ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/11/30

      11 ᠳ᠋ᠦ᠋ᠭᠡᠷ ᠰᠠᠷ᠎ᠠ ᠶᠢᠨ 29 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 21 ︵ᠡᠭᠦᠨ ᠳᠤ᠄ ᠬᠥᠯᠥᠨ ᠪᠤᠶᠢᠷ ᠤᠨ ᠮᠠᠨᠵᠤᠤᠷ ᠬᠤᠲᠠ ᠳᠤ 6᠂ ᠵᠠᠯᠠᠶᠢᠨᠠᠭᠤᠷ ᠲᠣᠭᠤᠷᠢᠭ ᠲᠤ 13 ᠪᠣᠶ᠂ ᠡᠭᠦᠨ ᠳᠤ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠣᠭᠰᠠᠳ 2 ᠪᠣᠶ︔ ᠮᠠᠨᠵᠤᠤᠷ ᠬᠤᠲᠠ ᠳᠤ ᠬᠤᠯᠪᠣᠭᠳᠠᠯ ᠲᠠᠢ ᠲᠣᠳᠣᠯᠠᠭᠰᠠᠨ 2 ᠡᠪᠡᠳᠴᠢᠨ ᠤ ᠵᠢᠱᠢᠶ᠎ᠡ ᠨᠢ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠲᠤ ᠪᠣᠶ︶ ᠰᠢᠨ᠎ᠡ ᠪᠠᠷ ᠨᠡᠮᠡᠭᠳᠡᠵᠡᠶ᠃ ᠰᠢᠨ᠎ᠡ ᠪᠠᠷ ᠨᠡᠮᠡᠭᠳᠡᠭᠰᠡᠨ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠮᠠᠨᠵᠤᠤᠷ ᠬᠤᠲᠠ ᠳᠤ ᠬᠤᠯᠪᠣᠭᠳᠠᠯ ᠲᠠᠢ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠨᠠᠷᠢᠨ ᠪᠠᠶᠢᠳᠠᠯ ᠨᠢ ᠳᠣᠤᠷᠠᠬᠢ ᠮᠡᠲᠦ᠄

      1᠂ 2 ᠳ᠋ᠤᠭᠠᠷ ᠲᠣᠳᠣᠯᠠᠭᠳᠠᠭᠰᠠᠨ ᠡᠪᠡᠳᠴᠢᠨ ᠤ ᠵᠢᠱᠢᠶ᠎ᠡ᠄ ᠴᠥᠮ ᠮᠠᠨᠵᠤᠤᠷ ᠬᠤᠲᠠ ᠶᠢᠨ 11 ᠳ᠋ᠦ᠋ᠭᠡᠷ ᠰᠠᠷ᠎ᠠ ᠶᠢᠨ 28 ᠤ ᠡᠳᠦᠷ ᠣᠨᠣᠰᠢᠯᠠᠭᠰᠠᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠪᠠᠶᠢᠭᠰᠠᠨ ᠠᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠲᠣᠳᠣᠯᠠᠭᠳᠠᠪᠠ᠃

      3 ᠠᠴᠠ 19 ᠳ᠋ᠦ᠋ᠭᠡᠷ ᠲᠣᠳᠣᠯᠠᠭᠳᠠᠭᠰᠠᠨ ᠡᠪᠡᠳᠴᠢᠨ ᠤ ᠵᠢᠱᠢᠶ᠎ᠡ᠄ ᠴᠥᠮ ᠮᠠᠨᠵᠤᠤᠷ ᠬᠤᠲᠠ ᠶᠢᠨ ᠪᠥᠬᠦ ᠬᠥᠮᠥᠰ ᠤᠨ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠲᠣᠳᠣᠯᠠᠪᠠ᠃

      ᠮᠠᠨᠵᠤᠤᠷ ᠬᠤᠲᠠ ᠳᠤ ᠬᠤᠯᠪᠣᠭᠳᠠᠯ ᠲᠠᠢ 1᠂2 ᠳ᠋ᠤᠭᠠᠷ ᠲᠣᠳᠣᠯᠠᠭᠳᠠᠭᠰᠠᠨ ᠡᠪᠡᠳᠴᠢᠨ ᠤ ᠵᠢᠱᠢᠶ᠎ᠡ᠄ ᠴᠥᠮ 11 ᠳ᠋ᠦ᠋ᠭᠡᠷ ᠰᠠᠷ᠎ᠠ ᠶᠢᠨ 28 ᠤ ᠡᠳᠦᠷ ᠤᠨ ᠮᠠᠨᠵᠤᠤᠷ ᠬᠤᠲᠠ ᠶᠢᠨ ᠲᠣᠳᠣᠯᠠᠭᠳᠠᠭᠰᠠᠨ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠰᠠᠳ ᠪᠠ ᠳᠠᠮ ᠣᠶᠢᠷᠠᠲᠤᠭᠰᠠᠳ ᠪᠣᠯᠤᠨ᠎ᠠ᠃ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠤ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠳᠠᠬᠢᠨ ᠬᠠᠷᠭᠤᠭᠤᠯᠤᠭᠰᠠᠨ ᠳᠤ ᠮᠥᠨ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠲᠣᠳᠣᠯᠠᠪᠠ᠃

      ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠨᠢᠭᠡᠨᠲᠡ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠰᠢᠯᠵᠢᠭᠦᠯᠵᠦ ᠲᠤᠰᠠᠭᠠᠷᠯᠠᠨ ᠡᠮᠴᠢᠯᠡᠵᠦ᠂ ᠰᠢᠯᠵᠢᠭᠦᠯᠬᠦ᠂ ᠵᠢᠭᠰᠠᠭᠠᠨ ᠪᠠᠶᠢᠴᠠᠭᠠᠬᠤ ᠵᠡᠷᠭᠡ ᠬᠤᠯᠪᠣᠭᠳᠠᠯ ᠪᠦᠬᠦᠢ ᠠᠵᠢᠯ ᠢ ᠶᠠᠭ ᠶᠠᠪᠤᠭᠳᠠᠭᠤᠯᠵᠤ ᠪᠠᠶᠢᠨ᠎ᠠ᠃

      11 ᠳ᠋ᠦ᠋ᠭᠡᠷ ᠰᠠᠷ᠎ᠠ ᠶᠢᠨ 29 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 41 ︵ᠡᠭᠦᠨ ᠳᠤ᠄ ᠬᠥᠯᠥᠨ ᠪᠤᠶᠢᠷ ᠤᠨ ᠮᠠᠨᠵᠤᠤᠷ ᠬᠤᠲᠠ ᠳᠤ 26᠂ ᠵᠠᠯᠠᠶᠢᠨᠠᠭᠤᠷ ᠲᠣᠭᠤᠷᠢᠭ ᠲᠤ 13᠂ ᠮᠠᠨᠵᠤᠤᠷ ᠬᠤᠲᠠ ᠳᠤ ᠬᠤᠯᠪᠣᠭᠳᠠᠯ ᠲᠠᠢ ᠲᠣᠳᠣᠯᠠᠭᠰᠠᠨ 2 ᠡᠪᠡᠳᠴᠢᠨ ᠤ ᠵᠢᠱᠢᠶ᠎ᠡ ᠨᠢ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠲᠤ ᠪᠣᠶ︶ ᠪᠠᠶᠢᠨ᠎ᠠ᠃ ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ