ᠱᠢ ᠲᠠᠢ ᠹᠧᠩ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠵᠥ ᠳᠠᠷᠤᠯᠲᠠ ᠪᠠᠨ ᠨᠡᠮᠡᠭᠳᠡᠭᠦᠯᠤᠨ ᠡᠷᠴᠢᠮ ᠢᠶᠠᠨ ᠴᠢᠩᠭᠠᠷᠠᠭᠤᠯᠵᠥ ᠪᠥᠬᠦ ᠣᠷᠣᠨ ᠳᠤ ᠲᠦᠷᠦᠬᠦᠯᠡᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/11/29

1.jpg

 

      11 ᠰᠠᠷ᠎ᠠ ᠶᠢᠨ 28 ᠤ ᠦᠳᠡ ᠶᠢᠨ ᠡᠮᠦᠨ᠎ᠠ᠂ ᠱᠢ ᠲᠠᠢ ᠹᠧᠩ ᠬᠦᠬᠡᠬᠤᠳᠠ ᠶᠢᠨ ᠲᠦᠯᠦᠭᠡᠯᠡᠭᠴᠢᠳ ᠤᠨ ᠪᠦᠯᠬᠦᠮ ᠤᠨ ᠬᠢᠨ ᠲᠠᠢ ᠬᠠᠮᠳᠦ ᠪᠠᠷ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠢᠯᠡᠳᠭᠡᠯ ᠢ ᠬᠢᠨᠡᠨ ᠵᠦᠪᠯᠡᠵᠠᠢ᠃

      ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ

      11 ᠰᠠᠷ᠎ᠠ ᠶᠢᠨ 28 ᠤ ᠡᠳᠦᠷ᠂ ᠱᠢ ᠲᠠᠢ ᠹᠧᠩ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠳᠤ ᠬᠦᠷᠴᠦ᠂ ᠲᠥᠯᠥᠭᠡᠯᠡᠭᠴᠢᠳ ᠲᠠᠢ ᠬᠠᠮᠲᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠭᠡᠯ ᠢ ᠶᠠᠷᠢᠯᠴᠠᠪᠠ᠃ ᠲᠡᠷᠡ᠂ ᠬᠥᠬᠡᠬᠤᠲᠠ ᠥᠪᠡᠷᠲᠡᠭᠡᠨ ᠵᠠᠰᠠᠬᠤ ᠣᠷᠣᠨ ᠤ ᠲᠥᠪ ᠪᠣᠯᠤᠭᠰᠠᠨ ᠤ ᠬᠤᠪᠢ ᠳᠤ᠂ ᠬᠠᠷᠢᠭᠤᠴᠠᠯᠭ᠎ᠠ ᠪᠠᠨ ᠮᠡᠳᠡᠵᠤ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠳᠠᠷᠤᠯᠲᠠ ᠪᠠᠨ ᠨᠡᠮᠡᠭᠳᠡᠭᠦᠯᠵᠦ ᠡᠷᠴᠢᠮ ᠢᠶᠠᠨ ᠴᠢᠩᠭᠠᠷᠠᠭᠤᠯᠵᠥ᠂ ᠳᠠᠪᠠᠭᠤᠯᠢᠭ ᠢᠶᠠᠨ ᠪᠠᠳᠠᠷᠠᠭᠤᠯᠤᠨ ᠰᠢᠭᠠᠷᠤ ᠪᠠᠨ ᠲᠡᠪᠴᠢᠵᠦ᠂ ᠰᠢᠯᠢᠳᠡᠭ ᠢ ᠬᠥᠮᠦᠵᠢᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠣᠷᠣᠨ ᠤ ᠲᠥᠪ ᠤᠨ ᠭᠤᠣᠯᠯᠠᠬᠤ ᠴᠢᠳᠠᠮᠵᠢ ᠪᠣᠯᠤᠨ ᠠᠵᠤ ᠦᠢᠯᠡᠰ ᠤᠨ ᠴᠢᠳᠠᠪᠬᠢ ᠲᠡᠰ ᠢ ᠬᠦᠴᠦᠯᠡᠨ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃

      ᠪᠣᠣ ᠭᠠᠩ᠂ ᠵᠧᠩ ᠯᠢ ᠨᠠ᠂ ᠵᠠᠩ ᠵᠢᠶᠠᠨ ᠴᠢᠦ᠂ ᠾᠧ ᠬᠠᠢ ᠳ᠋ᠦᠩ᠂ ᠹᠦ᠋ ᠶᠢᠨ ᠽᠠᠢ ᠵᠡᠷᠭᠡ ᠲᠥᠯᠥᠭᠡᠯᠡᠭᠴᠢ ᠤᠷᠢᠳ ᠬᠤᠵᠢᠳ ᠦᠬᠡ ᠬᠡᠯᠡᠵᠥ᠂ ᠲᠠᠨᠢᠯᠲᠠ ᠪᠠᠨ ᠳᠡᠯᠭᠡᠵᠦ᠂ ᠲᠥᠷᠥᠭᠳᠡᠯ ᠢᠶᠠᠨ ᠬᠤᠪᠢᠶᠠᠯᠴᠠᠵᠤ᠂ ᠠᠯᠤᠰ ᠤᠨ ᠳᠦᠰᠤᠪ ᠢᠶᠠᠨ ᠶᠠᠷᠢᠪᠠ᠃ ᠣᠯᠠᠨ ᠤ ᠬᠡᠯᠡᠬᠦ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠮᠠᠨ ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢᠨ ᠲᠠᠰᠢᠷᠠᠮ ᠳᠤ᠂ ᠮᠠᠨ ᠤ ᠤᠯᠤᠰ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠤᠷᠤᠭᠰᠠᠨ ᠴᠢᠬᠤᠯᠠ ᠴᠠᠭ ᠮᠥᠴᠡ ᠳᠤ ᠬᠤᠷᠠᠯᠳᠤᠭᠰᠠᠨ ᠶᠤᠮ᠂ ᠴᠠᠭ ᠬᠤᠭᠤᠴᠠᠭ᠎ᠠ ᠨᠢ ᠣᠨᠴᠠᠭᠠᠶ᠂ ᠠᠴᠢ ᠬᠤᠯᠪᠣᠭᠳᠠᠯ ᠨᠢ ᠲᠤᠶᠢᠯ ᠤᠨ ᠴᠢᠬᠤᠯᠠ ᠶᠤᠮ᠃ ᠨᠡᠶᠢᠭᠡᠮ ᠵᠢᠷᠤᠮᠳᠤ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠥ᠂ ᠪᠢᠳᠠ ᠥᠪᠥᠷ ᠮᠣᠩᠭᠤᠯ ᠤᠨ ᠬᠥᠭᠵᠢᠯᠲᠡ ᠶᠢ ᠲᠥᠯᠥᠪᠵᠢᠭᠦᠯᠬᠦ ᠳᠤ ᠡᠷᠬᠡᠪᠰᠢ ᠤᠯᠤᠰ ᠲᠦᠷᠦ ᠶᠢᠨ ᠲᠠᠯ᠎ᠠ ᠠᠴᠠ ᠦᠵᠡᠵᠦ᠂ ᠪᠦᠬᠦ ᠲᠠᠯ᠎ᠠ ᠠᠴᠠ ᠡᠵᠡᠮᠳᠡᠬᠦ ᠬᠡᠷᠡᠭᠲᠡᠢ᠂ ᠡᠩ ᠲᠡᠷᠢᠭᠦᠨ ᠳᠤ ᠥᠪᠥᠷ ᠮᠣᠩᠭᠤᠯ ᠤᠨ ᠰᠢᠨ᠎ᠡ ᠠᠶᠠᠨ ᠳᠤ ᠶᠠᠮᠠᠷ ᠬᠠᠷᠢᠭᠤᠴᠠᠯᠭ᠎ᠠ ᠪᠠ ᠡᠭᠦᠷᠭᠡ ᠡᠭᠦᠷᠭᠡᠯᠡᠵᠦ ᠪᠠᠶᠢᠬᠤ ᠶᠢ ᠲᠣᠳᠣᠷᠬᠠᠢ ᠣᠶᠢᠯᠠᠭᠠᠵᠤ᠂ ᠡᠭᠦᠨ ᠢᠶᠠᠷ ᠳᠠᠮᠵᠢᠭᠤᠯᠤᠨ ᠬᠤᠶᠢᠰᠢᠳᠠ ᠶᠠᠭᠤ ᠬᠢᠬᠦ᠂ ᠶᠠᠭᠠᠬᠢᠵᠤ ᠬᠢᠬᠦ ᠶᠢ ᠲᠣᠭᠲᠠᠭᠠᠬᠤ ᠬᠡᠷᠡᠭᠲᠡᠢ᠂ ᠢᠩᠭᠢᠪᠡᠯ ᠰᠠᠶ᠋ᠢ ᠬᠡᠯᠪᠡᠶᠢᠬᠦ ᠦᠭᠡᠢ᠂ ᠡᠩᠨᠡᠭᠡ ᠠᠴᠠ ᠪᠠᠨ ᠬᠤᠴᠣᠷᠬᠤ ᠦᠭᠡᠢ ᠪᠠᠶᠢᠬᠤ ᠶᠢ ᠪᠠᠲᠤᠯᠠᠵᠤ ᠴᠢᠳᠠᠨ᠎ᠠ᠃ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠰᠢᠨ᠎ᠡ ᠠᠶᠠᠨ ᠳᠤ ᠡᠷᠬᠡᠪᠰᠢ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠪᠣᠯᠤᠨ ᠡᠭᠦᠷᠭᠡ ᠶᠢ ᠨᠢᠭᠡᠨᠲᠡ ᠮᠠᠰᠢ ᠲᠣᠳᠣᠷᠬᠠᠢ ᠵᠢᠭᠠᠵᠤ ᠭᠠᠷᠭᠠᠪᠠ᠂ ᠡᠶᠢᠮᠦ ᠠᠴᠠ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠭᠡᠯ ᠳᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠶᠢ ᠪᠦᠬᠦ ᠵᠣᠬᠢᠶᠠᠯ ᠳᠤ ᠲᠤᠭᠤᠰᠢᠯᠠᠭᠤᠯᠬᠤ ᠭᠤᠣᠯ ᠰᠢᠵᠢᠮ ᠪᠣᠯᠭᠠᠭᠰᠠᠨ ᠪᠥᠭᠡᠳ ᠡᠭᠦᠨ ᠢ ᠦᠨᠳᠦᠰᠦᠯᠡᠨ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠬᠠᠷᠠᠯᠲᠠ ᠱᠠᠭᠠᠷᠳᠠᠯᠭ᠎ᠠ ᠶᠢ ᠳᠤᠷᠠᠳᠴᠤ᠂ ᠡᠯ᠎ᠡ ᠬᠦᠷᠢᠶᠡᠨ ᠤ ᠭᠤᠣᠯᠳᠠᠯᠭ᠎ᠠ ᠲᠠᠢ ᠠᠵᠢᠯ ᠡᠭᠦᠷᠭᠡ ᠶᠢ ᠰᠢᠰᠲ᠋ᠧᠮ ᠲᠠᠢ ᠪᠠᠶᠢᠷᠢᠯᠠᠭᠤᠯᠪᠠ᠃ ᠪᠦᠬᠦ ᠣᠷᠣᠨ ᠳᠠᠶᠠᠭᠠᠷ ᠢᠶᠠᠨ ︽ᠤᠯᠤᠰ ᠤᠨ ᠶᠡᠭᠡ ᠶᠠᠪᠤᠳᠠᠯ︾ ᠢ ᠰᠡᠳᠬᠢᠯ ᠳᠡᠭᠡᠨ ᠪᠤᠳᠤᠵᠤ᠂ ᠠᠷᠠᠳ ᠤᠨ ᠰᠡᠳᠭᠢᠯ ᠤᠨ ᠬᠠᠨᠳᠤᠰᠢ ᠳᠤ ᠵᠣᠬᠢᠴᠠᠭᠤᠯᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠭᠤᠶᠢᠪᠢᠰᠢ ᠦᠭᠡᠢ ᠴᠤᠴᠠᠯᠲᠠ ᠦᠭᠡᠢ ᠤᠷᠤᠭᠰᠢᠯᠠᠵᠤ᠂ ᠡᠴᠦᠰ ᠲᠤᠨᠢ ᠲᠤᠯᠲᠠᠯ᠎ᠠ ᠬᠢᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠰᠠᠶᠢᠲᠤᠷ ᠵᠠᠮᠨᠠᠵᠤ᠂ ᠮᠠᠨ ᠤ ᠡᠭᠦᠷᠭᠡᠯᠡᠬᠦ ᠴᠢᠬᠤᠯᠠᠳᠠᠢ ᠬᠠᠷᠢᠭᠤᠴᠠᠯᠭ᠎ᠠ ᠪᠣᠯᠤᠨ ᠡᠭᠦᠷᠭᠡ ᠪᠠᠨ ᠦᠨᠡᠨ ᠬᠦ ᠡᠭᠦᠷᠭᠡᠯᠡᠵᠦ᠂ ᠰᠠᠶᠢᠲᠤᠷ ᠭᠦᠢᠴᠡᠳᠭᠡᠬᠦ ᠬᠡᠷᠡᠭᠲᠡᠢ ᠬᠡᠵᠥ ᠵᠢᠭᠠᠵᠥ ᠭᠠᠷᠭᠠᠪᠠ᠃

      ᠱᠢ ᠲᠠᠢ ᠹᠧᠩ᠂ ᠬᠥᠬᠡᠬᠤᠲᠠ ᠶᠢᠨ ᠬᠢᠨ ᠪᠠᠶᠢᠷᠢ ᠲᠣᠭᠲᠠᠭᠠᠯᠲᠠ ᠪᠠᠨ ᠰᠠᠶᠢᠲᠤᠷ ᠡᠵᠡᠮᠳᠡᠵᠦ᠂ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠲᠦᠷᠦᠭᠦᠯᠡᠨ ᠴᠢᠷᠮᠠᠶᠢᠨ ᠪᠡᠶᠡᠯᠡᠭᠦᠯᠬᠦ ᠬᠡᠷᠡᠭᠲᠡᠶ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠴᠢᠳᠠᠪᠤᠷᠢᠲᠠᠨ ᠤ ᠴᠤᠭᠯᠠᠷᠠᠯ ᠤᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠡᠬᠢ ᠪᠠᠶᠠᠯᠢᠭ ᠪᠣᠯᠤᠨ ᠬᠦᠴᠦᠨ ᠴᠢᠳᠠᠯ ᠢ ᠲᠥᠪᠯᠡᠷᠡᠭᠦᠯᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠥᠷᠨᠢᠭᠦᠨ ᠬᠥᠭᠵᠢᠩᠭᠦᠶ ᠰᠢᠨ᠎ᠡ ᠶᠢ ᠡᠭᠦᠳᠬᠦ ᠠᠮᠢ ᠠᠬᠤᠶ ᠶᠢ ᠪᠣᠶ ᠪᠣᠯᠭᠠᠵᠤ᠂ ᠰᠢᠨ᠎ᠡ ᠶᠢ ᠡᠭᠦᠳᠬᠦ ᠳᠠᠯᠳᠠ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠠᠭᠤᠳᠠᠯᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠬᠥᠭᠵᠢᠭᠡᠵᠦ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠳᠤᠮᠳᠠ ᠡᠮᠦᠨ᠎ᠡ ᠡᠩᠨᠡᠭᠡᠨ ᠳᠤ ᠬᠤᠰᠢᠭᠤᠷᠠᠵᠤ᠂ ᠴᠢᠬᠤᠯᠠ ᠡᠭᠦᠷᠭᠡ ᠶᠢ ᠡᠭᠦᠷᠭᠡᠯᠡᠬᠦ ᠬᠡᠷᠡᠭᠲᠡᠶ᠃ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ ᠤᠳᠤ ᠪᠠᠶᠢᠭ᠎ᠠ ᠠᠵᠤ ᠦᠢᠯᠡᠰ ᠤᠨ ᠰᠢᠰᠲ᠋ᠧᠮ ᠪᠣᠯᠤᠨ ᠠᠵᠤ ᠦᠢᠯᠡᠰ ᠤᠨ ᠠᠮᠢ ᠠᠬᠤᠢ ᠶᠢ ᠰᠢᠰᠲ᠋ᠧᠮ ᠲᠠᠢ ᠥᠭᠡᠷᠡᠴᠢᠯᠡᠨ ᠰᠠᠶᠢᠵᠢᠷᠠᠭᠤᠯᠵᠤ᠂ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠲᠡᠷᠢᠭᠦᠨ ᠤ ᠦᠢᠯᠡᠳᠬᠦ ᠦᠢᠯᠡᠰ ᠪᠣᠯᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢᠶᠠᠷ ᠭᠤᠤᠯᠳᠠᠭᠤᠯᠤᠨ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠬᠦᠴᠦᠯᠡᠨ ᠪᠣᠶᠢᠵᠢᠭᠤᠯᠤᠨ ᠪᠤᠵᠠᠭᠠᠶᠢᠷᠠᠭᠤᠯᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠰᠦ ᠶᠢᠨ ᠦᠢᠯᠡᠰ ᠤᠨ ᠳᠡᠭᠡᠳᠦ ᠲᠦᠪᠰᠢᠨ ᠲᠡᠶᠢᠰᠢ᠂ ᠤᠶᠤᠨᠴᠢᠯᠠᠯᠳᠠ ᠲᠡᠶᠢᠰᠢ ᠬᠥᠭᠵᠢᠬᠦ ᠶᠢ ᠬᠦᠴᠦᠯᠡᠨ ᠠᠬᠢᠭᠤᠯᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠠᠵᠤ ᠦᠢᠯᠡᠰ ᠢ ᠲᠦᠷᠭᠡᠳᠭᠡᠨ ᠬᠥᠭᠵᠢᠭᠦᠯᠵᠦ᠂ ᠤᠯᠠᠨ ᠡᠰᠢᠵᠢᠨ ᠬᠦᠭᠵᠢᠬᠦ᠂ ᠤᠯᠠᠨ ᠲᠤᠶᠢᠯ ᠢᠶᠠᠷ ᠲᠤᠯᠭᠠᠭᠤᠷᠢᠯᠠᠬᠤ ᠤᠳᠤ ᠦᠶ᠎ᠡ ᠶᠢᠨ ᠠᠵᠤ ᠦᠢᠯᠡᠰ ᠤᠨ ᠰᠢᠨ᠎ᠡ ᠰᠢᠰᠲ᠋ᠧᠮ ᠢ ᠢᠳᠡᠪᠬᠢᠲᠡᠢ ᠪᠠᠶᠢᠭᠤᠯᠬᠤ ᠬᠡᠷᠡᠭᠲᠡᠢ᠃ ᠬᠤᠳᠠ ᠶᠢᠨ ᠪᠦᠳᠦᠬᠡᠨ ᠪᠠᠶᠢᠭᠤᠯᠤᠯᠲᠠ ᠪᠣᠯᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠳᠡᠭᠲᠡᠷ ᠲᠤ ᠭᠠᠷᠴᠤ᠂ ᠬᠤᠳᠠ ᠶᠢᠨ ᠲᠥᠯᠥᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ ᠪᠣᠯᠤᠨ ᠤᠷᠢᠳᠠᠴᠢ ᠴᠢᠨᠠᠷ ᠢ ᠳᠡᠭᠡᠭᠰᠢᠯᠡᠭᠦᠯᠬᠦ ᠶᠢ ᠨᠡᠩ ᠴᠢᠬᠤᠯᠠᠴᠢᠯᠠᠵᠤ᠂ ᠲᠥᠯᠥᠪᠵᠢᠭᠦᠯᠭᠡ ᠶᠢᠨ ᠲᠥᠪ ᠴᠢᠩᠭ᠎ᠠ ᠴᠢᠨᠠᠷ ᠪᠣᠯᠤᠨ ᠡᠷᠬᠡ ᠰᠦᠷᠲᠦ ᠴᠢᠨᠠᠷ ᠢ ᠡᠷᠡᠰ ᠬᠠᠮᠠᠭᠠᠯᠠᠵᠤ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢ ᠨᠢᠭᠡᠳᠦᠯᠲᠡᠢ ᠲᠥᠯᠥᠪᠵᠢᠭᠦᠯᠵᠦ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠬᠤᠳᠠ ᠶᠢᠨ ᠵᠠᠰᠠᠯᠲᠠ ᠶᠢᠨ ᠤᠶᠤᠨᠴᠢᠯᠠᠯᠲᠠ᠂ ᠨᠠᠷᠢᠯᠢᠬᠵᠢᠭᠤᠯᠤᠯᠳᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠤᠶᠤᠨᠲᠤ ᠬᠤᠳᠠ᠂ ᠪᠠᠭ᠎ᠠ ᠨᠡᠭᠦᠷᠡᠰᠦᠲᠥ᠋ᠷᠥᠭᠴᠢᠳᠤ ᠬᠤᠳᠠ ᠶᠢ ᠲᠦᠷᠭᠡᠳᠭᠡᠨ ᠪᠦᠳᠦᠬᠡᠨ ᠪᠠᠶᠢᠭᠤᠯᠵᠤ᠂ ᠬᠤᠳᠠ ᠶᠢᠨ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠳᠠ ᠶᠢᠨ ᠴᠢᠨᠠᠷ ᠲᠡᠰ ᠢ ᠲᠡᠭᠡᠭᠰᠢᠯᠡᠭᠦᠯᠵᠦ᠂ ᠣᠷᠣᠨ ᠤ ᠲᠥᠪ ᠬᠤᠳᠠ ᠶᠢ ᠣᠳᠣᠬᠢᠴᠢᠯᠠᠭᠰᠠᠨ ᠬᠤᠳᠠ ᠪᠣᠯᠭᠠᠨ ᠪᠦᠳᠦᠬᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠴᠢᠩᠭᠠᠳᠬᠠᠬᠤ ᠲᠠᠯ᠎ᠠ ᠪᠠᠷ ᠰᠢᠨ᠎ᠡ ᠡᠭᠦᠷᠭᠡᠯᠡᠯ ᠢᠶᠠᠨ ᠢᠯᠡᠷᠡᠭᠦᠯᠵᠦ᠂ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠶᠡᠭᠡ ᠲᠦᠷᠭᠡᠨ ᠭᠤᠣᠯ᠂ ᠪᠠᠭ᠎ᠠ ᠲᠦᠷᠭᠡᠨ ᠭᠤᠣᠯ᠂ ᠬᠠᠷᠬᠤᠰᠤ ᠵᠢᠴᠢ ᠳᠠᠯᠠᠨ ᠬᠠᠷ᠎ᠠ ᠠᠭᠤᠯᠠ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠢ ᠰᠠᠶᠢᠲᠤᠷ ᠠᠳᠬᠤᠵᠤ᠂ ᠰᠢᠲᠠᠭᠠᠯᠭ᠎ᠠ ᠶᠢᠨ ᠨᠡᠭᠦᠷᠡᠰᠦ᠂ ᠵᠠᠮ ᠬᠠᠷᠢᠯᠴᠠᠭ᠎ᠠ᠂ ᠲᠣᠭᠤᠰᠣ ᠰᠢᠷᠣᠢ ᠵᠡᠷᠭᠡ ᠪᠣᠬᠢᠷᠲᠤᠯ ᠤᠨ ᠡᠬᠢ ᠶᠢᠨ ᠵᠠᠰᠠᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠬᠠᠳᠤᠨ ᠭᠤᠣᠯ ᠤᠨ ᠶᠡᠭᠡ ᠬᠠᠮᠠᠭᠠᠯᠠᠯᠲᠠ ᠶᠡᠭᠡ ᠵᠠᠰᠠᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠭᠤᠯᠠ ᠨᠢ ᠬᠦᠭᠡ ᠪᠠᠷ ᠢᠶᠠᠨ᠂ ᠤᠰᠤ ᠨᠢ ᠤᠷᠤᠰᠬᠠᠯ ᠲᠠᠢ ᠪᠠᠷ ᠢᠶᠠᠨ᠂ ᠠᠭᠠᠷ ᠨᠢ ᠴᠡᠯᠮᠡᠭ  ᠢᠶᠠᠷ ᠢᠶᠠᠨ ᠪᠠᠶᠢᠬᠤ ᠠᠮᠢ ᠠᠬᠤᠢ ᠶᠢᠨ ᠬᠤᠲᠠ ᠶᠢ ᠪᠠᠶᠢᠭᠤᠯᠬᠤ ᠬᠡᠷᠡᠭᠲᠡᠢ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠵᠥᠪ ᠬᠥᠭᠵᠢᠯᠲᠡ ᠶᠢᠨ ᠦᠵᠡᠯᠲᠡ ᠪᠣᠯᠤᠨ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠬᠤᠷᠢᠭ᠎ᠠ ᠱᠤᠭᠤᠮ ᠤᠨ ᠰᠡᠳᠭᠢᠬᠦᠢ ᠪᠣᠯᠤᠨ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠬᠤᠯᠪᠣᠭᠳᠠᠯ ᠪᠦᠬᠦᠢ ᠠᠵᠢᠯ ᠤᠨ ᠬᠠᠷᠢᠭᠤᠴᠠᠯᠭ᠎ᠠ ᠪᠣᠯᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ᠵᠠᠰᠠᠭ ᠤᠨ ᠣᠷᠳᠣᠨ ᠤ ᠥᠷᠢ ᠥᠭᠴᠡᠭᠡ ᠶᠢ ᠪᠦᠲᠦᠮᠵᠢᠲᠡᠢ ᠠᠷᠢᠯᠭᠠᠵᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠭᠵᠢᠯᠲᠡ ᠶᠢᠨ ᠳᠤᠮᠳᠠ ᠠᠮᠤᠷ ᠲᠦᠪᠰᠢᠨ ᠤ ᠬᠦᠴᠦᠨ ᠵᠦᠢᠯ ᠢ ᠭᠦᠢᠴᠡᠳ ᠪᠣᠳᠣᠯᠬᠢᠯᠠᠬᠤ ᠶᠢ ᠢᠮᠠᠭᠲᠠ ᠪᠡᠶᠡᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃

      ᠱᠢ ᠲᠠᠢ ᠹᠧᠩ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠪᠠᠷ ᠪᠠᠲᠤᠯᠠᠭ᠎ᠠ ᠪᠣᠯᠭᠠᠬᠤ ᠬᠡᠷᠡᠭᠲᠡᠶ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠬᠡᠵᠢᠶᠡᠳᠡ ᠲᠠᠭᠤᠰᠤᠰᠢ ᠦᠭᠡᠢ ᠪᠠᠶᠢᠬᠤ ᠡᠷᠡᠰ ᠪᠠᠲᠤ ᠪᠠᠷᠢᠮᠲᠠᠯᠠᠯ ᠢ ᠢᠮᠠᠭᠲᠠ ᠪᠠᠲᠤᠯᠠᠵᠤ᠂ ᠨᠡᠩ ᠶᠡᠭᠡ ᠡᠷᠴᠢ ᠵᠣᠷᠢᠭ ᠪᠣᠯᠤᠨ ᠡᠷᠴᠢᠮ ᠢᠶᠠᠷ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠡᠷᠡᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠳᠠ ᠶᠢ ᠠᠬᠢᠭᠤᠯᠬᠤ᠂ ᠬᠡᠷᠡᠭ ᠢᠶᠠᠷ ᠪᠠᠶᠢᠭᠤᠯᠤᠯᠲᠠ ᠶᠢ ᠠᠬᠢᠭᠤᠯᠬᠤ᠂ ᠬᠡᠷᠡᠭ ᠢᠶᠠᠷ ᠵᠠᠰᠠᠯᠲᠠ ᠶᠢ ᠠᠬᠢᠭᠤᠯᠬᠤ ᠠᠵᠢᠯ ᠢ ᠭᠦᠨᠵᠡᠭᠡᠢ ᠠᠬᠢᠭᠤᠯᠵᠤ᠂ ᠬᠤᠣᠷ ᠤᠨ ᠡᠬᠢ ᠶᠢ ᠦᠨᠳᠦᠰᠦ ᠠᠴᠠ ᠨᠢ ᠴᠡᠪᠡᠷᠯᠡᠵᠤ᠂ ᠬᠤᠣᠷᠲᠤ ᠬᠠᠪᠤᠳᠠᠷ ᠢ ᠤᠭᠳᠤᠯᠵᠤ᠂ ᠲᠠᠷᠬᠠᠭᠠᠭᠰᠠᠨ ᠬᠤᠤᠷ ᠢ ᠠᠷᠢᠯᠭᠠᠬᠤ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ ᠥᠷᠭᠡᠳᠭᠡᠨ ᠰᠢᠯᠢᠳᠡᠭᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠨᠳᠦᠰᠦᠨ ᠠᠴᠠ ᠨᠢ ᠰᠠᠶᠢᠵᠢᠷᠠᠭᠤᠯᠬᠤ ᠶᠢ ᠠᠬᠢᠭᠤᠯᠵᠤ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠣᠷᠣᠨ ᠤ ᠲᠥᠪ ᠤᠨ ᠦᠵᠡᠰᠭᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ