ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2021/11/3

      11 ᠰᠠᠷ᠎ᠠ ᠶᠢᠨ 1 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠬᠥᠬᠡᠬᠤᠲᠠ ᠳᠤ ᠪᠦᠬᠦ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠵᠤ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ ᠰᠢᠨ᠎ᠡ ᠪᠠᠶᠢᠳᠠᠯ ᠢ ᠮᠡᠳᠡᠭᠳᠡᠬᠦ ᠶᠢᠨ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃

      11 ᠰᠠᠷ᠎ᠠ ᠶᠢᠨ 1 ᠤ ᠦᠳᠡ ᠶᠢᠨ ᠬᠤᠶᠢᠨ᠎ᠠ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 11 ᠰᠠᠷ᠎ᠠ ᠶᠢᠨ 1 ᠤ ᠡᠳᠦᠷ ᠤᠨ 12 ᠴᠠᠭ ᠪᠣᠯᠲᠠᠯ᠎ᠠ᠂ ᠮᠠᠨ ᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠤᠬᠠᠢ ᠶᠢᠨ ᠭᠠᠵᠠᠷ ᠤᠨ ᠣᠨᠣᠰᠢᠯᠠᠭᠰᠠᠨ 4 ᠡᠪᠡᠳᠴᠢᠨ ᠤ ᠵᠢᠱᠢᠶ᠎ᠡ ᠢᠯᠠᠷᠢᠰᠢᠨ ᠡᠮᠨᠡᠯᠭᠡ ᠠᠴᠠ ᠭᠠᠷᠴᠤ᠂ ᠨᠡᠶᠢᠲᠡ 12 ᠡᠪᠡᠳᠴᠢᠨ ᠤ ᠵᠢᠱᠢᠶ᠎ᠡ ᠢᠯᠠᠷᠢᠰᠢᠵᠤ ᠡᠮᠨᠡᠯᠭᠡ ᠠᠴᠠ ᠭᠠᠷᠪᠠ᠃

      11 ᠰᠠᠷ᠎ᠠ ᠶᠢᠨ 1 ᠤ ᠡᠳᠦᠷ ᠤᠨ 12 ᠴᠠᠭ ᠪᠣᠯᠲᠠᠯ᠎ᠠ᠂ ᠮᠠᠨ ᠤ ᠣᠷᠣᠨ ᠳᠤ ᠣᠷᠣᠰᠢᠵᠤ ᠪᠠᠶᠢᠭ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠤᠬᠠᠢ ᠶᠢᠨ ᠭᠠᠵᠠᠷ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ 161 ᠪᠤᠢ᠃ ᠡᠭᠦᠨ ᠳᠤ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠳᠤ 2᠂ ᠰᠢᠨ᠎ᠡ ᠬᠤᠲᠠ ᠲᠣᠭᠤᠷᠢᠭ ᠲᠤ 1 ᠪᠤᠢ︔ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ 15᠂ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ 1 ᠪᠤᠢ︔ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 141᠂ ᠠᠯᠠᠱᠠ ᠵᠡᠭᠦᠨ ᠬᠤᠰᠢᠭᠤᠨ ᠳᠤ 1 ᠪᠤᠢ᠃ ᠬᠥᠬᠡᠬᠤᠲᠠ ᠶᠢᠨ ᠰᠠᠶᠢᠬᠠᠨ ᠲᠣᠭᠤᠷᠢᠭ ᠲᠤ ᠪᠠᠶᠢᠭᠰᠠᠨ 1 ᠡᠪᠡᠳᠴᠢᠨ ᠤ ᠵᠢᠱᠢᠶ᠎ᠡ ᠶᠢ ᠰᠡᠵᠢᠭᠯᠡᠯᠲᠡᠢ ᠡᠪᠡᠳᠴᠢᠨ ᠤ ᠵᠢᠱᠢᠶ᠎ᠡ ᠠᠴᠠ ᠭᠠᠷᠭᠠᠪᠠ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠣᠨᠣᠰᠢᠯᠠᠭᠰᠠᠨ ᠡᠪᠡᠳᠴᠢᠨ ᠤ ᠵᠢᠱᠢᠶ᠎ᠡ 9 ᠪᠤᠢ᠃ ᠡᠳᠡᠭᠡᠷ ᠡᠪᠡᠳᠴᠢᠨ ᠤ ᠵᠢᠱᠢᠶ᠎ᠡ ᠶᠢ ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ ᠡᠮᠨᠡᠯᠭᠡ ᠠᠴᠠ ᠭᠠᠷᠤᠭᠰᠠᠨ ᠡᠪᠡᠳᠴᠢᠨ ᠤ ᠵᠢᠱᠢᠶ᠎ᠡ ᠶᠢ ᠴᠥᠮ ᠲᠣᠭᠲᠠᠭᠰᠠᠨ ᠭᠠᠵᠠᠷ ᠲᠤ ᠲᠤᠰᠠᠭᠠᠷᠯᠠᠨ ᠬᠠᠮᠢᠶᠠᠷᠬᠤ ᠪᠠ ᠡᠷᠡᠭᠦᠯ ᠮᠡᠨᠳᠦ ᠶᠢᠨ ᠪᠠᠶᠢᠳᠠᠯ ᠢ ᠨᠢ ᠬᠢᠨᠠᠨ ᠬᠡᠮᠵᠢᠵᠦ᠂ ᠨᠢᠭᠲᠠ ᠣᠶᠢᠷᠠᠲᠤᠭᠰᠠᠳ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠨ᠎ᠠ᠃

      ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠰᠠᠷᠠᠨᠴᠢᠮᠡᠭ ᠤᠨ ᠲᠠᠨᠢᠯᠴᠠᠭᠤᠯᠤᠭᠰᠠᠨ ᠢᠶᠠᠷ᠂ 11 ᠰᠠᠷ᠎ᠠ ᠶᠢᠨ 1 ᠤ ᠡᠳᠦᠷ ᠤᠨ 12 ᠴᠠᠭ ᠪᠣᠯᠲᠠᠯ᠎ᠠ᠂ ᠪᠦᠬᠦ ᠣᠷᠣᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠰᠠᠳ 3869 ᠬᠥᠮᠥᠨ ᠢ ᠵᠢᠭᠰᠠᠭᠠᠨ ᠪᠠᠶᠢᠴᠠᠭᠠᠵᠤ᠂ 114 ᠬᠥᠮᠥᠨ ᠢ ᠲᠤᠰᠠᠭᠠᠷᠯᠠᠯ ᠠᠴᠠ ᠭᠠᠷᠭᠠᠪᠠ︔ ᠨᠢᠭᠲᠠ ᠣᠶᠢᠷᠠᠲᠤᠭᠰᠠᠳ ᠲᠠᠢ ᠣᠶᠢᠷᠠᠲᠤᠭᠰᠠᠳ 5452 ᠬᠥᠮᠥᠨ ᠢ ᠵᠢᠭᠰᠠᠭᠠᠨ ᠪᠠᠶᠢᠴᠠᠭᠠᠵᠤ᠂ 819 ᠬᠥᠮᠥᠨ ᠢ ᠲᠤᠰᠠᠭᠠᠷᠯᠠᠯ ᠠᠴᠠ ᠭᠠᠷᠭᠠᠪᠠ᠃ ᠡᠵᠡᠨ᠎ᠡ ᠬᠤᠰᠢᠭᠤ ᠪᠣᠯᠣᠨ ᠡᠷᠢᠶᠡᠨ ᠬᠤᠲᠠ ᠶᠢᠨ ᠰᠢᠨ᠎ᠡ ᠪᠠᠷ ᠨᠡᠮᠡᠭᠳᠡᠭᠰᠡᠨ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠪᠦᠷ ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠵᠤ᠂ ᠨᠡᠶᠢᠭᠡᠮ ᠲᠣᠭᠤᠷᠢᠭ ᠲᠤ ᠬᠢᠵᠢᠭ ᠬᠠᠯᠳᠠᠪᠤᠷᠢᠯᠠᠨ ᠳᠡᠯᠭᠡᠷᠡᠬᠦ ᠶᠢ ᠪᠦᠲᠦᠮᠵᠢᠲᠡᠢ ᠡᠵᠡᠮᠳᠡᠭᠰᠡᠨ ᠪᠠᠶᠢᠨ᠎ᠠ᠃ ᠠᠯᠠᠱᠠ ᠠᠶᠢᠮᠠᠭ ᠤᠨ ᠡᠵᠡᠨ᠎ᠡ ᠬᠤᠰᠢᠭᠤ ᠨᠠᠢᠮᠠᠳᠤᠭᠠᠷ ᠡᠭᠡᠯᠵᠢ ᠶᠢᠨ ᠪᠦᠬᠦ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠳᠠᠭᠤᠰᠬᠠᠵᠤ᠂ ᠨᠡᠶᠢᠲᠡ 32667 ᠬᠥᠮᠥᠨ ᠤᠳᠠᠭ᠎ᠠ ᠳᠤ ᠰᠢᠯᠭᠠᠨ ᠪᠠᠶᠢᠴᠠᠭᠠᠯᠲᠠ ᠬᠢᠪᠡ᠃ ᠬᠥᠬᠡᠬᠤᠲᠠ ᠶᠠᠭ ᠬᠠᠷᠢᠶ᠎ᠠ ᠭᠤᠣᠯᠳᠠᠯᠭ᠎ᠠ ᠲᠠᠢ ᠣᠷᠣᠨ ᠪᠦᠰᠡ ᠠᠴᠠ ᠭᠠᠳᠠᠨᠠᠬᠢ 5 ᠬᠤᠰᠢᠭᠤ ᠰᠢᠶᠠᠨ ᠳᠤ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠡᠷᠢᠶᠡᠨ ᠬᠤᠲᠠ ᠭᠤᠣᠯᠳᠠᠯᠭ᠎ᠠ ᠲᠠᠢ ᠬᠥᠮᠥᠰ ᠲᠤ ᠦᠷᠭᠦᠯᠵᠢᠯᠡᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠪᠠᠨ ᠴᠢᠩᠭᠠᠳᠬᠠᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠬᠠᠢ ᠶᠢᠨ ᠭᠠᠵᠠᠷ ᠤᠨ ᠣᠨᠣᠰᠢᠯᠠᠭᠰᠠᠨ 161 ᠡᠪᠡᠳᠴᠢᠨ ᠤ ᠵᠢᠱᠢᠶ᠎ᠡ ᠶᠢ ᠬᠦᠯᠢᠶᠡᠨ ᠠᠪᠴᠤ ᠡᠮᠨᠡᠨ ᠵᠠᠰᠠᠵᠤ ᠪᠤᠢ᠂ ᠡᠭᠦᠨ ᠳᠤ 1 ᠬᠦᠨᠳᠦ ᠲᠦᠭᠰᠢᠭᠦᠷᠢᠲᠡᠢ ᠡᠪᠡᠳᠴᠢᠲᠡᠨ᠂ 9 ᠬᠦᠨᠳᠦ ᠡᠪᠡᠳᠴᠢᠨ᠂ 62 ᠡᠩ ᠤᠨ ᠡᠪᠡᠳᠴᠢᠲᠡᠨ᠂ 89 ᠬᠥᠩᠭᠡᠨ ᠡᠪᠡᠳᠴᠢᠲᠡᠨ ᠪᠠᠶᠢᠵᠤ᠂ ᠣᠳᠣᠬᠠᠨ ᠳᠤ ᠡᠪᠡᠳᠴᠢᠨ ᠤ ᠪᠠᠶᠢᠳᠠᠯ ᠨᠢ ᠶᠡᠷᠦᠩᠬᠡᠢ ᠳᠡᠭᠡᠨ ᠪᠦᠷ ᠲᠣᠭᠲᠠᠭᠤᠨ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ