ᠸᠠᠩ ᠯᠢ ᠰᠢᠶᠠ ᠡᠵᠡᠨ᠎ᠡ ᠬᠤᠰᠢᠭᠤᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠳᠠᠭᠠᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠡᠷᠲᠡᠬᠡᠨ ᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/11/4

      11 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃ ᠲᠡᠷᠡ᠂ ᠦᠷᠭᠦᠯᠵᠢᠯᠡᠨ ᠳᠠᠷᠤᠯᠲᠠ ᠪᠠᠨ ᠨᠡᠮᠡᠭᠳᠡᠭᠦᠯᠵᠦ ᠡᠷᠴᠢᠮ ᠢᠶᠠᠨ ᠴᠢᠩᠭᠠᠷᠠᠭᠤᠯᠤᠨ ᠠᠵᠢᠯ ᠢᠶᠠᠨ ᠥᠷᠨᠢᠭᠦᠯᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠡᠷᠲᠡᠬᠡᠨ ᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃

1.jpg

2.jpg

3.jpg

 

      ᠸᠠᠩ ᠯᠢ ᠰᠢᠶᠠ ᠳᠠᠯᠠᠶᠢᠬᠥ᠋ᠪ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠣᠯᠣᠨ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠳᠠᠯᠠᠶᠢᠬᠥ᠋ᠪ ᠪᠠᠯᠭᠠᠰᠤ ᠶᠢᠨ ᠨᠢᠭᠡᠳᠦᠭᠡᠷ ᠲᠣᠰᠣ ᠨᠡᠮᠡᠬᠦ ᠥᠷᠲᠡᠭᠡ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠲᠠᠯᠠᠪᠠᠢ ᠳᠤ ᠪᠠᠶᠢᠴᠠᠭᠠᠪᠠ᠃ ᠲᠡᠷᠡ᠂ ᠬᠥᠮᠥᠨ ᠬᠠᠷ᠎ᠠ ᠶᠢ ᠬᠠᠮᠢᠶᠠᠷᠤᠨ ᠡᠵᠡᠮᠳᠡᠬᠦ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠪᠠᠲᠤ ᠶᠣᠰᠣ ᠳᠦᠷᠢᠮ ᠮᠥᠨ᠂ ᠡᠷᠬᠡᠪᠰᠢ ᠥᠴᠥᠬᠡᠨ ᠴᠦ ᠢᠯᠳᠠᠷ ᠬᠠᠶᠠᠬᠤ ᠦᠭᠡᠢ ᠪᠠᠷ ᠪᠣᠳᠠᠲᠠᠢ ᠳᠤ ᠬᠡᠷᠡᠭᠵᠢᠭᠦᠯᠬᠦ ᠬᠡᠷᠡᠭᠲᠡᠢ᠃ ᠬᠠᠮᠢᠶ᠎ᠠ ᠪᠦᠬᠦᠢ ᠨᠢᠭᠡᠴᠢ ᠶᠢᠨ ᠬᠢᠨ ᠨᠢᠭᠲᠠ ᠣᠶᠢᠷᠠᠲᠤᠭᠰᠠᠳ᠂ ᠨᠢᠭᠲᠠ ᠣᠶᠢᠷᠠᠲᠤᠭᠰᠠᠳ ᠲᠠᠢ ᠣᠶᠢᠷᠠᠲᠤᠭᠰᠠᠨ ᠬᠥᠮᠥᠰ ᠢ ᠲᠤᠰᠠᠭᠠᠷᠯᠠᠵᠤ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠰᠠᠭᠠᠷᠯᠠᠬᠤ ᠴᠢᠬᠤᠯᠠᠲᠠᠢ ᠶᠢ ᠨᠢ ᠪᠦᠬᠦᠨ ᠢ ᠲᠤᠰᠠᠭᠠᠷᠯᠠᠵᠤ᠂ ᠣᠨᠴᠠᠭᠠᠢ ᠪᠠᠶᠢᠳᠠᠯ ᠣᠭᠲᠣ ᠭᠠᠷᠭᠠᠬᠤ ᠦᠭᠡᠢ ᠪᠠᠶᠢᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠰᠡᠷᠭᠡᠶᠢᠯᠡᠨ ᠡᠵᠡᠮᠳᠡᠬᠦ ᠶᠢ ᠬᠠᠮᠢᠶᠠᠷᠬᠤ᠂ ᠠᠮᠤᠷ ᠲᠦᠪᠰᠢᠨ ᠢ ᠬᠠᠮᠢᠶᠠᠷᠬᠤ ᠶᠢ ᠦᠨᠡᠨ ᠬᠦ ᠪᠡᠶᠡᠯᠡᠭᠦᠯᠵᠦ᠂ ᠠᠵᠢᠯ ᠲᠥᠷᠥᠯ ᠤᠨ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠬᠦᠴᠦᠲᠡᠢ ᠱᠠᠯᠠᠪᠳᠠᠭᠤᠯᠤᠨ ᠵᠢᠯᠣᠭᠤᠳᠴᠤ᠂ ᠰᠣᠯᠪᠢᠴᠠᠨ ᠬᠠᠯᠳᠠᠪᠤᠷᠢᠯᠠᠬᠤ ᠪᠠ ᠬᠢᠵᠢᠭ ᠤᠨ ᠪᠠᠶᠢᠳᠠᠯ ᠭᠠᠳᠠᠭᠰᠢ ᠬᠠᠯᠳᠠᠪᠤᠷᠢᠯᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠲᠤᠰᠠᠭᠠᠷᠯᠠᠬᠤ ᠴᠡᠭ ᠤᠨ ᠵᠣᠴᠢᠳ ᠤᠨ ᠪᠠᠭᠤᠳᠠᠯ ᠳᠤ᠂ ᠸᠠᠩ ᠯᠢ ᠰᠢᠶᠠ ᠠᠵᠢᠯᠲᠠᠨ ᠤ ᠲᠣᠬᠢᠷᠠᠭᠤᠯᠤᠯᠲᠠ᠂ ᠡᠳ᠋ ᠪᠣᠳᠠᠰ ᠤᠨ ᠪᠠᠲᠤᠯᠠᠭ᠎ᠠ᠂ ᠲᠤᠰᠠᠭᠠᠷᠯᠠᠬᠤ ᠭᠠᠵᠠᠷ ᠢ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠠᠰᠠᠭᠤᠪᠠ᠃ ᠲᠡᠷᠡ᠂ ᠲᠥᠪᠯᠡᠷᠡᠭᠦᠯᠦᠨ ᠲᠤᠰᠠᠭᠠᠷᠯᠠᠬᠤ ᠭᠠᠵᠠᠷ ︽ᠭᠡᠷ ᠠᠴᠠ ᠪᠠᠨ ᠭᠠᠷᠬᠤ ᠦᠭᠡᠢ︾᠂ ︽ᠭᠠᠭᠴᠠ ᠬᠥᠮᠥᠨ ᠤ ᠥᠷᠥᠭᠡ︾ ᠵᠡᠷᠭᠡ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠠᠭ ᠲᠤᠬᠠᠢ ᠳᠤᠨᠢ ᠲᠣᠭᠤᠷᠢᠨ ᠪᠠᠶᠢᠴᠠᠭᠠᠵᠤ᠂ ᠲᠠᠰᠢᠷᠠᠮ ᠢᠶᠠᠷ ᠰᠤᠭᠤᠴᠢᠨ ᠪᠠᠶᠢᠴᠠᠭᠠᠵᠤ᠂ ᠬᠥᠮᠥᠨ ᠢ ᠨᠢ ᠣᠯᠵᠤ ᠬᠠᠷᠠᠵᠤ ᠬᠠᠮᠢᠶᠠᠷᠴᠤ᠂ ᠬᠥᠮᠥᠨ᠂ ᠡᠳ᠋ ᠪᠣᠳᠠᠰ᠂ ᠬᠤᠭ ᠨᠣᠪᠰᠢ ᠶᠢ ᠰᠢᠢᠳᠪᠦᠷᠢᠯᠡᠬᠦ ᠪᠦᠬᠦ ᠬᠡᠯᠬᠢᠶᠡᠨ ᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠡᠶᠡᠯᠡᠭᠦᠯᠵᠦ᠂ ᠣᠷᠴᠢᠨ ᠲᠣᠭᠤᠷᠢᠨ ᠢ ᠴᠠᠭ ᠲᠤᠬᠠᠢ ᠳᠤᠨᠢ ᠠᠷᠢᠭᠤᠳᠬᠠᠨ ᠴᠡᠪᠡᠷᠯᠡᠵᠦ᠂ ᠶᠠᠮᠠᠷᠴᠤ ᠠᠰᠠᠭᠤᠳᠠᠯ ᠤᠨ ᠭᠡᠮ ᠰᠣᠭᠤᠭ ᠦᠯᠡᠳᠡᠭᠡᠵᠦ ᠪᠣᠯᠬᠤ ᠦᠭᠡᠢ᠃ ᠨᠠᠰᠤᠨ ᠳᠤ ᠬᠦᠷᠦᠭᠰᠡᠨ ᠭᠡᠷ ᠪᠦᠯᠢ ᠶᠢᠨ ᠪᠦᠷᠢᠯᠳᠦᠬᠦᠨ ᠲᠤᠰᠠᠭᠠᠷᠯᠠᠭᠳᠠᠬᠤ ᠳᠤ ᠦᠷ᠎ᠡ ᠬᠡᠦᠬᠡᠳ ᠨᠢ ᠬᠠᠷᠠᠭᠠᠯᠵᠠᠯ ᠳᠤᠲᠠᠭᠳᠠᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠴᠢᠬᠤᠯᠠ ᠪᠦᠬᠦᠢ ᠠᠮᠢᠳᠤᠷᠠᠯ ᠤᠨ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠮᠥᠷᠳᠡᠨ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠬᠥᠮᠥᠡᠯᠢᠭ ᠢᠶᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

4.jpg

5.jpg


      ᠲᠢᠶᠠᠨ ᠹᠦ᠋ ᠮᠧᠢ ᠭᠦᠢ ᠶᠤᠸᠠᠨ ᠣᠷᠣᠨ ᠰᠠᠭᠤᠴᠠ ᠶᠢᠨ ᠲᠣᠭᠤᠷᠢᠭ ᠤᠨ ᠪᠠᠷᠢᠯᠭ᠎ᠠ ᠶᠢᠨ ᠭᠠᠵᠠᠷ ᠪᠣᠯᠣᠨ ᠪᠢᠩ ᠰᠢᠤᠸᠠᠢ ᠵᠢᠮᠢᠰ ᠤᠨ ᠦᠢᠯᠡᠰ ᠤᠨ ᠬᠢᠵᠠᠭᠠᠷᠲᠤ ᠺᠣᠮᠫᠠᠨᠢ ᠳᠤ᠂ ᠸᠠᠩ ᠯᠢ ᠰᠢᠶᠠ ᠭᠠᠳᠠᠨ᠎ᠠ ᠠᠴᠠ ᠢᠷᠡᠭᠰᠡᠨ ᠬᠥᠯᠥᠰᠦᠨ ᠠᠵᠢᠯᠴᠢᠨ ᠤ ᠠᠮᠢᠳᠤᠷᠠᠯ᠂ ᠣᠷᠣᠨ ᠰᠠᠭᠤᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠰᠤᠭᠤᠴᠢᠨ ᠪᠠᠶᠢᠴᠠᠭᠠᠵᠤ᠂ ᠲᠡᠳᠡᠨ ᠢ ᠥᠪᠡᠷ ᠤᠨ ᠢᠶᠠᠨ ᠲᠥᠯᠥᠭᠡ᠂ ᠭᠡᠷ ᠤᠨ ᠬᠥᠮᠥᠰ ᠤᠨ ᠢᠶᠠᠨ ᠲᠥᠯᠥᠭᠡ᠂ ᠨᠡᠶᠢᠭᠡᠮ ᠤᠨ ᠲᠥᠯᠥᠭᠡ ᠡᠷᠬᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠢ ᠭᠡᠵᠦ ᠵᠠᠬᠢᠪᠠ᠃ ᠲᠡᠷᠡ᠂ ᠠᠯᠠᠱᠠ ᠠᠶᠢᠮᠠᠭ ᠤᠨ ᠬᠢᠨ ᠡᠷᠬᠡᠪᠰᠢ ᠳᠡᠰ ᠥᠰᠬᠡᠵᠦ ᠬᠠᠮᠢᠶᠠᠷᠤᠨ ᠡᠵᠡᠮᠳᠡᠵᠦ᠂ ᠺᠠᠳ᠋ᠷ ᠢ ᠳᠣᠷᠣᠭᠰᠢ ᠪᠠᠭᠤᠯᠭᠠᠵᠤ᠂ ᠬᠠᠪᠲᠠᠭᠠᠶᠢᠵᠢᠭᠤᠯᠤᠨ ᠠᠵᠢᠯᠯᠠᠭᠤᠯᠵᠤ᠂ ᠬᠠᠷᠢᠶ᠎ᠠ ᠣᠷᠣᠨ ᠤ ᠰᠢᠢᠳᠪᠦᠷᠢᠯᠡᠯᠲᠡ ᠶᠢ ᠪᠠᠷᠢᠮᠲᠠᠯᠠᠵᠤ᠂ ᠠᠶᠢᠮᠠᠭ ᠤᠨ ᠤᠳᠤᠷᠢᠳᠤᠯᠭ᠎ᠠ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠡᠵᠡᠨ᠎ᠡ ᠬᠤᠰᠢᠭᠤᠨ ᠤ ᠡᠯ᠎ᠡ ᠲᠣᠣᠷᠵᠢᠯ ᠪᠣᠯᠣᠨ ᠨᠡᠶᠢᠭᠡᠮ ᠲᠣᠭᠤᠷᠢᠭ ᠢ ᠬᠡᠰᠡᠭ ᠬᠤᠪᠢᠶᠠᠨ ᠳᠠᠭᠠᠭᠠᠴᠢᠯᠠᠵᠤ᠂ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠵᠢᠯᠣᠭᠤᠳᠴᠤ᠂ ᠳᠤᠮᠳᠠ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ ᠪᠣᠯᠣᠨ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ᠂ ᠰᠡᠷᠭᠡᠶᠢᠯᠡᠯᠲᠡ ᠶᠢᠨ ᠣᠷᠣᠨ ᠤ ᠬᠠᠮᠢᠶᠠᠷᠤᠯᠲᠠ ᠶᠢᠨ ᠱᠠᠭᠠᠷᠳᠠᠯᠭ᠎ᠠ ᠵᠢᠴᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠷᠢᠯᠢᠭᠵᠢᠭᠤᠯᠵᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

      ᠸᠠᠩ ᠯᠢ ᠰᠢᠶᠠ ᠨᠠᠷ ᠪᠠᠰᠠ ᠮᠠᠰᠢᠨ ᠲᠡᠷᠭᠡ ᠪᠠᠷ ᠤᠯᠤᠰ ᠤᠨ ᠵᠠᠮ ᠤᠨ 331 ᠱᠤᠭᠤᠮ ᠤᠨ ᠬᠤᠶᠢᠲᠤ ᠪᠡᠶ᠎ᠡ ᠶᠢᠨ ᠲᠠᠪᠤᠳᠤᠭᠠᠷ ᠬᠡᠰᠡᠭ ᠤᠨ ᠪᠠᠷᠢᠯᠭ᠎ᠠ ᠶᠢᠨ ᠭᠠᠵᠠᠷ ᠲᠤ ᠬᠦᠷᠴᠦ᠂ ᠪᠠᠷᠢᠯᠭ᠎ᠠ ᠶᠢᠨ ᠠᠵᠢᠯᠲᠠᠳ ᠲᠤ ᠬᠦᠢᠲᠡᠨ ᠢ ᠬᠠᠯᠬᠠᠯᠠᠬᠤ ᠬᠦᠷᠮ᠎ᠡ ᠬᠦᠷᠭᠡᠪᠡ᠃ ᠲᠡᠷᠡ ᠲᠤᠬᠠᠢ ᠶᠢᠨ ᠭᠠᠵᠠᠷ ᠤᠨ ᠬᠠᠷᠢᠭᠤᠴᠠᠯᠭᠠᠲᠠᠨ ᠨᠥᠬᠦᠳ ᠲᠤ᠂ ᠬᠡᠭᠡᠷ᠎ᠡ ᠭᠠᠳᠠᠭ᠎ᠠ ᠪᠠᠷᠢᠯᠭ᠎ᠠ ᠪᠠᠷᠢᠬᠤ ᠠᠴᠠ ᠪᠣᠯᠵᠤ ᠲᠤᠬᠠᠢ ᠶᠢᠨ ᠭᠠᠵᠠᠷ ᠲᠤᠨᠢ ᠲᠤᠰᠠᠭᠠᠷᠯᠠᠵᠤ ᠪᠠᠶᠢᠭ᠎ᠠ ᠬᠥᠮᠥᠰ ᠤᠨ ᠡᠳᠦᠷ ᠲᠤᠲᠤᠮ ᠤᠨ ᠠᠮᠢᠳᠤᠷᠠᠯ ᠤᠨ ᠪᠠᠲᠤᠯᠠᠭ᠎ᠠ ᠶᠢ ᠬᠢᠨᠠᠮᠠᠭᠠᠢ ᠰᠠᠶᠢᠲᠤᠷ ᠬᠢᠵᠦ᠂ ᠢᠯᠠᠩᠭᠤᠶ᠎ᠠ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠲᠡᠳᠡᠨ ᠳᠤ ᠴᠠᠭ ᠲᠤᠬᠠᠢ ᠳᠤᠨᠢ ᠳᠤᠯᠠᠭᠠᠯᠠᠬᠤ ᠲᠥᠬᠦᠭᠡᠷᠦᠮᠵᠢ ᠪᠠ ᠲᠦᠯᠡᠰᠢ ᠬᠠᠩᠭᠠᠵᠤ᠂ ᠬᠠᠬᠢᠷ ᠬᠦᠢᠲᠡᠨ ᠭᠤᠪᠢ ᠴᠥᠯ ᠳᠤ ᠴᠦ ᠨᠠᠮ ᠪᠠ ᠵᠠᠰᠠᠭ ᠤᠨ ᠣᠷᠳᠣᠨ ᠤ ᠬᠠᠯᠠᠭᠤᠨ ᠳᠤᠯᠠᠭᠠᠨ ᠢ ᠣᠯᠠᠨ ᠳᠤ ᠴᠠᠭ ᠢᠮᠠᠭᠲᠠ ᠮᠡᠳᠡᠷᠡᠭᠦᠯᠬᠦ ᠬᠡᠷᠡᠭᠲᠡᠢ ᠭᠡᠵᠦ ᠵᠠᠬᠢᠪᠠ᠃

      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠯᠠᠱᠠ ᠠᠶᠢᠮᠠᠭ᠂ ᠡᠵᠡᠨ᠎ᠡ ᠬᠤᠰᠢᠭᠤᠨ ᠤ ᠭᠤᠣᠯ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ