ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/11/29

      2021 ᠣᠨ ᠤ 11 ᠳ᠋ᠦ᠋ᠭᠡᠷ ᠰᠠᠷ᠎ᠠ ᠶᠢᠨ 28 ᠤ ᠡᠳᠦᠷ ᠤᠨ 16 ᠴᠠᠭ ᠠᠴᠠ 24 ᠴᠠᠭ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠂ ᠥᠪᠦᠷ ᠮᠣᠩᠭᠤᠯ ᠣᠷᠤᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ 1 ︵ᠬᠦᠯᠦᠨ ᠪᠤᠶᠢᠷ ᠤᠨ ᠮᠠᠨᠵᠤᠤᠷ ᠬᠤᠲᠠᠨ᠎ᠠ︶ ᠨᠡᠮᠡᠭᠳᠡᠪᠡ᠃ ᠰᠢᠨ᠎ᠡ ᠪᠠᠷ ᠲᠣᠳᠤᠯᠠᠭᠰᠠᠨ ᠡᠪᠡᠳᠴᠢᠨ ᠤ ᠵᠢᠱᠢᠶ᠎ᠡ ᠶᠢᠨ ᠨᠠᠷᠢᠨ ᠪᠠᠶᠢᠳᠠᠯ᠄
      ᠲᠣᠳᠤᠯᠠᠭᠰᠠᠨ ᠡᠪᠡᠳᠴᠢᠨ ᠤ ᠵᠢᠱᠢᠶ᠎ᠡ᠄ ᠮᠠᠨᠵᠤᠤᠷ ᠬᠤᠲᠠ ᠶᠢᠨ ᠪᠦᠬᠦ ᠠᠷᠠᠳ ᠲᠤ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠬᠢᠬᠦ ᠳᠤ ᠠᠷᠭ᠎ᠠ ᠴᠢᠨᠠᠷ ᠢᠯᠡᠷᠡᠵᠦ᠂ 11 ᠳ᠋ᠦ᠋ᠭᠡᠷ ᠰᠠᠷ᠎ᠠ ᠶᠢᠨ 28 ᠤ ᠡᠳᠦᠷ ᠲᠤᠰᠬᠠᠢ ᠮᠡᠷᠭᠡᠵᠢᠯᠲᠡᠳ ᠤᠨ ᠳᠤᠭᠤᠶᠢᠯᠠᠩ ᠰᠢᠨ᠎ᠡ ᠲᠢᠲᠢᠮᠯᠢᠭ ᠠᠭᠤᠰᠬᠢᠨ ᠥᠷᠪᠢᠰᠦᠯ ᠢᠶᠠᠷ ᠣᠨᠤᠰᠢᠯᠠᠨ ᠲᠣᠳᠤᠯᠠᠵᠠᠢ᠃ ᠣᠳᠤᠬᠠᠨ ᠳᠤ ᠨᠢᠭᠡᠨᠲᠡ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠰᠢᠯᠵᠢᠭᠦᠯᠦᠨ ᠲᠤᠰᠠᠭᠠᠷᠯᠠᠨ ᠡᠮᠴᠢᠯᠡᠵᠦ᠂ ᠲᠠᠬᠤᠯ ᠡᠪᠡᠳᠴᠢᠨ ᠤ ᠵᠢᠭᠰᠠᠭᠠᠨ ᠪᠠᠶᠢᠴᠠᠭᠠᠯᠲᠠ ᠵᠡᠷᠭᠡ ᠬᠤᠯᠪᠤᠭᠳᠠᠯ ᠪᠦᠬᠦᠢ ᠠᠵᠢᠯ ᠢ ᠶᠠᠭ ᠶᠠᠪᠤᠭᠳᠠᠭᠤᠯᠵᠤ ᠪᠤᠢ᠃
      2021 ᠣᠨ ᠤ 11 ᠳ᠋ᠦ᠋ᠭᠡᠷ ᠰᠠᠷ᠎ᠠ ᠶᠢᠨ 28 ᠤ ᠡᠳᠦᠷ ᠤᠨ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ 20 ︵ᠴᠥᠮ ᠬᠦᠯᠦᠨ ᠪᠤᠶᠢᠷ ᠤᠨ ᠮᠠᠨᠵᠤᠤᠷ ᠬᠤᠲᠠᠨ᠎ᠠ ᠪᠤᠢ︶᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠥᠮ ᠬᠦᠯᠦᠨ ᠪᠤᠶᠢᠷ ᠤᠨ ᠮᠠᠨᠵᠤᠤᠷ ᠬᠤᠲᠠᠨ᠎ᠠ ᠪᠤᠢ︶ ᠪᠠᠶᠢᠵᠤ᠂ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ