ᠪᠦᠬᠦ ᠣᠷᠣᠨ ᠤ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠤᠲᠠᠰᠤ ᠬᠤᠷᠠᠯ ᠬᠤᠷᠠᠯᠳᠤᠪᠠ    ᠸᠠᠩ ᠯᠢ ᠰᠢᠶᠠ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2021/11/25
      11 ᠰᠠᠷ᠎ᠠ ᠶᠢᠨ 24 ᠤ ᠡᠳᠦᠷ᠂ ᠪᠦᠬᠦ ᠣᠷᠣᠨ ᠤ ᠨᠡᠬᠡᠬᠡᠯᠳᠡ ᠶᠢᠨ ᠲᠤᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠲᠧᠯᠸᠢᠰ ᠤᠲᠠᠰᠤ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠯᠢᠦ ᠱᠤᠸᠠᠩ ᠠᠵᠢᠯ ᠤᠨ ᠱᠠᠭᠠᠷᠳᠠᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ ᠬᠤᠷᠠᠯ ᠢ ᠡᠷᠬᠢᠯᠡᠪᠡ᠃       ᠸᠠᠩ ᠯᠢ ᠰᠢᠶᠠ᠂ ᠪᠦᠬᠦ ᠣᠷᠣᠨ ᠤ ᠨᠡᠬᠡᠬᠡᠯᠳᠡ ᠶᠢᠨ ᠲᠣᠭᠤᠷᠢᠭ ᠤᠨ ᠰᠢᠰᠲ᠋ᠧᠮ ᠳᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠥᠷᠨᠢᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠪᠣᠯᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠦᠷᠢᠮ ᠢ ᠲᠡᠭᠦᠯᠳᠡᠷᠵᠢᠭᠦᠯᠬᠦ᠂ ᠵᠠᠰᠠᠯᠲᠠ ᠶᠢ ᠠᠬᠢᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠲᠦᠯᠬᠢᠨ ᠠᠬᠢᠭᠤᠯᠬᠤ ᠨᠢ ᠨᠠᠮ ᠤᠨ ᠤᠳᠤᠷᠢᠳᠤᠯᠭ᠎ᠠ ᠪᠣᠯᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠳᠤ ᠵᠦᠭᠯᠡᠭᠦᠷ ᠤᠨ ᠦᠢᠯᠡᠳᠦᠯ ᠲᠠᠢ ᠶᠤᠮ᠂ ᠴᠢᠨᠠᠷ ᠰᠠᠶᠢᠲᠠᠢ ᠬᠥᠭᠵᠢᠯᠲᠡ᠂ ᠥᠨᠳᠥᠷ ᠲᠦᠪᠰᠢᠨ ᠪᠦᠬᠦᠢ ᠬᠠᠮᠠᠭᠠᠯᠠᠯᠲᠠ᠂ ᠴᠢᠨᠠᠷ ᠰᠠᠶᠢᠲᠠᠢ ᠠᠮᠢᠳᠤᠷᠠᠯ᠂ ᠥᠨᠳᠥᠷ ᠪᠦᠲᠦᠮᠵᠢᠲᠡᠢ ᠵᠠᠰᠠᠯᠲᠠ ᠶᠢ ᠠᠬᠢᠭᠤᠯᠬᠤ ᠳᠤ ᠪᠦᠬᠦ ᠲᠠᠯ᠎ᠠ ᠶᠢᠨ ᠴᠢᠨᠠᠷᠲᠠᠢ ᠨᠥᠯᠥᠭᠡ ᠲᠠᠢ ᠶᠤᠮ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠤᠨ᠂ ᠨᠡᠭᠡᠭᠡᠯᠲᠡ ᠶᠢᠨ ᠲᠤᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠶᠴᠡᠳ ᠲᠠᠨᠢᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠳᠡᠭᠡᠳᠦ ᠬᠡᠮᠵᠢᠶ᠎ᠡ ᠪᠠᠷ ᠰᠡᠷᠡᠮᠵᠢᠯᠡᠭᠦᠯᠵᠦ᠂ ᠦᠳᠲᠡᠷ ᠲᠦᠷᠭᠡᠨ ᠬᠥᠳᠡᠯᠦᠯᠴᠡᠨ᠂ ᠪᠥᠬᠦ ᠲᠠᠯ᠎ᠠ ᠪᠠᠷ ᠦᠷᠨᠢᠭᠦᠯᠵᠤ᠂ ᠴᠢᠩᠭ᠎ᠠ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠪᠠ ᠴᠢᠩᠭ᠎ᠠ ᠬᠦᠴᠦᠲᠡᠶ ᠲᠦᠷᠢᠮ ᠲᠣᠭᠲᠠᠭᠠᠯ ᠤᠨ ᠠᠷᠭ᠎ᠠ ᠪᠠᠷᠢᠯ ᠢᠶᠠᠷ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠪᠠᠶᠢᠭᠤᠯᠤᠯᠲᠠ ᠶᠢ ᠠᠬᠢᠭᠤᠯᠬᠤ᠂ ᠬᠡᠷᠡᠭ ᠢᠶᠠᠷ ᠵᠠᠰᠠᠯᠲᠠ ᠶᠢ ᠠᠬᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠵᠠᠢ᠃       ᠸᠠᠩ ᠯᠢ ᠰᠢᠶᠠ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠪᠠ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠦᠨ ᠰᠡᠷᠭᠦᠭᠡᠬᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠦᠨᠳᠦᠷᠴᠡ ᠳᠤ ᠵᠣᠭᠰᠣᠨ᠂ ᠯᠢ ᠵᠢᠶᠠᠨ ᠫᠢᠩ ᠵᠡᠷᠭᠡ ᠶᠢᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠬᠡᠷᠡᠭ ᠢᠶᠠᠷ ᠲᠤᠯᠢ ᠪᠣᠯᠭᠠᠵᠤ᠂ ᠲᠥᠯᠥᠪᠵᠢᠭᠦᠯᠭᠡ ᠶᠢᠨ ᠲᠦᠷᠦᠯ ᠵᠦᠢᠯ᠂ ᠪᠡᠯᠡ ᠮᠥᠩᠭᠦ ᠭᠠᠵᠠᠷ ᠰᠢᠷᠣᠢ᠂ ᠬᠥᠮᠦᠨ ᠰᠣᠩᠭᠤᠵᠤ ᠬᠥᠮᠦᠨ ᠬᠡᠷᠡᠭᠯᠡᠬᠦ᠂ ᠲᠦᠷᠢᠮ ᠲᠣᠭᠲᠠᠴᠠ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠲᠠᠯ᠎ᠠ ᠪᠠᠷ ᠬᠡᠷᠡᠭ ᠶᠠᠪᠤᠳᠠᠯ ᠢ ᠪᠠᠶᠢᠴᠠᠭᠠᠨ ᠲᠤᠳᠤᠯᠠᠵᠤ᠂ ᠬᠥᠮᠦᠨ ᠢ ᠪᠠᠶᠢᠴᠠᠭᠠᠨ ᠲᠤᠳᠤᠯᠠᠵᠤ᠂ ᠠᠰᠠᠭᠤᠳᠠᠯ ᠢ ᠪᠠᠶᠢᠴᠠᠭᠠᠨ ᠲᠤᠳᠤᠯᠠᠵᠤ᠂ ᠳᠠᠯᠳᠠ ᠥᠨᠴᠥᠭ ᠪᠤᠯᠤᠩ ᠦᠯᠡᠳᠡᠭᠡᠬᠦ ᠦᠭᠡᠢ᠂ ᠨᠢᠭᠤᠭᠳᠠᠮᠠᠯ ᠭᠠᠵᠠᠷ ᠦᠯᠡᠳᠡᠭᠡᠬᠦ ᠦᠭᠡᠢ ᠪᠠᠶᠢᠬᠤ ᠬᠡᠷᠡᠭᠲᠡᠢ᠃ ᠠᠰᠠᠭᠤᠳᠠᠯ ᠢ ᠲᠤᠶᠢᠯᠪᠤᠷᠢᠲᠠᠶ ᠴᠡᠭᠴᠡᠯᠡᠨ ᠵᠠᠰᠠᠬᠤ ᠳᠤ ᠠᠩᠬᠠᠷᠤᠯ ᠢᠶᠠᠨ ᠬᠠᠨᠳᠤᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠲᠣᠭᠲᠠᠭᠠᠵᠤ᠂ ᠵᠦᠶᠯ ᠳᠠᠷᠠᠭᠠᠯᠠᠨ ᠴᠠᠭ ᠤᠨ ᠬᠥᠰᠦᠨᠦᠭᠲᠦ᠂ ᠡᠭᠦᠷᠭᠡ ᠶᠢᠨ ᠬᠠᠭᠤᠳᠠᠰᠤ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ᠂ ᠳᠡᠷᠡ ᠳᠠᠷᠤᠢ ᠳᠤᠨᠢ ᠬᠡᠷᠡᠭᠵᠢᠭᠦᠯᠵᠦ ᠳᠡᠷᠡ ᠳᠠᠷᠤᠢ ᠳᠤᠨᠢ ᠵᠠᠯᠠᠷᠠᠭᠤᠯᠵᠤ᠂ ᠴᠢᠩᠭ᠎ᠠ ᠠᠳᠬᠤᠨ ᠪᠣᠳᠠᠲᠠᠶ ᠵᠠᠯᠠᠷᠠᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠰᠠᠭᠤᠳᠠᠯ ᠢ ᠪᠣᠳᠠᠲᠠᠶ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠭᠦᠨᠵᠡᠭᠡᠶᠢᠷᠡᠭᠦᠯᠦᠨ ᠥᠷᠭᠡᠳᠭᠡᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠠᠭᠤᠳᠠᠯᠤᠨ ᠨᠢᠮᠪᠠᠢ ᠰᠤᠳᠤᠯᠵᠤ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ᠂ ᠳᠤᠲᠠᠭᠤᠳᠠᠯ ᠳᠤᠲᠠᠭᠳᠠᠯ ᠢᠶᠠᠨ ᠦᠨᠡᠨ ᠬᠦ ᠨᠥᠬᠦᠪᠥᠷᠢᠯᠡᠵᠦ᠂ ᠡᠷᠬᠡ ᠪᠠᠨ ᠠᠰᠢᠭᠯᠠᠨ ᠬᠤᠪᠢ ᠶᠢᠨ ᠠᠰᠢᠭ ᠬᠥᠭᠡᠭᠡᠴᠡᠯᠳᠦᠬᠦ ᠣᠷᠣᠨ ᠵᠠᠢ ᠶᠢ ᠤᠰᠠᠳᠬᠠᠵᠤ᠂ ᠢᠯᠵᠠᠷᠠᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠶᠢ ᠠᠷᠢᠯᠭᠠᠵᠤ᠂ ︽ᠭᠤᠷᠪᠠᠨ ᠰᠢᠨ᠎ᠡ︾ ᠶᠢᠨ ᠱᠠᠭᠠᠷᠳᠠᠯᠭ᠎ᠠ ᠶᠢ ᠲᠤᠭᠤᠰᠢᠯᠠᠭᠤᠯᠬᠤ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ᠂ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠢ ᠪᠠᠭᠤᠷᠠᠢ ᠭᠤᠭᠴᠤᠭ᠎ᠠ ᠶᠢ ᠪᠠᠶᠢᠴᠠᠭᠠᠨ ᠦᠵᠡᠬᠦ ᠪᠠ ᠴᠢᠩᠭᠠᠳᠬᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠦ ᠪᠣᠬᠢᠷᠲᠤᠯ ᠦᠭᠡᠢ ᠬᠥᠭᠵᠢᠭᠦᠯᠬᠦ ᠤᠳᠤᠷᠢᠳᠤᠮᠵᠢ ᠶᠢ ᠴᠢᠩᠭᠠᠳᠬᠠᠨ᠂ ᠪᠦᠲᠦᠴᠡ ᠶᠢ ᠲᠤᠬᠢᠷᠠᠭᠤᠯᠬᠤ᠂ ᠴᠢᠳᠠᠮᠵᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠰᠢᠪᠲᠤᠯᠤᠯᠲᠠ ᠬᠢᠵᠦ ᠬᠦᠳᠦᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠪᠠᠷ ᠬᠦᠴᠦᠯᠡᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠰᠢᠰᠲ᠋ᠧᠮ ᠢᠶᠠᠨ ᠪᠦᠷᠢᠨᠰᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠶ ᠨᠠᠶᠢᠳᠠᠪᠤᠷᠢᠵᠢᠭᠤᠯᠵᠤ᠂ ᠬᠡᠷᠡᠭ ᠢᠶᠠᠷ ᠦᠭᠡᠷᠡᠴᠢᠯᠡᠯᠳᠡ ᠶᠢ ᠠᠬᠢᠭᠤᠯᠬᠤ ᠠᠵᠢᠯ ᠤᠨ ᠦᠨᠡᠨ ᠪᠣᠳᠠᠲᠠᠶ ᠦᠷ᠎ᠡ ᠪᠦᠲᠦᠭᠡᠯ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃       ᠯᠢᠦ ᠱᠤᠸᠠᠩ᠂ ᠪᠦᠬᠦ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠦᠨᠡᠨ ᠬᠦ ᠰᠠᠶᠢᠲᠤᠷ ᠠᠳᠬᠤᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠷᠠᠭᠤᠯᠵᠤ᠂ ︽ᠬᠤᠶᠠᠷ ᠢ ᠬᠠᠮᠠᠭᠠᠯᠠᠬᠤ︾ ᠶᠢ ᠦᠶᠯᠡᠳᠦᠯᠭᠡᠵᠢᠭᠦᠯᠵᠦ᠂ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠨᠡᠭᠡᠭᠡᠯᠲᠡ ᠶᠢᠨ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠬᠦ ᠶᠢ ᠱᠠᠯᠠᠪᠳᠠᠭᠤᠯᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠬᠡᠷᠡᠭ ᠢᠶᠠᠷ ᠵᠠᠰᠠᠯᠲᠠ ᠶᠢ ᠠᠬᠢᠭᠤᠯᠵᠤ᠂ ᠤᠯᠤᠰ ᠲᠥᠷᠥ ᠶᠢᠨ ᠠᠮᠢ ᠠᠬᠤᠶ ᠶᠢ ᠦᠷᠭᠦᠯᠵᠢᠯᠡᠨ ᠴᠡᠪᠡᠷᠰᠢᠭᠦᠯᠵᠦ ᠰᠡᠷᠭᠦᠭᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠨᠡᠭᠡᠭᠡᠯᠲᠡ ᠶᠢᠨ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠪᠣᠯᠤᠨ ᠡᠯ᠎ᠡ ᠬᠤᠰᠢᠭᠤ ᠰᠢᠶᠠᠨ ︵ᠬᠤᠲᠠ ᠲᠣᠭᠤᠷᠢᠭ︶ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠦᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ