ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/11/26

      11 ᠳ᠋ᠦ᠋ᠭᠡᠷ ᠰᠠᠷ᠎ᠠ ᠶᠢᠨ 25 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠃ ᠲᠤᠬᠠᠢ ᠶᠢᠨ ᠭᠠᠵᠠᠷ ᠤᠨ ᠲᠣᠳᠤᠯᠠᠭᠰᠠᠨ 1 ᠡᠪᠡᠳᠴᠢᠨ ᠤ ᠵᠢᠱᠢᠶ᠎ᠡ ︵ᠠᠯᠠᠱᠠ ᠠᠶᠢᠮᠠᠭ ᠤᠨ ᠡᠵᠡᠨ᠎ᠡ ᠬᠤᠰᠢᠭᠤ︶ ᠡᠷᠡᠭᠦᠯᠵᠢᠵᠦ ᠡᠮᠨᠡᠯᠭᠡ ᠠᠴᠠ ᠭᠠᠷᠴᠠᠢ᠃
      2021 ᠣᠨ ᠤ 10 ᠳ᠋ᠤᠭᠠᠷ ᠰᠠᠷ᠎ᠠ ᠶᠢᠨ 13 ᠤ ᠡᠳᠦᠷ ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠠᠩᠬᠠᠳᠠᠭᠴᠢ ᠡᠪᠡᠳᠴᠢᠨ ᠤ ᠵᠢᠱᠢᠶ᠎ᠡ ᠶᠢ ᠮᠡᠳᠡᠭᠦᠯᠦᠭᠰᠡᠨ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠨᠡᠶᠢᠲᠡ 189 ᠢᠯᠡᠷᠡᠵᠦ᠂ 11 ᠳ᠋ᠦ᠋ᠭᠡᠷ ᠰᠠᠷ᠎ᠠ ᠶᠢᠨ 25 ᠤ ᠡᠳᠦᠷ ᠤᠨ 24 ᠴᠠᠭ ᠪᠣᠯᠲᠠᠯ᠎ᠠ ᠪᠦᠬᠦᠨ ᠢᠶᠠᠷ ᠢᠶᠠᠨ ᠡᠷᠡᠭᠦᠯᠵᠢᠵᠦ ᠡᠮᠨᠡᠯᠭᠡ ᠠᠴᠠ ᠭᠠᠷᠪᠠ᠃
      ᠲᠠᠷᠠᠭᠠᠴᠢ ᠶᠢᠨ ᠠᠯᠬᠤᠮ ᠳᠤ᠂ ᠦᠷᠭᠦᠯᠵᠢᠯᠡᠨ ︽ᠭᠠᠳᠠᠨ᠎ᠠ ᠠᠴᠠ ᠣᠷᠤᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠪᠠᠷ ᠪᠤᠢ᠃


 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ