︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ ᠬᠥᠭᠵᠢᠭᠦᠯᠬᠦ ᠲᠥᠷᠥᠯ ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/11/3

      ᠨᠢᠭᠡ᠂ ︽ᠠᠷᠭ᠎ᠠ︾ ᠶᠢ ᠨᠡᠶᠢᠲᠡᠯᠡᠭᠰᠡᠨ ᠠᠬᠤᠶ ᠪᠠᠶᠢᠳᠠᠯ
      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠶ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠲᠥᠷᠭᠡᠳᠬᠡᠵᠦ᠂ ᠪᠣᠬᠢᠷᠲᠤᠯ ᠦᠭᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ ᠬᠥᠭᠵᠢᠭᠦᠯᠬᠦ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ ᠶᠢ ᠬᠡᠷᠡᠭᠵᠢᠭᠦᠯᠬᠦ ᠲᠦᠷᠢᠮ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠷᠣᠭᠰᠢ ᠲᠤᠰᠬᠠᠶ ᠵᠦᠢᠯ ᠢᠶᠠᠷ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2016 ︺ 134 ᠳ᠋ᠦᠭᠡᠷ ᠲᠣᠭᠠᠲᠤ︶ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ ᠬᠥᠭᠵᠢᠭᠦᠯᠬᠦ ᠲᠥᠷᠥᠯ ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠪᠠ᠃
      ᠬᠤᠶᠠᠷ᠂ ︽ᠠᠷᠭ᠎ᠠ︾ ᠶᠢᠨ ᠭᠤᠣᠯ ᠠᠭᠤᠯᠭ᠎ᠠ
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ ᠬᠥᠭᠵᠢᠭᠦᠯᠬᠦ ᠲᠥᠷᠥᠯ ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠨᠢ ᠨᠡᠶᠢᠲᠡ 6 ᠪᠦᠯᠦᠭ 17 ᠵᠦᠢᠯ ᠪᠠᠶᠢᠵᠤ᠂ ᠭᠤᠤᠯ ᠠᠭᠤᠯᠭ᠎ᠠ ᠳᠤ᠄ ᠪᠠᠯᠠ ᠮᠥᠩᠭᠦ ᠶᠢᠨ ᠬᠡᠷᠡᠭᠯᠡᠭᠡᠨ ᠤ ᠬᠡᠪᠴᠢᠶ᠎ᠡ᠂ ᠪᠠᠯᠠ ᠮᠥᠩᠭᠦ ᠶᠢ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ᠂ ᠬᠤᠪᠢᠶᠠᠷᠢᠯᠠᠬᠤ᠂ ᠪᠠᠭᠤᠯᠭᠠᠬᠤ᠂ ᠪᠠᠯᠠ ᠮᠥᠩᠭᠦ ᠶᠢ ᠬᠡᠷᠡᠭᠯᠡᠬᠦ᠂ ᠬᠠᠮᠢᠶᠠᠷᠬᠤ᠂ ᠬᠢᠨᠠᠯᠲᠠ ᠲᠠᠯᠪᠢᠵᠤ ᠬᠠᠮᠢᠶᠠᠷᠬᠤ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠪᠠᠭᠲᠠᠨ᠎ᠠ᠃
      ᠲᠣᠰ ᠠᠷᠭ᠎ᠠ ᠳᠤ ᠬᠡᠯᠡᠵᠦ ᠪᠠᠶᠢᠭ᠎ᠠ ︽ᠨᠢᠭᠡ ᠶᠢ ᠬᠢᠵᠠᠭᠠᠷᠯᠠᠬᠤ᠂ ᠬᠤᠶᠠᠷ ᠢ ᠪᠠᠭᠠᠰᠬᠠᠬᠤ᠂ ᠭᠤᠷᠪᠠ ᠶᠢ ᠦᠨᠳᠦᠰᠦᠨ ᠠᠴᠠ ᠨᠢ ᠰᠢᠢᠳᠪᠦᠷᠢᠯᠡᠬᠦ︾ ᠭᠡᠳᠡᠭ ᠨᠢ ᠪᠣᠳᠠᠲᠠᠶ ᠪᠠᠷ᠄ ︽ᠨᠢᠭᠡ ᠶᠢ ᠬᠢᠵᠠᠭᠠᠷᠯᠠᠬᠤ︾ ᠭᠡᠳᠡᠭ ᠨᠢ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠪᠠ ᠲᠠᠷᠢᠶᠠᠯᠠᠩ ᠤᠨ ᠤᠰᠤᠨ ᠤ ᠣᠷᠴᠢᠨ ᠲᠣᠭᠤᠷᠢᠨ ᠤ ᠪᠣᠬᠢᠷᠲᠤᠯ ᠢ ᠬᠢᠵᠠᠭᠠᠷᠯᠠᠬᠤ ᠶᠢ ᠵᠢᠭᠠᠵᠤ ᠪᠣᠶ᠂ ︽ᠬᠤᠶᠠᠷ ᠢ ᠪᠠᠭᠠᠰᠬᠠᠬᠤ︾ ᠭᠡᠳᠡᠭ ᠨᠢ ᠬᠢᠮᠢ ᠶᠢᠨ ᠪᠣᠷᠲᠣᠭᠤᠷ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠬᠡᠷᠡᠭᠯᠡᠬᠦ ᠶᠢ ᠵᠢᠭᠠᠵᠤ ᠪᠣᠶ᠂ ︽ᠭᠤᠷᠪᠠ ᠶᠢ ᠦᠨᠳᠦᠰᠦᠨ ᠠᠴᠠ ᠨᠢ ᠰᠢᠢᠳᠪᠦᠷᠢᠯᠡᠬᠦ︾ ᠭᠡᠳᠡᠭ ᠨᠢ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ᠂ ᠲᠠᠷᠢᠶᠠᠯᠠᠩ ᠤᠨ ᠵᠤᠯᠤᠮ᠎ᠠ ᠪᠦᠷᠬᠦᠪᠴᠢ᠂ ᠲᠠᠷᠢᠮᠠᠯ ᠤᠨ ᠡᠰᠢ ᠰᠦᠷᠡᠯ ᠢ ᠦᠨᠳᠦᠰᠦᠨ ᠠᠴᠠ ᠪᠠᠨ ᠡᠬᠢ ᠪᠠᠶᠠᠯᠢᠭᠵᠢᠭᠤᠯᠬᠤ᠂ ᠶᠡᠷᠦᠩᠬᠡᠶᠢᠯᠡᠨ ᠡᠷᠭᠢᠯᠳᠦᠭᠦᠯᠦᠨ ᠳᠠᠬᠢᠨ ᠠᠰᠢᠭᠯᠠᠬᠤ ᠪᠠ ᠬᠤᠤᠷ ᠦᠭᠡᠶᠢᠵᠢᠭᠦᠯᠦᠨ ᠰᠢᠢᠳᠪᠦᠷᠢᠯᠡᠬᠦ ᠶᠢ ᠪᠡᠶᠡᠯᠡᠭᠦᠯᠬᠦ ᠶᠢ ᠵᠢᠭᠠᠵᠤ ᠪᠣᠶ᠃
      ᠲᠣᠰ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ