ᠠᠤᠭ᠎ᠠ ᠵᠢᠷᠤᠭ ᠲᠥᠰᠦᠪ ᠢ ᠰᠠᠶᠢᠨ ᠰᠠᠶᠢᠬᠠᠨ ᠪᠣᠳᠠᠲᠤ ᠠᠬᠤᠶ ᠪᠣᠯᠭᠠᠬᠤ ᠪᠠᠷ ᠬᠦᠴᠦᠯᠡᠨ ᠴᠢᠷᠮᠠᠶᠢᠨ᠎ᠠ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠲᠥᠯᠥᠭᠡᠯᠡᠭᠴᠢᠳ ᠲᠠᠢ ᠬᠠᠮᠲᠤ ᠪᠠᠷ ᠢᠯᠡᠳᠭᠡᠯ ᠮᠡᠳᠡᠭᠦᠯᠦᠯᠲᠡ ᠶᠢ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2021/11/30

      11 ᠰᠠᠷ᠎ᠠ ᠶᠢᠨ 27 ᠤ ᠦᠳᠡ ᠶᠢᠨ ᠬᠤᠶᠢᠨ᠎ᠠ ᠠᠴᠠ 29 ᠤ ᠡᠳᠦᠷ ᠪᠣᠯᠲᠠᠯ᠎ᠠ᠂ ᠨᠠᠰᠤᠨᠮᠦ᠋ᠡᠭᠭᠡ᠂ ᠸᠠᠩ ᠪᠥᠸᠧ᠂ ᠯᠢᠶᠠᠨ ᠰᠸ᠂ ᠵᠠᠩ ᠶᠤᠸᠠᠨ ᠵᠦᠩ᠂ ᠾᠧ ᠶᠠᠨ ᠯᠢᠩ᠂ ᠠᠢ ᠯᠢ ᠬᠤᠸᠠ᠂ ᠬᠤᠸᠠᠩ ᡁᠢ ᠴᠢᠶᠠᠩ᠂ ᠡᡁᠧᠩ ᠰᠢᠶᠤᠤ ᠹᠠᠨ᠂ ᠴᠢ᠊ ᠪᠠᠳᠤ᠂ ᠪᠣᠣ ᠰᠢᠶᠠᠨ ᠬᠤᠸᠠ᠂ ᠯᠦᠸᠧ ᡁᠢ ᠬᠣ᠋᠂ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠸᠧᠢ ᠭᠦᠸᠧ ᠨᠠᠨ᠂ ᠶᠠᠩ ᠽᠦᠩ ᠷᠧᠨ᠂ ᠯᠢ ᠴᠢ ᠯᠢᠨ᠂ ᠶᠠᠩ ᠰᠢᠶᠤᠤ ᠺᠠᠩ᠂ ᠴᠧᠨ ᠯᠦ ᠱᠧᠩ ᠲᠤᠰ ᠲᠤᠰ ᠤᠨ ᠪᠠᠶᠢᠭ᠎ᠠ ᠲᠥᠯᠥᠭᠡᠯᠡᠭᠴᠢᠳ ᠤᠨ ᠪᠦᠯᠬᠦᠮ ᠳᠤ ᠲᠥᠯᠥᠭᠡᠯᠡᠭᠴᠢᠳ ᠲᠠᠢ ᠬᠠᠮᠲᠤ ᠪᠠᠷ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠢᠯᠡᠳᠭᠡᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠃
      ᠱᠢ ᠲᠠᠢ ᠹᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠬᠢᠭᠰᠡᠨ ᠢᠯᠡᠳᠭᠡᠯ ᠢ ᠤᠯᠠᠨ ᠢᠶᠠᠷ ᠢᠶᠠᠨ ᠰᠠᠨᠠᠯ ᠨᠢᠭᠡᠲᠡᠢ ᠵᠥᠪᠰᠢᠶᠡᠷᠡᠵᠤ ᠪᠠᠶᠢᠨ᠎ᠠ᠃
      ᠢᠯᠡᠳᠭᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠲᠠᠢ ᠨᠢᠭᠲᠠ ᠤᠶᠠᠯᠳᠤᠭᠤᠯᠤᠨ ᠭᠦᠨᠵᠡᠭᠡᠶ ᠨᠠᠶᠢᠳᠠᠪᠤᠷᠢᠵᠢᠭᠤᠯᠵᠤ᠂ ᠲᠠᠪᠤᠨ ᠵᠢᠯ ᠤᠨ ᠲᠤᠷᠰᠢᠬᠢ ᠴᠢᠬᠤᠯᠠ ᠶᠡᠭᠡ ᠦᠢᠯᠡᠳᠦᠯᠭᠡ ᠪᠠ ᠴᠢᠬᠤᠯᠠ ᠠᠮᠵᠢᠯᠲᠠ ᠪᠦᠲᠦᠮᠵᠢ ᠶᠢ ᠪᠤᠰᠤᠳᠴᠢ ᠪᠠᠷ ᠳ᠋ᠦᠩᠨᠡᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠠᠬᠢ ᠥᠪᠥᠷ ᠮᠣᠩᠭᠤᠯ ᠤᠨ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠤ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠬᠠᠷᠠᠯᠲᠠ ᠱᠠᠭᠠᠷᠳᠠᠯᠭ᠎ᠠ ᠪᠠ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢ ᠳᠤᠷᠠᠳᠤᠨ ᠭᠠᠷᠭᠠᠵᠤ᠂ ᠢᠷᠡᠭᠡᠳᠦᠶ ᠶᠢᠨ ᠬᠥᠭᠵᠢᠯᠲᠡ ᠶᠢᠨ ᠰᠠᠶᠢᠨ ᠰᠠᠶᠢᠬᠠᠨ ᠵᠢᠷᠤᠭ ᠲᠥᠰᠦᠪ ᠢ ᠰᠢᠨᠵᠢᠯᠡᠬᠦ ᠤᠬᠠᠭᠠᠨᠴᠢ ᠪᠠᠷ ᠵᠢᠷᠤᠭᠯᠠᠪᠠ᠂ ᠲᠡᠷᠡ ᠪᠤᠯ ᠨᠠᠶᠢᠳᠠᠯᠭ᠎ᠠ ᠶᠢ ᠪᠠᠲᠤ ᠴᠡᠭᠡᠵᠢᠯᠡᠵᠤ᠂ ᠵᠣᠷᠢᠭᠲᠠᠶ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠲᠥᠪ ᠴᠢᠩᠭ᠎ᠠ ᠲᠤᠩᠬᠠᠭᠯᠠᠯ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠠᠴᠢᠶ᠎ᠠ ᠪᠠᠨ ᠲᠡᠭᠰᠢᠯᠡᠵᠦ ᠠᠶᠠᠨ ᠳᠠᠭᠠᠨ ᠲᠠᠬᠢᠨ ᠮᠤᠷᠳᠠᠬᠤ ᠤᠷᠤᠭᠰᠢᠯᠠᠯᠲᠠ ᠶᠢᠨ ᠪᠦᠷᠢᠶ᠎ᠡ ᠮᠦᠨ᠂ ᠯᠠᠪᠲᠠᠢ ᠪᠦᠬᠦ ᠣᠷᠣᠨ ᠳᠠᠶᠠᠭᠠᠷ ᠤᠨ ᠰᠢᠨ᠎ᠡ ᠴᠠᠭ ᠦᠶ᠎ᠡ ᠳᠤ ᠲᠡᠮᠡᠴᠡᠨ ᠲᠠᠪᠰᠢᠬᠤ᠂ ᠰᠢᠨ᠎ᠡ ᠠᠶᠠᠨ ᠳᠤ ᠡᠷᠡᠮᠡᠭᠡᠶᠢᠯᠡᠨ ᠤᠷᠤᠭᠰᠢᠯᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠬᠳᠠᠷᠠᠭᠤᠯᠬᠤ ᠪᠤᠯᠤᠨ᠎ᠠ ᠭᠡᠵᠤ ᠤᠯᠠᠨ ᠢᠶᠠᠷ ᠢᠶᠠᠨ ᠦᠵᠡᠵᠡᠭᠡᠪᠡ᠃
      ᠥᠩᠭᠡᠷᠡᠭᠰᠡᠨ ᠲᠠᠪᠤᠨ ᠵᠢᠯ ᠪᠣᠯ ᠶᠡᠷᠦ ᠪᠤᠰᠤ ᠶᠢᠨ ᠲᠠᠪᠤᠨ ᠵᠢᠯ᠂ ᠪᠠᠶᠢᠳᠠᠯ ᠤᠷᠢᠳ ᠡᠮᠦᠨ᠎ᠡ ᠪᠠᠶᠢᠭ᠎ᠠ ᠦᠭᠡᠢ ᠪᠤᠳᠤᠯᠢᠶᠠᠨᠲᠠᠶ᠂ ᠡᠭᠦᠷᠭᠡ ᠶᠢᠨ ᠬᠦᠨᠳᠦ ᠨᠢ ᠤᠷᠢᠳ ᠡᠮᠦᠨ᠎ᠡ ᠪᠠᠶᠢᠭ᠎ᠠ ᠦᠭᠡᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠦᠬᠦ ᠣᠷᠣᠨ ᠳᠠᠶᠠᠭᠠᠷ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠬᠤ᠂ ᠠᠯᠢ ᠣᠯᠠᠨ ᠪᠤᠷᠤᠭᠤ ᠬᠡᠯᠪᠡᠶᠢᠬᠦᠤ ᠶᠢ ᠵᠠᠯᠠᠷᠠᠭᠤᠯᠬᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ᠂ ᠴᠡᠪᠡᠷᠰᠢᠭᠦᠯᠦᠨ ᠰᠢᠯᠢᠳᠡᠭᠵᠢᠭᠦᠯᠬᠦ ᠠᠵᠢᠯ ᠢ ᠥᠷᠨᠢᠭᠦᠯᠵᠤ᠂ ᠠᠯᠢ ᠣᠯᠠᠨ ᠴᠢᠭᠯᠡᠯᠲᠦ ᠴᠢᠨᠠᠷᠳᠠᠢ᠂ ᠪᠦᠬᠦ ᠲᠠᠯ᠎ᠠ ᠶᠢᠨ ᠴᠢᠨᠠᠷᠳᠠᠢ᠂ ᠰᠠᠭᠤᠷᠢ ᠴᠢᠨᠠᠷᠳᠠᠢ ᠠᠰᠠᠭᠤᠳᠠᠯ ᠢ ᠰᠢᠢᠳᠪᠤᠷᠢᠯᠡᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠨᠠᠮ ᠤᠨ ᠪᠠᠶᠢᠭᠤᠯᠤᠯᠲᠠ ᠶᠢ ᠠᠬᠢᠭᠤᠯᠤᠨ ᠢᠯᠡᠳᠲᠡ ᠠᠮᠵᠢᠯᠲᠠ ᠪᠦᠲᠦᠮᠵᠢ ᠣᠯᠵᠤ᠂ ᠨᠠᠮ ᠤᠨ ᠲᠥᠪ ᠬᠤᠷᠢᠶ᠎ᠠ ᠪᠣᠯᠤᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠢᠭᠡ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠵᠠᠢ ᠭᠡᠵᠤ ᠤᠯᠠᠨ ᠢᠶᠠᠷ ᠢᠶᠠᠨ ᠬᠦᠨ ᠲᠦᠷᠦᠭᠳᠡᠯ ᠲᠠᠢ ᠪᠠᠶᠢᠯ᠎ᠠ᠃
      ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠡᠨᠡ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠠᠯᠲᠠ ᠡᠭᠦᠷᠭᠡ ᠪᠠᠨ ᠲᠣᠭᠲᠠᠭᠠᠵᠤ᠂ ᠠᠴᠢ ᠬᠠᠷᠢᠭᠤᠯᠠᠨ ᠡᠷᠡᠮᠡᠬᠡᠶᠢᠯᠡᠨ ᠤᠷᠤᠭᠰᠢᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠢᠨ᠎ᠡ ᠬᠤᠪᠢ ᠨᠡᠮᠡᠷᠢ ᠦᠵᠡᠭᠦᠯᠵᠦ᠂ ᠨᠠᠮ ᠪᠣᠯᠤᠨ ᠠᠷᠠᠳ ᠲᠦᠮᠡᠨ ᠳᠤ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠬᠡᠷᠡᠭᠲᠡᠢ ᠭᠡᠵᠦ ᠤᠯᠠᠨ ᠢᠶᠠᠷ ᠢᠶᠠᠨ ᠰᠠᠨᠠᠯ ᠨᠢᠭᠡᠲᠡᠢ ᠦᠵᠡᠵᠡᠭᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ