ᠱᠢ ᠲᠠᠢ ᠹᠧᠩ ᠤᠯᠠᠭᠠᠨᠴᠠᠪ ᠬᠤᠳᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ ᠰᠢᠨ᠎ᠡ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠵᠦ ᠰᠢᠨ᠎ᠡ ᠵᠠᠮ ᠢᠶᠠᠷ ᠰᠠᠶᠢᠲᠤᠷ ᠵᠠᠮᠨᠠᠵᠤ ᠰᠢᠨ᠎ᠡ ᠬᠠᠭᠤᠳᠠᠰᠤ ᠶᠢ ᠪᠢᠴᠢᠭᠯᠡᠵᠤ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠭᠡᠷᠡᠭᠳᠠᠢ
ᠨᠡᠶᠢᠲᠡᠯᠡᠭᠰᠡᠨ ᠴᠠᠭ᠄
2021/11/29

      11 ᠰᠠᠷ᠎ᠠ ᠶᠢᠨ 27 ᠤ ᠡᠳᠦᠷ᠂ ᠱᠢ ᠲᠠᠢ ᠹᠧᠩ ᠲᠡᠬᠦᠨ ᠤ ᠪᠠᠶᠢᠭ᠎ᠠ ᠤᠯᠠᠭᠠᠨᠴᠠᠪ ᠬᠤᠳᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃ ᠲᠡᠷᠡ ᠬᠡᠯᠡᠬᠦ ᠳᠡᠭᠡᠨ᠂ ᠨᠡᠶᠢᠭᠡᠮ ᠵᠢᠷᠤᠮᠳᠤ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠤᠯᠠᠭᠠᠨᠴᠠᠪ ᠬᠤᠳᠠ ᠶᠢᠨ ᠬᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠬᠦᠷᠬᠡ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠵᠦ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠳᠠᠷᠤᠯᠲᠠ ᠨᠡᠮᠡᠵᠦ ᠡᠷᠡᠯᠭᠡᠭᠯᠡᠨ ᠤᠷᠤᠭᠰᠢᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠰᠠᠶᠢᠲᠤᠷ ᠵᠠᠮᠨᠠᠵᠤ᠂ ᠠᠵᠤ ᠠᠬᠤᠢ ᠨᠡᠶᠢᠭᠡᠮ ᠪᠣᠯᠤᠨ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠲᠠᠰᠤᠷᠠᠯᠳᠠ ᠦᠭᠡᠢ ᠰᠢᠨ᠎ᠡ ᠰᠢᠪᠲᠤᠯᠤᠯᠲᠠ ᠭᠠᠷᠭᠠᠵᠦ ᠰᠢᠨ᠎ᠡ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃


1129石泰峰.jpg


      ᠤᠯᠠᠭᠠᠨᠴᠠᠪ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠮᠠᠰᠢ ᠬᠦᠭᠵᠢᠶᠡᠨ ᠲᠠᠢ ᠶᠠᠪᠤᠭᠳᠠᠪᠠ᠃ ᠰᠦᠢ ᠸᠧᠢ ᠵᠢᠶᠦ᠋ᠨ᠂ ᠸᠧᠢ ᠳ᠋ᠠᠢ ᠴᠢᠩ᠂ ᠰᠢᠤᠸᠠᠢ ᡁᠢ ᠯᠦᠩ᠂ ᠠᠨ ᠵᠠᠨ ᠹᠧᠩ᠂ ᠯᠢᠦ ᠼᠠᠢ ᠬᠤᠩ᠂ ᠵᠠᠩ ᠰᠢᠶᠠᠩ ᠳ᠋ᠦᠩ᠂ ᠯᠢᠦ ᠶᠢᠨ ᠯᠠᠨ᠂ ᠸᠠᠩ ᠬᠤᠢ ᠮᠧᠢ᠂ ᠵᠠᠩ ᠸᠧᠨ ᠬᠤᠢ᠂ ᠵᠶᠢ ᠬᠤᠩ᠂ ᠴᠢ᠊·ᠲᠠᠯᠠᠨᠳᠠᠢ᠂ ᠴᠢ ᠹᠸᠢ ᠶᠦᠨ ᠵᠡᠷᠭᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠥᠪᠡᠷ ᠥᠪᠡᠷ ᠤᠨ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ ᠲᠠᠨᠢᠯᠳᠠ ᠲᠦᠷᠦᠭᠳᠡᠯ ᠢᠶᠠᠨ ᠶᠠᠷᠢᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠭᠡᠯ ᠢ ᠭᠦᠢᠴᠡᠳ ᠨᠤᠳᠠᠯᠠᠬᠰᠠᠨ ᠪᠦᠬᠡᠳ ᠪᠣᠳᠠᠲᠠᠢ ᠰᠠᠨᠠᠯ ᠰᠠᠨᠠᠭᠤᠯᠭ᠎ᠠ ᠲᠤᠷᠠᠳᠴᠠᠢ᠃
      ᠱᠢ ᠲᠠᠢ ᠹᠧᠩ ᠤᠯᠠᠨ ᠤ ᠶᠠᠷᠢᠬᠤ ᠶᠢ ᠬᠢᠨᠠᠮᠠᠭᠠᠢ ᠰᠣᠨᠣᠰᠴᠤ᠂ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠲᠥᠯᠥᠭᠡᠯᠡᠭᠴᠢᠳ ᠲᠠᠢ ᠰᠠᠨᠠᠯ ᠪᠤᠳᠤᠯ ᠢᠶᠠᠨ ᠭᠦᠨᠵᠡᠭᠡᠢ ᠰᠣᠯᠢᠯᠴᠠᠵᠡᠢ᠃ ᠲᠡᠷᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠭᠡᠯ ᠪᠤᠯ ᠤᠯᠠᠨ ᠤ ᠤᠶᠤᠨ ᠢ ᠬᠤᠷᠠᠮᠳᠤᠭᠤᠯᠤᠬᠰᠠᠨ ᠦᠷ᠎ᠠ ᠪᠦᠲᠦᠬᠡᠯ ᠪᠠᠶᠢᠵᠦ᠂ ᠬᠠᠮᠳᠤ ᠶᠢᠨ ᠤᠶᠤᠨ ᠤᠬᠠᠭᠠᠨ ᠤ ᠬᠤᠷᠠᠮᠳᠤᠯ ᠪᠤᠯᠤᠨ᠎ᠠ᠃ ᠢᠯᠡᠳᠭᠡᠯ ᠳᠤ ᠥᠩᠭᠡᠷᠡᠭᠰᠡᠨ ᠲᠠᠪᠤᠨ ᠵᠢᠯ ᠤᠨ ᠠᠵᠢᠯ ᠢᠶᠠᠨ ᠳ᠋ᠦᠩᠨᠡᠨ ᠡᠷᠭᠢᠴᠡᠭᠦᠯᠵᠦ᠂ ᠡᠳᠡᠭᠡᠷ ᠠᠮᠵᠢᠯᠲᠠ ᠶᠢ ᠪᠦᠬᠦ ᠣᠷᠣᠨ ᠳᠠᠶᠠᠭᠠᠷ ᠴᠢᠷᠮᠠᠶᠢᠨ ᠲᠡᠮᠡᠴᠡᠵᠦ ᠰᠢᠷᠭᠠᠭᠤ ᠠᠵᠢᠯᠯᠠᠵᠤ ᠪᠠᠶᠢᠭᠠᠳ ᠤᠯᠤᠭᠰᠠᠨ ᠶᠤᠮ᠂ ᠡᠨᠡ ᠨᠢ ᠥᠪᠥᠷ ᠮᠣᠩᠭᠤᠯ ᠤᠨ ᠬᠤᠶᠢᠰᠢᠳᠠ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃ ᠢᠯᠡᠳᠭᠡᠯ ᠨᠢ

︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡᠨ ᠠᠭᠤᠯᠵᠠᠷ ᠴᠡᠭ ᠲᠤ ᠰᠠᠭᠤᠷᠢᠯᠠᠵᠤ᠂ ᠰᠢᠨ᠎ᠡ ᠠᠶᠠᠨ ᠤ ᠵᠤᠭᠰᠤᠴᠠ ᠠᠴᠠ ᠰᠢᠨ᠎ᠠ ᠬᠠᠭᠤᠳᠠᠰᠤ ᠶᠢ ᠲᠦᠯᠦᠪᠵᠢᠭᠦᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠬᠠᠷᠢᠭᠤᠴᠠᠯᠭ᠎ᠠ ᠡᠭᠦᠷᠭᠡ ᠪᠠᠨ ᠲᠣᠳᠣᠷᠬᠠᠶᠢᠯᠠᠠ᠂ ᠬᠠᠷᠠᠯᠲᠠ ᠱᠠᠭᠠᠷᠳᠠᠯᠭ᠎ᠠ ᠳᠤᠷᠠᠳᠴᠤ᠂ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠤᠭᠰᠠᠨ ᠨᠢ ᠪᠦᠬᠦ ᠣᠷᠣᠨ ᠳᠠᠶᠠᠭᠠᠷ ᠤᠨ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠵᠢᠭᠠᠵᠦ ᠦᠭᠭᠦᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠬᠤ ᠶᠢ ᠬᠥᠲᠥᠯᠥᠨ ᠵᠢᠯᠣᠭᠤᠳᠴᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠶᠢ ᠡᠷᠡᠰ ᠡᠭᠦᠷᠭᠡᠯᠡᠵᠤ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢ ᠢᠮᠠᠭᠲᠠ ᠦᠷᠭᠦᠯᠵᠢᠯᠡᠨ ᠬᠦᠴᠦᠯᠡᠨ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠤᠭᠡ ᠶᠤᠮ᠃ ᠤᠯᠠᠨ ᠢᠶᠠᠷ ᠢᠶᠠᠨ ᠢᠯᠡᠳᠭᠡᠯ ᠢ ᠬᠢᠨᠠᠮᠠᠭᠠᠢ ᠰᠠᠶᠢᠲᠤᠷ ᠬᠢᠨᠠᠨ ᠵᠦᠪᠯᠡᠵᠦ᠂ ᠢᠯᠡᠳᠭᠡᠯ ᠢ ᠬᠢᠨᠠᠨ ᠵᠦᠪᠯᠡᠬᠦ ᠶᠠᠪᠤᠴᠠ ᠶᠢ ᠦᠵᠡᠯ ᠰᠠᠨᠠᠭ᠎ᠠ ᠪᠠᠨ ᠨᠢᠭᠡᠳᠭᠡᠬᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ ᠲᠡᠮᠡᠴᠡᠯ ᠤᠨ ᠵᠣᠷᠢᠭ ᠢᠶᠠᠨ ᠬᠥᠭᠵᠢᠭᠡᠬᠦ ᠶᠠᠪᠤᠴᠠ ᠪᠣᠯᠭᠠᠬᠤ ᠶᠢ ᠬᠦᠰᠡᠵᠦ ᠪᠠᠶᠢᠨ᠎ᠠ ᠭᠡᠵᠤ ᠬᠡᠯᠡᠪᠡ᠃
      ᠱᠢ ᠲᠠᠢ ᠹᠧᠩ᠂ ᠢᠷᠡᠭᠡᠳᠦᠶ ᠶᠢᠨ ᠲᠠᠪᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠡᠭᠦᠷᠭᠡ ᠪᠡᠷᠭᠡ ᠬᠠᠳᠠᠭᠤᠵᠢᠯᠳᠠᠢ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠂ ᠤᠯᠠᠭᠠᠨᠴᠠᠪ ᠬᠤᠲᠠ ᠶᠢᠨ ᠬᠢᠨ ᠰᠢᠨ᠎ᠡ ᠭᠠᠷᠤᠭ᠎ᠠ ᠳᠡᠭᠡᠷ᠎ᠡ ᠦᠷᠭᠦᠯᠵᠢᠯᠡᠨ ᠲᠡᠮᠡᠴᠡᠵᠦ᠂ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠰᠢᠨ᠎ᠡ ᠦᠷ᠎ᠡ ᠪᠦᠲᠦᠮᠵᠢ ᠤᠯᠬᠤ ᠶᠢ ᠴᠢᠷᠮᠠᠶᠢᠨ ᠠᠬᠢᠭᠤᠯᠬᠤ ᠬᠡᠷᠡᠭᠲᠡᠶ᠃ ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠤᠨᠴᠠᠯᠢᠬᠳᠤ ᠲᠠᠷᠢᠶᠠᠯᠠᠩ ᠮᠠᠯ ᠠᠵᠤ ᠠᠬᠤᠢ ᠵᠡᠷᠭᠡ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠬᠤ ᠪᠠᠷ ᠳᠠᠮᠵᠢᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠬᠰᠠᠨ ᠴᠢᠬᠤᠯᠠ ᠶᠡᠭᠡ ᠠᠵᠢᠯ ᠢ ᠰᠠᠶᠢᠲᠤᠷ ᠠᠳᠬᠤᠬᠤ ᠶᠢ ᠨᠡᠩ ᠴᠢᠬᠤᠯᠠᠴᠢᠯᠠᠵᠤ᠂ ᠠᠷᠠᠳ ᠤᠨ ᠠᠮᠢᠳᠤᠷᠠᠯ ᠳᠤ ᠠᠰᠢᠬᠳᠠᠢ ᠠᠵᠢᠯ ᠢ ᠢᠯᠡᠭᠦᠬᠡᠨ ᠪᠣᠳᠣᠯᠬᠢᠯᠠᠵᠤ᠂ ᠠᠷᠠᠳ ᠤᠨ ᠠᠮᠢᠳᠤᠷᠠᠯ ᠤᠨ ᠬᠦᠴᠢᠷᠳᠡᠯ ᠢ ᠢᠯᠡᠭᠦᠬᠡᠨ ᠰᠢᠢᠳᠪᠦᠷᠢᠯᠡᠬᠦ ᠬᠡᠷᠡᠭᠲᠡᠢ᠃ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠶᠢ ᠲᠡᠷᠢᠭᠦᠨ ᠳᠤ ᠲᠠᠯᠪᠢᠵᠤ᠂ ᠣᠨᠣᠴᠠᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠲᠠᠭ᠎ᠠ ᠶᠢᠨ ᠨᠠᠭᠤᠷ᠂ ᠴᠠᠭᠠᠨᠨᠠᠭᠤᠷ ᠵᠡᠷᠭᠡ ᠠᠮᠢ ᠠᠬᠤᠢ ᠶᠢᠨ ᠵᠠᠰᠠᠯᠲᠠ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠠᠵᠠ ᠲᠣᠬᠢᠶᠠᠯ ᠢ ᠠᠮᠵᠢᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠵᠣᠷᠢᠭ ᠰᠢᠭᠤᠳᠤᠨ ᠬᠤᠴᠣᠷᠤᠩᠭᠤᠢ᠂ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠵᠦ᠂ ᠰᠢᠨ᠎ᠡ ᠡᠨᠧᠷᠭᠢ᠂ ᠲᠤᠮᠤ ᠳ᠋ᠠᠶᠢᠲ᠋ᠠ ᠵᠡᠷᠭᠡ ᠠᠵᠤ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠬᠦᠴᠦᠯᠡᠨ ᠠᠬᠢᠭᠤᠯᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠢ᠃ ᠨᠡᠭᠡᠭᠡᠯᠲᠡᠲᠦ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠲᠡᠦᠬᠡᠨ ᠠᠵᠠ ᠲᠣᠬᠢᠶᠠᠯ ᠢ ᠴᠢᠩᠭ᠎ᠠ ᠠᠳᠬᠤᠵᠤ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ᠨᠢᠭᠡ ᠴᠤᠬᠴᠠᠵᠢᠬᠰᠠᠨ ᠬᠥᠭᠵᠢᠯᠲᠡ ᠳᠤ ᠭᠦᠨᠵᠡᠭᠡᠢ ᠠᠭᠤᠰᠤᠯᠴᠠᠵᠤ᠂ ᠡᠷᠢᠶᠡᠨ ᠬᠤᠳᠠ ᠬᠢᠯᠢ ᠶᠢᠨ ᠪᠣᠭᠤᠮᠲᠠ ᠯᠤᠭ᠎ᠠ ᠬᠤᠯᠪᠣᠭᠠᠯᠠᠨ ᠬᠥᠭᠵᠢᠬᠦ ᠪᠠᠨ ᠴᠢᠩᠭᠠᠳᠬᠠᠵᠤ᠂ ᠪᠡᠭᠡᠵᠢᠩ ᠲᠢᠶᠠᠨᠵᠢᠨ ᠾᠧᠪᠸᠢ ᠶᠢᠨ ᠭᠠᠵᠠᠷ ᠣᠷᠣᠨ ᠤ ᠲᠡᠷᠢᠭᠦᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠲᠤᠰᠴᠤ ᠵᠣᠯᠭᠠᠯᠴᠠᠵᠤ᠂ ᠲᠣᠭᠲᠠᠪᠤᠷᠢᠳᠠᠢ ᠡᠷᠬᠡ ᠲᠡᠭᠰᠢ ᠢᠯᠡ ᠲᠣᠳᠣ᠂ ᠬᠠᠤᠯᠢᠵᠢᠭᠰᠠᠨ᠂ ᠵᠢᠱᠢᠵᠦ ᠪᠣᠯᠬᠤᠶᠢᠴᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠵᠤ᠂ ᠤᠯᠤᠰ ᠤᠨ ᠳᠣᠲᠣᠭᠠᠳᠤ ᠪᠠ ᠤᠯᠠᠨ ᠤᠯᠤᠰ ᠤᠨ ᠬᠤᠶᠠᠷ ᠵᠠᠬ᠎ᠠ ᠳᠡᠯᠭᠡᠭᠦᠷ ᠢ ᠨᠡᠩ ᠰᠠᠶᠢᠲᠤᠷ ᠬᠤᠯᠪᠣᠵᠤ᠂ ᠡᠯ᠎ᠡ ᠲᠦᠷᠦᠯ ᠤᠨ ᠡᠬᠢ ᠪᠠᠶᠠᠯᠢᠭ ᠤᠨ ᠡᠯᠧᠮᠧᠨ᠋ᠲ ᠤᠨ ᠤᠯᠠᠭᠠᠨᠴᠠᠪ ᠲᠤ ᠲᠦᠷᠭᠡᠨ ᠲᠥᠪᠯᠡᠷᠡᠵᠦ ᠲᠠᠷᠬᠠᠬᠤ ᠶᠢ ᠠᠬᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠶᠢ ᠠᠬᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠡᠯ ᠢ ᠡᠰᠡᠷᠭᠦᠴᠡᠬᠦ ᠲᠡᠮᠡᠴᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠱᠠᠳᠤ ᠱᠠᠳᠤ ᠪᠠᠷ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠬᠢᠨᠠᠯᠲᠠ ᠲᠠᠯᠪᠢᠯᠳᠠ ᠶᠢ ᠴᠢᠩᠭᠠᠳᠬᠠᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠵᠠᠩᠭᠢᠯᠠᠭ᠎ᠠ ᠶᠢᠨ ᠠᠰᠠᠭᠤᠳᠠᠯ᠂ ᠵᠠᠩᠭᠢᠯᠠᠭ᠎ᠠ ᠶᠢᠨ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ ᠢᠯᠵᠡᠷᠡᠯ ᠢ ᠡᠷᠡᠰ ᠬᠦᠴᠦᠲᠡᠢ ᠵᠠᠯᠬᠠᠭᠠᠨ ᠰᠢᠢᠳᠭᠡᠵᠦ᠂ ᠦᠨᠳᠦᠰᠦᠨ ᠱᠠᠲᠤᠨ ᠤ ︽ᠪᠢᠴᠢᠯ ᠢᠯᠵᠠᠷᠠᠯ︾ ᠢ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠴᠡᠪᠡᠷᠰᠢᠭᠦᠯᠬᠦ ᠪᠠ ᠰᠡᠷᠭᠦᠭᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ