ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠬᠤᠶᠠᠳᠤᠭᠠᠷ ᠤᠳᠠᠭ᠎ᠠ ᠶᠢᠨ ᠬᠤᠷᠠᠯ ᠬᠢᠪᠡ  ᠱᠢ ᠲᠠᠢ ᠹᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2021/11/29

      11 ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠬᠤᠶᠠᠳᠤᠭᠠᠷ ᠤᠳᠠᠭ᠎ᠠ ᠶᠢᠨ ᠬᠤᠷᠠᠯ ᠬᠢᠪᠡ᠃
      ᠱᠢ ᠲᠠᠢ ᠹᠧᠩ ᠬᠤᠷᠠᠯ ᠢ ᠡᠷᠬᠢᠯᠡᠵᠡᠢ᠃
      ᠶᠠᠩ ᠸᠧᠢ ᠳ᠋ᠦᠩ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ︽ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠤᠨ ᠰᠣᠩᠭᠤᠭᠤᠯᠢ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠤᠯᠠᠮᠵᠢᠯᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠤ ᠵᠢᠱᠢᠭᠳᠡᠭᠴᠢ ᠶᠢᠨ ᠪᠡᠯᠡᠳᠭᠡᠯ ᠵᠢᠱᠢᠭᠳᠡᠭᠴᠢ ᠶᠢᠨ ᠨᠡᠷᠡᠰ ᠤᠨ ᠲᠤᠬᠠᠢ ᠲᠣᠳᠣᠷᠬᠠᠶᠢᠯᠠᠯᠲᠠ ᠬᠢᠵᠡᠢ᠃
      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠤ ᠵᠢᠱᠢᠭᠳᠡᠭᠴᠢ ᠶᠢᠨ ᠪᠡᠯᠡᠳᠭᠡᠯ ᠵᠢᠱᠢᠭᠳᠡᠭᠴᠢ ᠶᠢᠨ ᠨᠡᠷᠡᠰ ᠢ ᠬᠢᠨᠠᠨ ᠵᠥᠪᠯᠡᠵᠦ ᠪᠠᠲᠤᠯᠠᠨ᠂ ᠡᠯ᠎ᠡ ᠲᠥᠯᠥᠭᠡᠯᠡᠭᠴᠢᠳ ᠤᠨ ᠪᠦᠯᠬᠦᠮ ︵ᠳᠤᠭᠤᠶᠢᠯᠠᠩ︶ ᠳᠤ ᠳᠡᠪᠰᠢᠭᠦᠯᠦᠨ ᠶᠠᠷᠢᠯᠴᠠᠨ ᠵᠦᠪᠯᠡᠭᠦᠯᠬᠦ ᠪᠠᠷ ᠲᠣᠭᠲᠠᠪᠠ᠃
      ᠬᠤᠷᠠᠯ ᠠᠴᠠ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶ ᠶᠢ ᠬᠢᠨᠠᠨ ᠵᠥᠪᠯᠡᠵᠦ ᠪᠠᠲᠤᠯᠠᠨ᠂ ᠡᠯ᠎ᠡ ᠲᠥᠯᠥᠭᠡᠯᠡᠭᠴᠢᠳ ᠤᠨ ᠪᠦᠯᠬᠦᠮ

︵ᠳᠤᠭᠤᠶᠢᠯᠠᠩ︶ ᠳᠤ ᠳᠡᠪᠰᠢᠭᠦᠯᠦᠨ ᠶᠠᠷᠢᠯᠴᠠᠭᠤᠯᠬᠤ ᠪᠠᠷ ᠲᠣᠭᠲᠠᠪᠠ᠃
      ᠬᠤᠷᠠᠯ ᠠᠴᠠ ᠪᠠᠰᠠ ᠡᠯ᠎ᠡ ᠲᠥᠯᠥᠭᠡᠯᠡᠭᠴᠢᠳ ᠤᠨ ᠪᠦᠯᠬᠦᠮ ︵ᠳᠤᠭᠤᠶᠢᠯᠠᠩ︶ ᠤᠨ ᠶᠡᠭᠡ ᠬᠤᠷᠠᠯ ᠤᠨ ᠪᠢᠯᠧᠲ ᠬᠢᠨᠠᠭᠴᠢ ᠶᠢ ᠰᠣᠩᠭᠤᠨ ᠭᠠᠷᠭᠠᠬᠤ ᠠᠵᠢᠯ ᠢ ᠪᠠᠶᠢᠷᠢᠯᠠᠭᠤᠯᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ