣᠨ ᠳᠠᠶᠢᠴᠢᠯᠠᠭᠰᠠᠨ ᠨᠢ ᠨᠡᠶᠢᠲᠡ 493 ᠰᠠᠯᠠᠭ᠎ᠠ ᠡᠭᠦᠷᠭᠡ ᠭᠦᠢᠴᠡᠳᠬᠡᠬᠦ ᠬᠤᠪᠢᠶᠠᠷᠢ ᠠᠩᠭᠢ ᠶᠢᠨ 5.4 ᠲᠦᠮᠡ ᠭᠠᠷᠤᠶ ᠬᠥᠮᠦᠨ ᠤᠳᠠᠭ᠎ᠠ ᠳᠤ ᠬᠦᠷᠴᠦ᠂ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠨ ᠬᠤᠷᠢᠭᠯᠠᠬᠤ ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ ᠬᠦᠨᠳᠦ ᠣᠨᠴᠠ ᠶᠡᠭᠡ ᠭᠠᠯ ᠤᠨ ᠭᠠᠮᠰᠢᠭ ᠡᠭᠦᠰᠬᠦ ᠲᠦᠭᠰᠢᠭᠦᠷᠢ ᠥᠩᠭᠡᠷᠡᠭᠰᠡᠨ ᠤ ᠬᠢ ᠠᠴᠠ ᠢᠯᠡᠳᠲᠡ ᠪᠠᠭᠤᠷᠠᠪᠠ᠃      ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠪᠦᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ 3 ᠵᠢᠯ ᠤᠨ ᠲᠤᠷᠰᠢ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠤᠭᠰᠠᠨ ᠲᠤᠭ᠎ᠠ ᠪᠣᠯᠤᠨ ᠠᠳᠡᠭᠰᠡᠨ ᠬᠥᠮᠦᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ 39.5%᠂ 43.5% ᠪᠠᠷ ᠪᠠᠭᠤᠷᠠᠵᠤ᠂ ᠡᠭᠦᠨ ᠤ ᠳᠣᠲᠣᠷ᠎ᠠ ᠨᠡᠯᠢᠶᠡᠳ ᠶᠡᠭᠡ ᠠᠳᠡᠯ 39.1%᠂ 38.8% ᠪᠠᠷ ᠪᠠᠭᠤᠷᠠᠵᠤ᠂ ᠨᠢᠭᠡᠨᠲᠡ 33 ᠰᠠᠷ᠎ᠠ ᠳᠠᠷᠠᠭᠠᠯᠠᠨ ᠬᠦᠨᠳᠦ ᠶᠡᠭᠡ ᠠᠳᠡᠯ ᠭᠠᠷᠤᠭᠰᠠᠨ ᠦᠭᠡᠢ︔ ᠪᠠᠶᠢᠭᠠᠯᠢ ᠶᠢᠨ ᠭᠠᠮᠰᠢᠭ ᠲᠤ ᠳᠠᠭᠠᠷᠢᠭᠳᠠᠭᠰᠠᠨ ᠬᠥᠮᠦᠨ ᠤ ᠲᠤᠭ᠎ᠠ᠂ ᠨᠤᠷᠠᠭᠰᠠᠨ ᠬᠡᠷ ᠪᠠᠶᠢᠰᠢᠩ ᠤᠨ ᠲᠤᠭ᠎ᠠ ᠪᠠ ᠠᠵᠤ ᠠᠬᠤᠶ ᠶᠢᠨ ᠰᠢᠭᠤᠳ ᠬᠤᠬᠢᠷᠠᠯ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 42.5%᠂ 60.1%᠂ 30.7% ᠪᠠᠷ ᠪᠠᠭᠤᠷᠠᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ