ᠸᠠᠩ ᠯᠢ ᠰᠢᠶᠠ᠄ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠤᠯᠤᠰ ᠲᠥᠷᠥ ᠶᠢᠨ ᠬᠡᠪ ᠴᠢᠨᠠᠷ ᠢ ᠪᠠᠲᠤ ᠰᠠᠬᠢᠵᠤ ︽ᠬᠤᠶᠠᠷ ᠢ ᠬᠠᠮᠠᠭᠠᠯᠠᠬᠤ︾ ᠶᠢ ᠨᠠᠩ ᠡᠷᠡᠰ ᠪᠠᠲᠤ ᠤᠬᠠᠮᠰᠠᠷ ᠠᠴᠠ ᠪᠠᠨ ᠪᠡᠶᠡᠯᠡᠭᠦᠯᠬᠦ ᠬᠡᠷᠡᠭᠲᠡᠶ
ᠨᠡᠶᠢᠲᠡᠯᠡᠭᠰᠡᠨ ᠴᠠᠭ᠄
2021/11/25
      11 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2021 ᠣᠨ ᠤ 12 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠠᠶ ᠯᠢ ᠬᠤᠸᠠ᠂ᠡᠸᠤ ᠶᠠᠩ ᠰᠢᠶᠤᠤ ᠬᠤᠶ᠂ ᠬᠤᠸᠠᠩ ᡁᠢ ᠴᠢᠶᠠᠩ᠂ ᠾᠧᠩ ᠰᠢᠶᠤᠤ ᠹᠠᠨ᠂ ᠴᠢ᠊ ᠪᠠᠲᠤ᠂ ᠪᠣᠣ ᠰᠢᠶᠠᠨ ᠬᠤᠸᠠ᠂ ᠵᠧᠩ ᠳ᠋ᠦᠩ ᠪᠥᠸᠧ ᠪᠣᠯᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠭᠤᠤᠯᠳᠠᠯᠭ᠎ᠠ ᠲᠠᠢ ᠦᠭᠡ ᠬᠡᠯᠡᠪᠡ᠃       ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠰᠢᠶᠳᠪᠦᠷᠢ ᠪᠣᠯ ᠮᠠᠷᠺᠰ ᠤᠨ ᠦᠵᠡᠯ ᠤᠨ ᠬᠥᠲᠥᠯᠪᠦᠷᠢ ᠶᠢᠨ ᠴᠢᠨᠠᠷᠲᠠᠶ ᠲᠤᠯᠭᠤᠷ ᠪᠢᠴᠢᠭ ᠮᠥᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠤᠯᠤᠰ ᠲᠥᠷᠥ ᠶᠢᠨ ᠲᠤᠩᠬᠠᠭ ᠮᠥᠨ᠂ ᠲᠡᠦᠬᠡ ᠪᠠᠷ ᠲᠣᠯᠢ ᠪᠣᠯᠭᠠᠵᠤ᠂ ᠢᠷᠡᠭᠡᠳᠦᠶ ᠶᠢ ᠨᠡᠭᠡᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠵᠢᠯᠯᠠᠭᠠᠨ ᠤ ᠵᠦᠭᠯᠡᠭᠦᠷ ᠮᠥᠨ᠃ ᠰᠤᠷᠤᠯᠴᠠᠬᠤ ᠰᠡᠳᠭᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠭᠡᠬᠦ ᠶᠢ ᠪᠠᠷᠢᠮᠲᠠᠯᠠᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠤᠢᠢᠯᠠᠭᠠᠨ ᠪᠣᠳᠠᠲᠠᠶᠢᠵᠢᠭᠤᠯᠵᠤ᠂ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠬᠡᠪ ᠴᠢᠨᠠᠷ ᠢ ᠪᠠᠲᠤ ᠰᠠᠬᠢᠵᠤ᠂ ︽ᠬᠤᠶᠠᠷ ᠢ ᠬᠠᠮᠠᠭᠠᠯᠠᠬᠤ︾ ᠶᠢ ᠨᠡᠩ ᠡᠷᠡᠰ ᠪᠠᠲᠤ ᠤᠬᠠᠮᠰᠠᠷ ᠠᠴᠠ ᠪᠠᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠢᠢᠯᠠᠭᠠᠨ ᠡᠵᠡᠮᠰᠢᠵᠦ᠂ ᠪᠦᠬᠦ ᠲᠠᠯ᠎ᠠ ᠪᠠᠷ ᠰᠢᠰᠲ᠋ᠧᠮ ᠲᠠᠢ ᠪᠠᠶᠢᠯᠭᠠᠬᠤ ᠮᠦᠷᠳᠡᠭᠡᠨ ᠭᠤᠣᠯᠳᠠᠯᠭ᠎ᠠ ᠶᠢ ᠳᠤᠪᠤᠶᠢᠯᠭᠠᠵᠦ᠂ ᠪᠠᠶᠠᠯᠢᠭ ᠠᠭᠤᠯᠤᠭᠳᠠᠬᠤᠨ᠂ ᠵᠣᠷᠢᠭ ᠰᠠᠨᠠᠭᠠᠨ ᠤ ᠮᠥᠨ ᠴᠢᠨᠠᠷ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠤᠢᠢᠯᠠᠭᠠᠨ ᠡᠵᠡᠮᠰᠢᠬᠦ ᠳᠡᠭᠡᠷ᠎ᠡ ᠡᠷᠬᠡᠪᠰᠢ ᠬᠦᠴᠦ ᠲᠠᠯᠪᠢᠬᠤ ᠬᠡᠷᠡᠭᠲᠡᠢ᠃ ᠮᠠᠨ ᠤ ᠨᠠᠮ ᠤᠨ ᠠᠷᠠᠳ ᠲᠦᠮᠡᠨ ᠢ ᠤᠳᠤᠷᠢᠳᠤᠨ ᠡᠭᠦᠳᠦᠨ ᠪᠦᠲᠦᠭᠡᠭᠰᠡᠨ ︽ᠲᠦᠷᠪᠡᠨ ᠠᠭᠤᠤ ᠶᠡᠭᠡ ᠠᠮᠵᠢᠯᠲᠠ ᠪᠦᠲᠦᠮᠵᠢ︾ ᠨᠢ ᠨᠠᠮ ᠤᠨ ᠤᠳᠤᠷᠢᠳᠤᠯᠭ᠎ᠠ ᠪᠣᠯ ᠲᠡᠦᠬᠡᠨ ᠰᠣᠩᠭᠤᠯᠲᠠ᠂ ᠠᠷᠠᠳ ᠲᠦᠮᠡᠨ ᠤ ᠰᠣᠩᠭᠤᠯᠲᠠ ᠮᠥᠨ ᠭᠡᠳᠡᠭ ᠢ ᠭᠦᠢᠴᠡᠳ ᠭᠡᠷᠡᠴᠢᠯᠡᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠦᠨᠳᠦᠰᠦᠨ ᠤᠯᠤᠰ ᠲᠦᠷᠦ ᠶᠢᠨ ᠪᠠᠲᠤᠯᠠᠭ᠎ᠠ ᠪᠠ ᠦᠵᠡᠯ ᠰᠠᠨᠠᠭᠠᠨ ᠤ ᠪᠠᠲᠤᠯᠠᠭ᠎ᠠ ᠶᠢ ᠭᠦᠨᠵᠡᠭᠡᠢ ᠲᠣᠳᠣᠷᠬᠠᠶᠢᠯᠠᠵᠤ᠂ ︽ᠲᠠᠪᠤᠨ ᠶᠡᠭᠡ ᠲᠡᠦᠬᠡᠲᠦ ᠠᠴᠢ ᠬᠤᠯᠪᠣᠭᠳᠠᠯ︾ ᠨᠢ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠲᠦ ᠴᠢᠨᠠᠷᠲᠠᠢ᠂ ᠳᠡᠯᠡᠬᠡᠶ ᠶᠢᠨ ᠴᠢᠨᠠᠷᠲᠠᠶ ᠬᠤᠪᠢ ᠨᠡᠮᠡᠷᠢ ᠶᠢ ᠭᠦᠶᠴᠡᠳ ᠢᠯᠡᠷᠡᠭᠦᠯᠵᠦ᠂ ︽ᠠᠷᠪᠠ ᠶᠢ ᠪᠠᠷᠢᠮᠲᠠᠯᠠᠬᠤ︾ ᠲᠡᠦᠬᠡᠨ ᠲᠤᠷᠰᠢᠯᠭ᠎ᠠ ᠨᠢ ᠮᠠᠨ ᠤ ᠨᠠᠮ ᠥᠩᠭᠡᠷᠡᠭᠰᠡᠨ ᠳᠤ ᠶᠠᠭᠠᠬᠢᠭᠠᠳ ᠠᠮᠵᠢᠯᠲᠠ ᠣᠯᠵᠤ ᠴᠢᠳᠠᠭᠰᠠᠨ᠂ ᠢᠷᠡᠭᠡᠳᠦᠢ ᠳᠤ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ ᠴᠢᠳᠠᠬᠤ ᠨᠢᠭᠤᠴᠠ ᠨᠤᠮᠧᠷ ᠢ ᠭᠦᠨᠵᠡᠭᠡᠢ ᠢᠯᠡᠷᠡᠭᠦᠯᠵᠦ᠂ ᠲᠡᠦᠬᠡ ᠪᠠᠷ ᠲᠣᠯᠢ ᠪᠣᠯᠭᠠᠵᠦ᠂ ᠢᠷᠡᠭᠡᠳᠦᠶ ᠶᠢ ᠨᠡᠭᠡᠭᠡᠬᠦ ᠴᠢᠬᠤᠯᠠ ᠱᠠᠭᠠᠷᠳᠠᠯᠭ᠎ᠠ ᠨᠢ ᠰᠢᠨ᠎ᠡ ᠤᠯᠤᠰ ᠲᠥᠷᠥ ᠶᠢᠨ ᠳᠠᠶᠢᠴᠢᠯᠠᠯᠲᠠ ᠶᠢᠨ ᠵᠠᠷᠯᠢᠭ ᠪᠠᠭᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠤ ᠲᠤᠭᠲᠠᠭᠠᠵᠤ ᠦᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢ ᠨᠡᠩ ᠰᠠᠶᠢᠳᠤᠷ ᠲᠤᠭᠤᠰᠢᠯᠠᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ ᠭᠡᠳᠡᠭ ᠢ ᠨᠠᠩ ᠭᠦᠨᠵᠡᠭᠡᠶ ᠲᠠᠨᠢᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ᠂ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠬᠦ ᠲᠠᠢ ᠤᠶᠠᠯᠳᠤᠭᠤᠯᠤᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠬᠤ ᠬᠡᠷᠡᠭᠲᠡᠶ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠶᠡᠷᠦᠩᠬᠡᠶᠢᠯᠡᠨ ᠵᠠᠬᠢᠷᠬᠤ ᠪᠠᠶᠢᠷᠢᠨ ᠳᠤ ᠲᠠᠯᠪᠢᠵᠤ᠂ ᠣᠨᠣᠯ ᠢᠶᠠᠷ ᠵᠡᠪᠰᠡᠭᠯᠡᠬᠦ ᠠᠵᠢᠯ ᠢ ᠢᠮᠠᠭᠲᠠ ᠴᠢᠩᠭ᠎ᠠ ᠠᠳᠬᠤᠵᠤ᠂ ᠢᠮᠠᠭᠲᠠ ᠤᠯᠤᠰ ᠲᠥᠷᠥ ᠶᠢᠨ ᠵᠦᠭᠯᠡᠭᠦᠷ ᠢᠶᠠᠷ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠ ᠴᠢᠭᠯᠡᠯ ᠪᠤᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠢᠮᠠᠭᠲᠠ ᠬᠡᠵᠢᠶᠡᠳᠡ ᠳᠠᠭᠤᠰᠤᠰᠢ ᠦᠭᠡᠢ ᠬᠠᠲᠠᠭᠤ ᠵᠣᠷᠢᠭ ᠢᠶᠠᠷ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠡᠷᠡᠰ ᠭᠤᠶᠢᠪᠢᠰᠢ ᠥᠬᠡᠶ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠥᠬᠦᠳᠡ ᠬᠤᠷᠠᠯ ᠤᠨ ᠵᠣᠷᠢᠭ ᠰᠠᠨᠠᠭᠠᠨ ᠤ ᠵᠢᠯᠣᠭᠤᠳᠣᠯᠭ᠎ᠠ ᠳᠤᠤᠷ᠎ᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠦᠶᠯᠡᠴᠢᠯᠡᠬᠦ ᠳᠤᠮᠳᠠ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ