11 ᠳ᠋ᠦ᠋ᠭᠡᠷ ᠰᠠᠷ᠎ᠠ ᠶᠢᠨ 18 ᠤ ᠡᠳᠦᠷ᠂ ᠬᠥᠯᠥᠨ ᠪᠤᠶᠢᠷ ᠬᠤᠲᠠ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ | ᠦᠨᠡᠯᠡᠨ ᠵᠢᠱᠢᠬᠦ ᠪᠡᠯᠡᠳᠬᠡᠯ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ ᠶᠢᠨ ᠱᠦᠵᠢ᠂ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ | ᠳᠠᠷᠤᠭ᠎ᠠ ᠵᠢᠢ ᠶᠦᠩ ᠴᠢᠶᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠲᠠ ᠶᠢᠨ ᠨᠠᠮ ᠤᠨ | ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠶᠠᠩ ᠶᠢᠨ ᠰᠥᠩ ᠬᠤᠷᠠᠯ ᠢ ᠡᠷᠭᠢᠯᠡᠪᠡ᠃ | ᠵᠢᠢ ᠶᠦᠩ ᠴᠢᠶᠠᠨ ᠵᠢᠭᠠᠬᠤ ᠳᠤ ᠪᠠᠨ᠂ ᠪᠦᠬᠦ ᠬᠤᠲᠠ ᠪᠠᠷ ᠢᠶᠠᠨ ᠵᠣᠭᠰᠣᠴᠠ ᠪᠠᠨ ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠵᠡᠯ | ᠰᠠᠨᠠᠭ᠎ᠠ ᠪᠠ ᠦᠢᠯᠡ ᠠᠵᠢᠯᠯᠠᠭ᠎ᠠ ᠪᠠᠨ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠲᠠᠢ ᠨᠢᠭᠡᠳᠬᠡᠵᠦ᠂ ᠠᠵᠢᠯ ᠤᠨ ᠭᠤᠣᠯᠳᠠᠯᠭ᠎ᠠ ᠪᠠᠨ ᠳᠣᠪᠤᠶᠢᠯᠭᠠᠵᠤ᠂ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠥᠳᠡᠯᠦᠩᠭᠦᠶ ᠪᠠᠷ ᠬᠢᠨᠠᠨ ᠪᠠᠶᠢᠴᠠᠭᠠᠬᠤ | ᠪᠠ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠬᠤᠶᠠᠷ ᠲᠤ ᠰᠠᠨᠠᠭᠠᠰᠢᠷᠠᠬᠤ ᠥᠬᠡᠶ᠂ ᠭᠤᠷᠪᠠ ᠶᠢ ᠪᠠᠲᠤᠯᠠᠬᠤ︾ ᠪᠠ ᠤᠤᠭᠤᠬᠤ | ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠬᠦᠴᠦᠯᠡᠨ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠬᠦ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ ᠪᠠᠯᠠ ᠮᠥᠩᠭᠦ᠂ ᠲᠥᠷᠥᠯ ᠵᠦᠢᠯ᠂ ᠡᠳ᠋ ᠬᠥᠷᠥᠩᠭᠡ ᠶᠢᠨ ᠬᠠᠮᠢᠶᠠᠷᠤᠯᠲᠠ ᠶᠢ ᠪᠥᠬᠦ | ᠲᠠᠯ᠎ᠠ ᠪᠠᠷ ᠴᠢᠩᠭᠠᠳᠬᠠᠨ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠰᠠᠶᠢᠲᠤᠷ ᠠᠳᠬᠤᠵᠤ᠂ ᠬᠡᠪᠴᠢᠶᠡᠵᠢᠭᠰᠡᠨ ᠴᠢᠨᠠᠷᠲᠠᠶ ᠪᠠᠷ ᠳᠠᠬᠢᠨ ᠶᠠᠳᠠᠭᠤᠷᠠᠬᠤ | ᠦᠭᠡᠢ ᠬᠢᠵᠠᠭᠠᠷ ᠱᠤᠭᠤᠮ ᠢ ᠡᠷᠡᠰ ᠰᠠᠬᠢᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠢ ᠦᠨᠡᠨ ᠬᠦ ᠴᠢᠩᠭ᠎ᠠ ᠪᠥᠭᠡᠳ | ᠪᠣᠳᠠᠲᠠᠶ ᠪᠠᠷ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠡᠢ᠃ | ᠵᠢᠢ ᠶᠦᠩ ᠴᠢᠶᠠᠨ ᠴᠢᠬᠤᠯᠠᠴᠢᠯᠠᠬᠤ ᠳᠤ ᠪᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠷᠭ᠎ᠠ ᠳᠤ ᠲᠣᠳᠣᠷᠬᠠᠢ ᠲᠣᠭᠲᠠᠭᠠᠭᠰᠠᠨ ᠲᠦᠷᠦ ᠶᠢᠨ ᠪᠤᠳᠤᠯᠭ᠎ᠠ ᠶᠢᠨ | ᠱᠠᠭᠠᠷᠳᠠᠯᠭ᠎ᠠ ᠪᠣᠯᠤᠨ ᠠᠵᠢᠯ ᠤᠨ ᠪᠠᠷᠢᠮᠵᠢᠶ᠎ᠠ ᠲᠠᠢ ᠬᠠᠷᠢᠴᠠᠭᠤᠯᠵᠤ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠪᠦᠬᠦ ᠲᠠᠯ᠎ᠠ ᠪᠠᠷ ᠥᠷᠨᠢᠭᠦᠯᠵᠦ᠂ | ᠥᠪᠡᠷᠲᠡᠭᠡᠨ ᠵᠠᠰᠠᠬᠤ ᠣᠷᠣᠨ ᠪᠣᠯᠤᠨ ᠬᠥᠯᠥᠨ ᠪᠤᠶᠢᠷ ᠬᠤᠳᠠ ᠶᠢᠨ ᠰᠢᠮᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠵᠤ ᠬᠠᠷᠢᠭᠤ ᠲᠤᠰᠬᠠᠬᠰᠠᠨ ᠠᠰᠠᠭᠤᠳᠠᠯ ᠲᠠᠢ | ᠤᠶᠠᠯᠳᠤᠭᠤᠯᠵᠤ᠂ ᠪᠠᠶᠢᠴᠠᠭᠠᠬᠤ ᠶᠢᠨ ᠳᠠᠭᠠᠤ ᠬᠠᠯᠠᠨ ᠰᠠᠶᠢᠵᠢᠷᠠᠭᠤᠯᠵᠤ᠂ ᠳᠣᠣᠷ᠎ᠠ ᠨᠢ ᠬᠡᠷᠡᠭᠵᠢᠭᠦᠯᠵᠦ ᠳᠣᠣᠷ᠎ᠠ ᠨᠢ ᠬᠠᠯᠠᠨ ᠰᠠᠶᠢᠵᠢᠷᠠᠭᠤᠯᠵᠤ᠂ ᠤᠯᠤᠰ ᠤᠨ | ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠯᠲᠡ ᠳᠤ ᠬᠠᠨᠤᠮᠵᠢᠲᠠᠢ ᠬᠠᠷᠢᠭᠤᠯᠲᠠ ᠥᠭᠬᠦ ᠪᠠᠷ ᠴᠢᠷᠮᠠᠶᠢᠬᠤ | ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠬᠤᠰᠢᠭᠤ ᠬᠤᠲᠠ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠭᠤᠤᠯ ᠴᠣᠭᠴᠠ ᠶᠢᠨ ᠬᠠᠷᠢᠭᠤᠴᠠᠯᠭ᠎ᠠ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠨ ᠭᠤᠣᠯᠯᠠᠨ ᠬᠠᠷᠢᠭᠤᠴᠠᠬᠤ ᠬᠠᠷᠢᠭᠤᠴᠠᠯᠭ᠎ᠠ ᠶᠢ ᠴᠢᠩᠭ᠎ᠠ ᠠᠳᠬᠤᠵᠤ᠂ | ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠨ᠂ ᠠᠵᠢᠯ ᠤᠨ ᠵᠣᠬᠢᠴᠠᠭᠤᠯᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ | ᠭᠦᠨᠵᠡᠭᠡᠶᠢᠷᠡᠨ᠂ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠬᠢᠨᠠᠨ ᠵᠢᠯᠣᠭᠤᠳᠴᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ᠂ ᠬᠢᠯᠪᠠᠷ ᠪᠤᠰᠤ ᠪᠠᠷ ᠣᠯᠤᠭᠰᠠᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠶ ᠭᠡᠵᠡᠢ᠃ | ᠯᠢᠶᠠᠩ ᠶᠢᠨ ᠰᠦᠩ ᠱᠠᠭᠠᠷᠳᠠᠬᠤ ᠳᠤ ᠪᠠᠨ᠂ ᠡᠯ᠎ᠡ ᠵᠦᠢᠯ ᠤᠨ ᠪᠡᠯᠡᠳᠬᠡᠯ ᠠᠵᠢᠯ ᠢ ᠦᠨᠡᠨ ᠬᠦ ᠪᠣᠳᠠᠲᠠᠢ ᠪᠠᠷ ᠠᠳᠬᠤᠨ ᠪᠦᠬᠦ ᠲᠠᠯ᠎ᠠ ᠪᠠᠷ ᠰᠠᠶᠢᠲᠤᠷ ᠬᠢᠵᠦ᠂ | ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠵᠦ ᠬᠢᠨᠠᠨ ᠰᠢᠯᠭᠠᠬᠤ ᠠᠭᠤᠯᠭ᠎ᠠ ᠶᠢᠨ ᠲᠣᠭᠤᠷᠢᠨ ᠳᠤ᠂ | ᠣᠷᠬᠢᠭᠳᠠᠭᠤᠯᠤᠭᠰᠠᠨ ᠢ ᠨᠢ ᠲᠡᠭᠦᠵᠦ ᠳᠤᠲᠠᠭᠤ ᠶᠢ ᠨᠢ ᠨᠥᠬᠦᠪᠥᠷᠢᠯᠡᠵᠦ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠵᠤ᠂ ᠤᠯᠤᠰ ᠠᠴᠠ ᠬᠢᠬᠦ ᠭᠡᠵᠦ ᠪᠠᠶᠢᠭ᠎ᠠ | ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠯᠲᠡ ᠶᠢ ᠪᠦᠬᠦ ᠬᠦᠴᠦᠨ ᠢᠶᠠᠷ ᠢᠶᠠᠨ ᠤᠭᠲᠤᠬᠤ ᠬᠡᠷᠡᠭᠲᠡᠢ᠃ ᠡᠯ᠎ᠡ ᠬᠤᠰᠢᠭᠤ ᠬᠤᠲᠠ ᠲᠣᠭᠤᠷᠢᠭ ᠤᠨ ᠨᠠᠮ ᠤᠨ | ᠬᠤᠷᠢᠶ᠎ᠠ ᠶᠢᠨ ᠱᠦᠵᠢ ︽ᠨᠢᠭᠡᠳᠦᠭᠡᠷ ᠹᠷᠣᠨᠲ ᠤᠨ ᠶᠡᠷᠦᠩᠬᠡᠶ ᠵᠢᠯᠣᠭᠤᠳᠣᠭᠴᠢ︾ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠬᠤᠲᠠ ᠶᠢᠨ | ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠠᠵᠢᠯ ᠲᠥᠷᠥᠯ ᠤᠨ ᠰᠠᠯᠠᠭ᠎ᠠ ᠮᠥᠴᠢᠷ ᠤᠳ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ | ᠳᠠᠷᠠᠭᠠᠬᠢ ᠦᠨᠡᠯᠡᠨ ᠵᠢᠱᠢᠯᠲᠡ ᠶᠢᠨ ᠪᠡᠯᠡᠳᠬᠡᠯ ᠠᠵᠢᠯ ᠤᠨ ᠲᠤᠰᠬᠠᠶ ᠠᠩᠭᠢ ᠪᠠᠶᠢᠭᠤᠯᠵᠤ᠂ ᠭᠤᠤᠯᠳᠠᠯᠭ᠎ᠠ ᠲᠠᠢ ᠵᠣᠯᠭᠠᠭᠤᠯᠬᠤ ᠠᠵᠢᠯ ᠢ ᠴᠢᠩᠭ᠎ᠠ ᠪᠣᠳᠠᠲᠠᠶ ᠠᠳᠬᠤᠵᠤ᠂ | ᠴᠢᠭᠯᠡᠯᠲᠦ ᠴᠢᠨᠠᠷᠲᠠᠶ ᠠᠷᠭ᠎ᠠ ᠬᠡᠮᠵᠢᠶ᠎ᠡ ᠠᠪᠴᠤ᠂ ᠬᠢᠨᠠᠨ ᠰᠢᠨᠵᠢᠯᠡᠯᠲᠡ ᠬᠢᠭᠰᠡᠨ ᠪᠣᠯᠪᠠᠴᠤ ᠬᠠᠪᠰᠤᠷᠤᠨ ᠳᠡᠳᠬᠦᠭᠰᠡᠨ ᠥᠬᠡᠶ ᠠᠰᠠᠭᠤᠳᠠᠯ ᠢ ᠡᠷᠡᠰ ᠬᠤᠷᠢᠭᠯᠠᠬᠤ | ᠬᠡᠷᠡᠭᠲᠡᠶ ᠭᠡᠵᠡᠢ᠃ | ᠬᠤᠷᠠᠯ ᠢ ᠸᠢᠳᠢᠣ᠋ ᠬᠡᠯᠪᠡᠷᠢ ᠪᠠᠷ ᠡᠯ᠎ᠡ ᠬᠤᠰᠢᠭᠤ ᠬᠤᠲᠠ ᠲᠣᠭᠤᠷᠢᠭ ᠬᠦᠷᠲᠡᠯ᠎ᠡ ᠶᠠᠪᠤᠭᠳᠠᠭᠤᠯᠪᠠ᠃ |