ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠬᠦᠮ ᠦᠵᠡᠬᠦᠯᠬᠦ ᠬᠠᠯᠠᠮᠰᠢᠯ ᠤᠳᠠᠰᠦ ᠶᠢ ᠰᠢᠯᠢᠳᠡᠭᠵᠢᠬᠦᠯᠬᠦ ᠠᠵᠢᠯ ᠤᠨ ᠲᠦᠷᠭᠡᠳᠬᠡᠨ ᠠᠬᠢᠭᠤᠯᠬᠤ ᠲᠦᠰᠦᠯ ᠢ ᠳᠠᠷᠤᠮᠠᠯᠯᠠᠨ ᠶᠠᠪᠤᠭᠤᠯᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/11/4
             ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠬᠦᠮ ᠦᠵᠡᠬᠦᠯᠬᠦ ᠬᠠᠯᠠᠮᠰᠢᠯ              ᠤᠳᠠᠰᠦ ᠶᠢ ᠰᠢᠯᠢᠳᠡᠭᠵᠢᠬᠦᠯᠬᠦ ᠠᠵᠢᠯ ᠤᠨ ᠲᠦᠷᠭᠡᠳᠬᠡᠨ ᠠᠬᠢᠭᠤᠯᠬᠤ ᠲᠦᠰᠦᠯ ᠢ ᠳᠠᠷᠤᠮᠠᠯᠯᠠᠨ ᠶᠠᠪᠤᠭᠤᠯᠬᠤ ᠲᠤᠬᠠᠢ              ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ                                                                                 ᠦᠪᠦᠷ ᠵᠠᠰᠠᠭ ᠠᠯᠪᠠᠨ ᠲᠠᠷᠬᠠᠭᠠᠭᠰᠠᠨ ﹇2021﹈ 25 ᠳ᠋ᠤᠭᠠᠷ ᠲᠤᠭᠠᠲᠤᠡᠯ᠎ᠠ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠠ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠠ ᠲᠤᠮᠤ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠬᠦᠮ ᠦᠵᠡᠬᠦᠯᠬᠦ ᠬᠠᠯᠠᠮᠰᠢᠯ ᠤᠳᠠᠰᠦ  ᠶᠢ ᠰᠢᠯᠢᠳᠡᠭᠵᠢᠬᠦᠯᠬᠦ  ᠠᠵᠢᠯ  ᠤᠨ ᠲᠦᠷᠭᠡᠳᠬᠡᠨ ᠠᠬᠢᠭᠤᠯᠬᠤ ᠲᠦᠰᠦᠯ︾  ᠢ ᠦᠪᠡᠷᠲᠡᠭᠡᠨ ᠵᠠᠰᠠᠬᠤ ᠤᠷᠤᠨ  ᠤ ᠠᠷᠠᠳ  ᠤᠨ ᠵᠠᠰᠠᠭ  ᠤᠨ ᠤᠷᠳᠤᠨ ᠢᠶᠠᠷ ᠵᠦᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃                                                                                                     2021 ᠣᠨ ᠤ 5 ᠳ᠋ᠤᠭᠠᠷ ᠰᠠᠷ᠎ᠠ ᠶᠢᠨ 21 ᠤ ᠡᠳᠦᠷ                                                                       ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶                  ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ                  ᠳᠦᠬᠦᠮ ᠦᠵᠡᠬᠦᠯᠬᠦ ᠬᠠᠯᠠᠮᠰᠢᠯ ᠤᠳᠠᠰᠦ ᠶᠢ  ᠰᠢᠯᠢᠳᠡᠭᠵᠢᠬᠦᠯᠬᠦ ᠠᠵᠢᠯ ᠤᠨ ᠲᠦᠷᠭᠡᠳᠬᠡᠨ ᠠᠬᠢᠭᠤᠯᠬᠤ ᠲᠦᠰᠦᠯ          ︽ᠤᠷᠤᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠬᠦᠯᠬᠦ ᠬᠠᠯᠠᠮᠰᠢᠯ ᠤᠲᠠᠰᠦ ᠶᠢ ᠤᠯᠠᠮ ᠨᠢᠭᠡ ᠠᠯᠬᠤᠮ ᠰᠢᠯᠢᠳᠡᠭᠵᠢᠬᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠦᠷᠥ ᠠᠯᠪᠠᠨ ᠲᠠᠷᠬᠠᠭᠠᠭᠰᠠᠨ ﹇2020﹈ 53 ᠳ᠋ᠤᠭᠠᠷ ᠲᠤᠭᠠᠲᠦ︶ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠮᠠᠨ ᠤ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠬᠦᠯᠬᠦ ᠬᠠᠯᠠᠮᠰᠢᠯ ᠤᠲᠠᠰᠦ ᠶᠢ ᠨᠢᠭᠡᠳᠬᠡᠨ ᠰᠢᠯᠢᠳᠡᠭᠵᠢᠬᠦᠯᠬᠦ ᠠᠵᠢᠯ ᠢ ᠲᠦᠷᠭᠡᠳᠭᠡᠨ ᠠᠬᠢᠭᠤᠯᠵᠦ᠂ ᠨᠢᠬᠡ ᠨᠤᠮᠧᠷ ᠢᠶᠠᠷ ᠠᠵᠦ ᠠᠬᠤᠶᠢᠯᠠᠯ ᠪᠠ ᠣᠯᠠᠨ ᠲᠦᠮᠡᠨ ᠳᠤ ᠦᠢᠯᠡᠴᠢᠯᠡᠬᠦ ᠪᠠᠷ ᠬᠠᠷᠠᠯᠲᠠ ᠪᠤᠯᠭᠠᠨ᠂ ᠵᠠᠰᠠᠭ ᠤᠨ ᠤᠷᠳᠤᠨ ᠬᠢᠬᠡᠳ ᠠᠵᠦ ᠠᠬᠤᠶᠢᠯᠠᠯ ᠪᠠ ᠤᠯᠠᠨ ᠲᠦᠮᠡᠨ ᠯᠦᠭᠡ ᠬᠠᠷᠢᠯᠴᠠᠬᠤ ᠠᠷᠭ᠎ᠠ ᠵᠠᠮ ᠢ ᠤᠯᠠᠮ ᠨᠢᠬᠡ ᠠᠯᠬᠤᠮ ᠰᠢᠯᠤᠭᠤᠳᠬᠠᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠬᠦ ᠶᠢᠨ ᠲᠤᠰᠠᠲᠠ᠂ ᠦᠪᠡᠷᠲᠡᠭᠡᠨ ᠵᠠᠰᠠᠬᠤ ᠤᠷᠤᠨ ᠤ ᠪᠤᠳᠠᠳᠠᠢ ᠪᠠᠶᠢᠳᠠᠯ ᠲᠠᠢ ᠤᠶᠠᠯᠳᠤᠭᠤᠯᠤᠨ᠂ ᠲᠤᠰ ᠲᠦᠰᠦᠯ ᠢ ᠲᠤᠭᠲᠠᠭᠠᠪᠠ᠃      ᠨᠢᠬᠡ᠂ ᠠᠵᠢᠯ ᠤᠨ ᠬᠠᠷᠠᠯᠲᠠ      2021 ᠣᠨ ᠤ ᠰᠡᠭᠦᠯᠴᠢ ᠠᠴᠠ ᠡᠮᠦᠨ᠎ᠡ᠂ ᠪᠠᠴᠢᠮ ᠬᠠᠯᠠᠮᠰᠢᠯ ᠤᠲᠠᠰᠤ ᠪᠣᠯᠬᠤ 110᠂ 119᠂ 120᠂ 122 ᠵᠡᠷᠭᠡ ᠠᠴᠠ ᠪᠤᠰᠤᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠨᠡᠶᠢᠯᠡᠭᠦᠯᠦᠨ ᠨᠢᠭᠡᠳᠬᠡᠵᠦ ᠰᠢᠯᠢᠳᠡᠭᠵᠢᠬᠦᠯᠬᠦ ᠠᠵᠢᠯ ᠢ ᠪᠡᠶᠡᠯᠡᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠲᠤᠬᠢᠷᠠᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ  ᠠᠴᠠ ᠮᠠᠨ ᠤ ᠣᠷᠣᠨ ᠳᠤ ᠲᠤᠬᠢᠷᠠᠭᠤᠯᠤᠭᠰᠠᠨ ᠪᠥᠭᠡᠳ ᠭᠥᠯᠢᠶᠡᠨ ᠰᠤᠨᠤᠰᠴᠦ ᠪᠠᠶᠢᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠨᠢᠭᠡ ᠨᠣᠮᠧᠷ ᠢᠶᠠᠷ ᠦᠢᠯᠡᠴᠢᠯᠡᠬᠦ ᠶᠢ ᠪᠡᠶᠡᠯᠡᠬᠦᠯᠦᠨ᠎ᠡ᠂ ᠨᠡᠶᠢᠯᠡᠬᠦᠯᠵᠦ ᠨᠢᠭᠡᠳᠬᠡᠭᠰᠡᠨ ᠤ ᠳᠠᠷᠠᠭᠠᠬᠢ ᠬᠠᠯᠠᠮᠰᠢᠯ ᠤᠲᠠᠰᠤ ᠶᠢ ᠨᠢᠭᠡᠳᠬᠡᠵᠦ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345︾ ︵ᠳᠣᠷᠣᠭᠰᠢ ᠬᠠᠯᠠᠮᠰᠢᠯ ᠤᠲᠠᠰᠤ 12345 ᠭᠡᠵᠦ ᠲᠣᠪᠴᠢᠯᠠᠨ᠎ᠠ︶ ᠪᠤᠯᠭᠠᠵᠦ᠂ ᠠᠪᠢᠶ᠎ᠠ ᠪᠠᠷ ᠤᠲᠠᠰᠤᠳᠠᠬᠤ ᠨᠤᠮᠧᠷ ᠨᠢ ︽12345︾ ᠪᠠᠶᠢᠵᠤ᠂ ︽7 × 24 ᠴᠠᠭ︾ ᠪᠦᠬᠦᠯᠢ ᠡᠳᠦᠷ ᠢᠶᠠᠷ ᠬᠥᠮᠦᠨ ᠤ ᠬᠦᠴᠦᠨ ᠤ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ ᠂ ᠬᠠᠯᠠᠮᠰᠢᠯ ᠤᠲᠠᠰᠤᠨ ᠤ ᠠᠵᠢᠯᠯᠠᠭᠠᠨ ᠤ ᠠᠵᠢᠯ ᠤᠨ ᠲᠣᠭᠲᠠᠴᠠ᠂ ᠠᠵᠢᠯ ᠤᠨ ᠴᠤᠪᠤᠷᠠᠯ ᠪᠠ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠭᠰᠠᠨ ᠠᠰᠠᠭᠤᠳᠠᠯ᠂ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤ ᠨᠢ ᠰᠢᠢᠳᠪᠦᠷᠢᠯᠡᠬᠦ ᠪᠠ ᠬᠦᠢᠴᠡᠳᠭᠡᠬᠦ ᠶᠢ ᠦᠨᠡᠨ ᠬᠦ ᠪᠠᠲᠤᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠨᠠᠩ ᠲᠦᠷᠭᠡᠨ ᠵᠠᠯᠭᠠᠵᠤ᠂ ᠨᠠᠩ ᠣᠨᠣᠪᠴᠢᠲᠠᠶ ᠬᠤᠪᠢᠶᠠᠨ᠂ ᠨᠠᠩ ᠪᠣᠳᠠᠲᠠᠶ ᠡᠷᠭᠢᠯᠡᠵᠦ᠂ ᠳᠥᠭᠦᠮ ᠳᠥᠲᠡ᠂ ᠥᠨᠳᠥᠷ ᠪᠦᠲᠦᠮᠵᠢᠲᠡᠶ᠂ ᠵᠢᠷᠤᠮᠵᠢᠯ ᠲᠠᠢ᠂ ᠤᠶᠤᠨᠯᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠶ ᠦᠢᠯᠡᠴᠢᠯᠡᠭᠡ︾ ᠶᠢ ᠪᠣᠶ ᠪᠣᠯᠭᠠᠨ᠎ᠠ᠃      ᠬᠤᠶᠠᠷ᠂ ᠬᠠᠯᠠᠮᠰᠢᠯ ᠤᠲᠠᠰᠤᠨ ᠤ ᠨᠡᠶᠢᠯᠡᠭᠦᠯᠦᠨ ᠨᠢᠭᠡᠳᠬᠡᠬᠦ ᠠᠵᠢᠯ ᠢ ᠲᠦᠷᠭᠡᠳᠬᠡᠨ ᠠᠬᠢᠭᠤᠯᠤᠨ᠎ᠠᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠵᠠᠷᠴᠢᠮ ᠳᠡᠭᠡᠷ᠎ᠡ ᠪᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠳᠠᠭᠢᠵᠤ ᠰᠢᠨ᠎ᠡ ᠪᠠᠷ ᠲᠤᠬᠢᠷᠠᠭᠤᠯᠬᠤ ᠥᠬᠡᠶ᠂ ᠬᠠᠯᠠᠮᠰᠢᠯ ᠤᠲᠠᠰᠤᠨ ᠤ ᠨᠣᠮᠧᠷ ᠢ ᠨᠢᠭᠡᠨᠲᠡ ᠬᠦᠴᠦᠨ ᠥᠬᠡᠶ ᠪᠣᠯᠭᠠᠭᠰᠠᠨ ᠪᠤᠯ ᠳᠠᠭᠢᠵᠤ ᠰᠡᠷᠭᠦᠭᠡᠬᠦ ᠦᠭᠡᠢ᠃      ︵ᠨᠢᠭᠡ︶ ᠨᠡᠶᠢᠯᠡᠭᠦᠯᠦᠨ ᠨᠢᠭᠡᠳᠬᠡᠬᠦ ᠠᠷᠭ᠎ᠠ      1᠂ ᠪᠦᠬᠦᠯᠢ ᠴᠣᠭᠴᠠ ᠪᠠᠷ ᠨᠢ ᠨᠡᠶᠢᠯᠡᠬᠦᠯᠵᠦ ᠨᠢᠭᠡᠳᠬᠡᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠦᠪᠡᠰᠦᠪᠡᠨ ᠲᠤᠬᠢᠷᠠᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠦᠨ ᠤ ᠨᠣᠮᠧᠷ ᠢ ᠪᠦᠬᠦᠨ ᠢ ᠬᠦᠴᠦᠨ ᠥᠬᠡᠶ ᠪᠣᠯᠭᠠᠵᠤ᠂ ᠪᠦᠬᠦᠯᠢ ᠴᠤᠭᠴᠠ ᠪᠠᠷ ᠨᠢ ᠬᠠᠯᠠᠮᠰᠢᠯ ᠣᠳᠠᠰᠣ 12345 ᠳᠤ ᠨᠡᠶᠢᠯᠡᠭᠦᠯᠦᠨ ᠨᠢᠭᠡᠳᠬᠡᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠲᠤᠬᠢᠷᠠᠭᠤᠯᠤᠭᠰᠠᠨ ᠪᠥᠭᠡᠳ ᠮᠠᠨ ᠤ ᠣᠷᠣᠨ ᠳᠤ ᠭᠥᠯᠢᠶᠡᠨ ᠠᠪᠴᠦ ᠰᠤᠨᠤᠰᠴᠦ ᠪᠠᠶᠢᠭ᠎ᠠ᠂ ᠠᠵᠤ ᠠᠬᠤᠶᠢᠯᠠᠯ ᠪᠠ ᠣᠯᠠᠨ ᠲᠦᠮᠡᠨ ᠤ ᠤᠲᠠᠰᠤᠳᠠᠭᠰᠠᠨ ᠳᠠᠪᠲᠠᠮᠵᠢ ᠨᠢ ᠨᠡᠯᠢᠶᠡᠳ ᠳᠣᠤᠷ᠎ᠠ ᠪᠠᠶᠢᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ 14 ᠬᠠᠯᠠᠮᠰᠢᠯ ᠤᠲᠠᠰᠤᠨ ᠤ ᠨᠣᠮᠧᠷ ᠢ ᠬᠦᠴᠦᠨ ᠥᠬᠡᠶ ᠪᠣᠯᠭᠠᠵᠤ᠂ ᠤᠲᠠᠰᠦ ᠵᠠᠯᠭᠠᠬᠤ ᠪᠠᠶᠢᠷᠢ ᠶᠢ ᠬᠠᠯᠠᠮᠰᠢᠯ ᠤᠳᠠᠰᠣ 12345  ᠳᠤ ᠨᠢᠭᠡᠳᠦᠯᠲᠡᠶ ᠨᠡᠶᠢᠯᠡᠬᠦᠯᠦᠨ ᠨᠢᠭᠡᠳᠬᠡᠨ᠎ᠡ᠃      2᠂ ᠬᠤᠣᠰ ᠨᠣᠮᠧᠷ ᠢ ᠵᠡᠷᠭᠡ ᠳᠤ ᠨᠢ ᠨᠡᠪᠲᠡᠷᠡᠬᠦᠯᠵᠦ ᠠᠵᠢᠯᠯᠠᠭᠤᠯᠤᠨ᠎ᠠ᠃ ᠦᠢᠯᠡᠴᠢᠯᠡᠬᠦ ᠬᠡᠮᠵᠢᠶ᠎ᠡ ᠨᠢ ᠶᠡᠭᠡ᠂ ᠨᠡᠶᠢᠭᠡᠮ ᠤᠨ ᠮᠡᠳᠡᠷᠡᠬᠦ ᠬᠡᠮᠵᠢᠶ᠎ᠡ ᠨᠢ ᠦᠷᠭᠡᠨ ᠲᠥᠷᠥ ᠶᠢᠨ ᠶᠠᠪᠤᠳᠠᠯ ᠤᠨ ᠬᠤᠷᠢᠶᠡᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠲᠤᠬᠢᠷᠠᠭᠤᠯᠤᠭᠰᠠᠨ ᠪᠥᠭᠡᠳ ᠮᠠᠨ ᠤ ᠣᠷᠣᠨ ᠳᠤ ᠭᠥᠯᠢᠶᠡᠨ ᠠᠪᠴᠦ ᠰᠤᠨᠤᠰᠴᠦ ᠪᠠᠶᠢᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ 14 ᠬᠠᠯᠠᠮᠰᠢᠯ ᠤᠲᠠᠰᠤᠨ ᠤ ᠨᠣᠮᠧᠷ ᠢ ᠦᠯᠡᠳᠡᠭᠡᠵᠦ ᠠᠵᠢᠯᠯᠠᠭᠤᠯᠤᠨ᠎ᠠ᠂ ᠤᠲᠠᠰᠦ ᠵᠠᠯᠭᠠᠬᠤ ᠪᠠᠶᠢᠷᠢ ᠶᠢ ᠬᠠᠯᠠᠮᠰᠢᠯ ᠤᠲᠠᠰᠤ 12345 ᠲᠠᠢ ᠨᠡᠶᠢᠯᠡᠭᠦᠯᠦᠨ ᠨᠢᠭᠡᠳᠬᠡᠵᠦ ᠨᠢᠭᠡᠳᠦᠯᠲᠡᠶ ᠬᠠᠮᠢᠶᠠᠷᠤᠨ᠎ᠠ᠃ ᠨᠡᠶᠢᠯᠡᠭᠦᠯᠦᠨ ᠨᠢᠭᠡᠳᠬᠡᠬᠦ ᠨᠥᠬᠦᠴᠡᠯ ᠪᠦᠷᠢᠯᠳᠦᠭᠦᠯᠦᠭᠰᠡᠨ ᠥᠬᠡᠶ ᠬᠠᠯᠠᠮᠰᠢᠯ ᠤᠲᠠᠰᠤᠨ ᠳᠤ ᠤᠲᠠᠰᠦ ᠵᠠᠯᠭᠠᠬᠤ ᠪᠠᠶᠢᠷᠢ ᠶᠢ ᠨᠢ ᠦᠯᠡᠳᠡᠭᠡᠵᠦ ᠠᠵᠢᠯᠯᠠᠭᠤᠯᠤᠨ᠂ ᠬᠠᠯᠠᠮᠰᠢᠯ ᠤᠳᠠᠰᠣ 12345  ᠳᠤ ᠳᠠᠮᠵᠢᠭᠤᠯᠤᠨ ᠵᠠᠯᠭᠠᠬᠤ ᠲᠣᠭᠲᠠᠴᠠ ᠶᠢ ᠪᠠᠶᠢᠭᠤᠯᠵᠤ᠂ ᠬᠠᠯᠠᠮᠰᠢᠯ ᠣᠳᠠᠰᠣ 12345  ᠶᠢᠨ ᠪᠠᠷᠢᠮᠵᠢᠶ᠎ᠠ ᠪᠠᠷ ᠨᠢᠭᠡᠳᠦᠯᠲᠡᠶ ᠦᠢᠯᠡᠴᠢᠯᠡᠭᠡ ᠬᠠᠩᠭᠠᠨ᠎ᠠ᠃      3᠂ ᠬᠤᠪᠢᠶᠠᠷᠢ ᠲᠥᠪ ᠪᠠᠶᠢᠭᠤᠯᠤᠨ᠎ᠠ᠃ ᠡᠭᠴᠡ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠲᠤᠬᠢᠷᠠᠭᠤᠯᠤᠭᠰᠠᠨ 5 ᠬᠠᠯᠠᠮᠰᠢᠯ ᠤᠲᠠᠰᠤ ᠶᠢ ᠬᠤᠪᠢᠶᠠᠷᠢ ᠲᠥᠪ ᠤᠨ ᠬᠡᠯᠪᠡᠷᠢ ᠪᠠᠷ ᠪᠠᠶᠢᠭ᠎ᠠ ᠭᠠᠵᠠᠷ ᠤᠨ ᠬᠠᠯᠠᠮᠰᠢᠯ ᠤᠲᠠᠰᠤ 12345 ᠲᠠᠢ ᠨᠡᠶᠢᠯᠡᠭᠦᠯᠦᠨ ᠨᠢᠭᠡᠳᠬᠡᠵᠦ᠂ ᠨᠣᠮᠧᠷ ᠪᠠ ᠤᠲᠠᠰᠦ ᠵᠠᠯᠭᠠᠬᠤ ᠪᠠᠶᠢᠷᠢ ᠶᠢ ᠨᠢ ᠦᠯᠡᠳᠡᠭᠡᠵᠦ ᠠᠵᠢᠯᠯᠠᠭᠤᠯᠤᠨ᠂ ᠬᠠᠯᠠᠮᠰᠢᠯ ᠤᠲᠠᠰᠤ 12345 ᠯᠤᠭ᠎ᠠ ᠳᠠᠮᠵᠢᠭᠤᠯᠤᠨ ᠵᠠᠯᠭᠠᠬᠤ ᠲᠣᠭᠲᠠᠴᠠ ᠶᠢ ᠪᠠᠶᠢᠭᠤᠯᠵᠦ᠂ ︽7 × 24 ᠴᠠᠭ︾ ᠪᠦᠬᠦᠯᠢ ᠡᠳᠦᠷ ᠢᠶᠠᠷ ᠬᠥᠮᠦᠨ ᠤ ᠬᠦᠴᠦᠨ ᠤ ᠦᠢᠯᠡᠴᠢᠯᠡᠭᠡ ᠶᠢ ᠬᠠᠩᠭᠠᠨ᠎ᠠ᠃ ᠬᠠᠯᠠᠮᠰᠢᠯ ᠤᠲᠠᠰᠤ 12345 ᠨᠢ ᠮᠡᠳᠡᠯᠭᠡ ᠶᠢᠨ ᠰᠠᠩ ᠤᠨ ᠶᠣᠰᠣᠭᠠᠷ ᠡᠩ ᠤᠨ ᠴᠢᠨᠠᠷᠲᠠᠶ ᠠᠰᠠᠭᠤᠨ ᠯᠠᠪᠯᠠᠯᠭ᠎ᠠ ᠳᠤ ᠬᠠᠷᠢᠭᠤᠯᠲᠠ ᠥᠭᠴᠦ ᠪᠣᠯᠤᠨ᠎ᠠ᠂ ᠬᠠᠷᠢᠴᠠᠩᠭᠤᠶ ᠲᠤᠰᠬᠠᠶ ᠮᠡᠷᠭᠡᠵᠢᠯ ᠤᠨ ᠠᠰᠠᠭᠤᠳᠠᠯ ᠵᠢᠴᠢ ᠰᠠᠯᠠᠭ᠎ᠠ ᠮᠥᠴᠢᠷ ᠤᠨ ᠰᠢᠢᠳᠪᠦᠷᠢᠯᠡᠬᠦ ᠴᠢᠬᠤᠯᠠᠲᠠᠶ ᠵᠦᠢᠯᠡᠰ ᠢ ᠰᠢᠯᠵᠢᠭᠦᠯᠵᠦ ᠵᠠᠯᠭᠠᠬᠤ᠂ ᠠᠵᠢᠯ ᠳᠠᠭᠠᠯᠭᠠᠬᠤ ᠬᠠᠭᠤᠳᠠᠰᠦ ᠦᠭᠬᠦ ᠵᠡᠷᠭᠡ ᠠᠷᠭ᠎ᠠ ᠮᠠᠶ᠋ᠢᠭ ᠢᠶᠠᠷ ᠬᠤᠪᠢᠶᠠᠷᠢ ᠲᠥᠪ ᠲᠤ ᠰᠢᠯᠵᠢᠭᠦᠯᠦᠨ ᠰᠢᠢᠳᠪᠦᠷᠢᠯᠡᠭᠦᠯᠦᠨ᠎ᠡ᠃      ︵ᠬᠤᠶᠠᠷ︶ ᠨᠡᠶᠢᠯᠡᠭᠦᠯᠦᠨ ᠨᠢᠭᠡᠳᠬᠡᠬᠦ ᠱᠠᠭᠠᠷᠳᠠᠯᠭ᠎ᠠ      1᠂ ᠬᠠᠯᠠᠮᠰᠢᠯ ᠤᠲᠠᠰᠤᠨ ᠤ ᠨᠡᠷᠡᠶᠢᠳᠦᠯ ᠢ ᠨᠢᠭᠡᠳᠬᠡᠨ᠎ᠡ᠃ ᠡᠯ᠎ᠡ ᠭᠠᠵᠠᠷ ᠣᠷᠣᠨ ᠤᠤᠯ ᠤᠨ ︽ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ 12345︾ ︽ᠵᠠᠰᠠᠭ ᠤᠨ ᠣᠷᠳᠣᠨ ᠤ ᠬᠠᠯᠠᠮᠰᠢᠯ ᠤᠲᠠᠰᠤ 12345︾ ︽ᠬᠤᠲᠠ ᠶᠢᠨ ᠳᠠᠷᠤᠭ᠎ᠠ ᠶᠢᠨ ᠬᠠᠯᠠᠮᠰᠢᠯ ᠤᠲᠠᠰᠤ 12345︾ ᠵᠡᠷᠭᠡ ᠨᠡᠷ᠎ᠡ ᠶᠢ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345︾ ᠭᠡᠮᠡᠨ ᠨᠢᠭᠡᠳᠦᠯᠲᠡᠶ ᠬᠠᠯᠠᠵᠤ᠂ ︽7 × 24 ᠴᠠᠭ︾ ᠪᠦᠬᠦᠯᠢ ᠡᠳᠦᠷ ᠢᠶᠠᠷ ᠬᠥᠮᠦᠨ ᠤ ᠬᠦᠴᠦᠨ ᠤ ᠦᠢᠯᠡᠴᠢᠯᠡᠭᠡ ᠬᠠᠩᠭᠠᠨ᠎ᠠ᠃      2᠂ ᠬᠠᠯᠠᠮᠰᠢᠯ ᠤᠲᠠᠰᠤᠨ ᠤ ᠭᠥᠯᠢᠶᠡᠨ ᠠᠪᠴᠤ ᠬᠦᠢᠴᠡᠳᠭᠡᠬᠦ ᠬᠡᠪᠴᠢᠶ᠎ᠡ ᠶᠢ ᠳᠤᠳᠤᠷᠬᠠᠢ ᠲᠤᠭᠲᠠᠭᠠᠨ᠎ᠠ᠃ ᠬᠠᠯᠠᠮᠰᠢᠯ ᠤᠲᠠᠰᠤ 12345 ᠨᠢ ᠭᠤᠣᠯᠳᠠᠭᠤ ᠠᠵᠤ ᠠᠬᠤᠶᠢᠯᠠᠯ ᠪᠠ ᠤᠯᠠᠨ ᠲᠦᠮᠡᠨ ᠤ ᠪᠠᠴᠢᠮ ᠬᠠᠯᠠᠮᠰᠢᠯ ᠤᠲᠠᠰᠤ ᠪᠣᠯᠬᠤ 110᠂ 119᠂ 120᠂ 122 ᠵᠡᠷᠭᠡ ᠠᠴᠠ ᠪᠤᠰᠤᠳ ᠬᠦᠢᠴᠡᠳᠬᠡᠯᠬᠡᠬᠦ ᠬᠦᠰᠡᠯ ᠱᠠᠭᠠᠷᠳᠠᠯᠭ᠎ᠠ ᠶᠢ ᠬᠦᠯᠢᠶᠠᠨ ᠠᠪᠴᠤ ᠰᠢᠢᠳᠪᠦᠷᠢᠯᠡᠨ᠎ᠡ᠂ ᠡᠭᠦᠨ ᠳᠤ ᠠᠵᠤ ᠠᠬᠤᠢ ᠶᠢᠨ ᠲᠤᠬᠢᠷᠠᠭᠤᠯᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠤᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠠᠰᠠᠭᠤᠨ ᠯᠠᠪᠯᠠᠬᠤ᠂ ᠲᠤᠰᠠᠯᠠᠮᠵᠢ ᠭᠤᠶᠤᠴᠢᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠪᠠ ᠰᠠᠨᠠᠯ ᠰᠠᠨᠠᠭᠤᠯᠭ᠎ᠠ ᠳᠤᠷᠠᠳᠬᠤ ᠵᠡᠷᠭᠡ ᠪᠠᠭᠲᠠᠨ᠎ᠠ᠃ ᠡᠷᠬᠡᠪᠰᠢ ᠵᠠᠭᠠᠯᠳᠤᠬᠤ᠂ ᠬᠥᠨᠳᠡᠯᠡᠨ ᠠᠴᠠ ᠲᠠᠰᠤᠯᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠳᠡᠰ ᠳᠠᠷᠠᠭᠠᠯᠠᠯ ᠢᠶᠠᠷ ᠳᠠᠮᠵᠢᠭᠤᠯᠤᠨ ᠰᠢᠢᠳᠪᠦᠷᠢᠯᠡᠬᠦ ᠴᠢᠬᠤᠯᠠᠲᠠᠶ ᠵᠦᠢᠯᠡᠰ ᠪᠠ ᠨᠢᠭᠡᠨᠲᠡ ᠵᠠᠬᠢᠳᠠᠯ ᠰᠤᠷᠪᠤᠯᠵᠢᠯᠠᠯ ᠤᠨ ᠠᠷᠭ᠎ᠠ ᠵᠠᠮ ᠢᠶᠠᠷ ᠰᠢᠢᠳᠪᠦᠷᠢᠯᠡᠬᠦ ᠳᠤ ᠤᠷᠤᠭᠰᠠᠨ ᠵᠦᠢᠯᠡᠰ ᠵᠢᠴᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠪᠠ ᠨᠡᠶᠢᠭᠡᠮ ᠨᠡᠶᠢᠲᠡ ᠶᠢᠨ ᠡᠮᠬᠢ ᠵᠢᠷᠤᠮ ᠬᠡᠪ ᠵᠠᠩᠰᠢᠯ ᠠᠴᠠ ᠵᠥᠷᠢᠴᠡᠭᠰᠡᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠦᠭᠡᠶ᠃      ᠪᠠᠴᠢᠮ ᠲᠤᠰᠠᠯᠠᠮᠵᠢ ᠭᠤᠶᠤᠴᠢᠯᠠᠬᠤ ᠲᠦᠷᠦᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠬᠠᠯᠠᠮᠰᠢᠯ ᠤᠲᠠᠰᠤ  ᠪᠣᠯᠬᠤ 110᠂ 119᠂ 120᠂ 122 ᠵᠡᠷᠭᠡ ᠶᠢ ᠬᠠᠯᠠᠮᠰᠢᠯ ᠣᠳᠠᠰᠣ 12345  ᠶᠢᠨ ᠤᠲᠠᠰᠦ ᠵᠠᠯᠭᠠᠯᠲᠠ ᠪᠠᠷ ᠳᠠᠮᠵᠢᠭᠤᠯᠤᠨ ᠵᠠᠯᠭᠠᠵᠦ ᠬᠠᠮᠳᠤᠷᠠᠨ ᠬᠦᠳᠡᠯᠦᠯᠴᠡᠬᠦ ᠪᠤᠶᠤ ᠭᠤᠶᠤᠴᠢᠯᠠᠯ ᠭᠠᠷᠭᠠᠭᠰᠠᠨ ᠲᠠᠯ᠎ᠠ ᠶᠢ ᠬᠥᠲᠥᠯᠥᠨ ᠵᠢᠯᠣᠭᠤᠳᠴᠤ ᠪᠠᠶᠢᠭᠠᠳ ᠬᠠᠮᠢᠶ᠎ᠠ ᠪᠦᠬᠦᠢ ᠬᠠᠯᠠᠮᠰᠢᠯ ᠤᠲᠠᠰᠤᠨ ᠳᠤ ᠵᠠᠯᠭᠠᠭᠤᠯᠤᠨ᠎ᠠ᠃ ᠪᠠᠴᠢᠮ ᠲᠤᠰᠠᠯᠠᠮᠵᠢ ᠭᠤᠶᠤᠴᠢᠯᠠᠬᠤ ᠲᠥᠷᠥᠯ ᠤᠨ ᠬᠠᠯᠠᠮᠰᠢᠯ ᠤᠲᠠᠰᠤ ᠪᠠᠷ ᠭᠥᠯᠢᠶᠡᠨ ᠠᠪᠤᠭᠰᠠᠨ ᠪᠠᠴᠢᠮ ᠪᠤᠰᠤ ᠲᠥᠷᠥᠯ ᠤᠨ ᠬᠦᠰᠡᠯ ᠱᠠᠭᠠᠷᠳᠠᠯᠭ᠎ᠠ ᠶᠢ ᠬᠠᠯᠠᠮᠰᠢᠯ ᠣᠳᠠᠰᠣ 12345  ᠳᠤ ᠰᠢᠯᠵᠢᠭᠦᠯᠦᠨ ᠰᠢᠢᠳᠪᠦᠷᠢᠯᠡᠭᠦᠯᠦᠨ᠎ᠡ᠃      ᠤᠰᠤ᠂ ᠴᠠᠬᠢᠯᠭᠠᠨ᠂ ᠬᠡᠶ᠂ ᠳᠤᠯᠠᠭᠠᠯᠠᠭ᠎ᠠ᠂ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠣᠯᠠᠨ ᠨᠡᠶᠢᠲᠡ ᠶᠢᠨ ᠦᠢᠯᠡᠴᠢᠯᠡᠭᠡ ᠳᠤ ᠬᠤᠯᠪᠤᠭᠳᠠᠬᠤ ᠠᠵᠤ ᠠᠬᠤᠶᠢᠯᠠᠯ ᠤᠨ ᠬᠠᠯᠠᠮᠰᠢᠯ ᠤᠲᠠᠰᠤ ᠶᠢ ᠬᠠᠯᠠᠮᠰᠢᠯ ᠤᠲᠠᠰᠤ 12345 ᠶᠢᠨ ᠠᠵᠢᠯ ᠤᠨ ᠬᠠᠭᠤᠳᠠᠰᠤ ᠶᠢᠨ ᠬᠡᠯᠪᠡᠷᠢ ᠪᠤᠶᠤ ᠳᠠᠮᠵᠢᠭᠤᠯᠤᠨ ᠵᠠᠯᠭᠠᠬᠤ ᠠᠷᠭ᠎ᠠ ᠮᠠᠶ᠋ᠢᠭ ᠢᠶᠠᠷ ᠲᠤᠭ᠎ᠠ ᠪᠠᠷᠢᠮᠲᠠ ᠵᠢᠴᠢ ᠤᠲᠠᠰᠦ ᠳᠠᠮᠵᠢᠭᠤᠯᠬᠤ ᠵᠠᠯᠭᠠᠯᠲᠠ ᠶᠢ ᠪᠡᠶᠡᠯᠡᠭᠦᠯᠦᠨ᠎ᠡ᠃ ᠠᠵᠢᠯ ᠤᠨ ᠬᠠᠭᠤᠳᠠᠰᠤ ᠪᠠᠷ ᠬᠦᠢᠴᠡᠳᠭᠡᠭᠡᠰᠡᠨ ᠪᠠᠶᠢᠳᠠᠯ ᠢᠶᠠᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ᠂ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠦᠨᠳᠦᠰᠦᠯᠡᠯ ᠪᠣᠯᠭᠠᠨ᠎ᠠ᠃      3᠂ ᠬᠠᠯᠠᠮᠰᠢᠯ ᠤᠲᠠᠰᠤᠨ ᠤ ᠨᠡᠶᠢᠯᠡᠭᠦᠯᠦᠨ ᠨᠢᠭᠡᠳᠭᠡᠬᠦ ᠠᠵᠢᠯ ᠢ ᠲᠤᠭᠲᠠᠭᠤᠨ ᠢᠶᠠᠷ ᠰᠢᠯᠵᠢᠬᠦᠯᠬᠦ ᠶᠢ ᠦᠨᠡᠨ ᠬᠦ ᠪᠠᠲᠤᠯᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯᠲᠠᠨ ᠤ ᠪᠠᠶᠢᠷᠢ᠂ ᠪᠡᠯᠡᠳᠬᠡᠮᠵᠢ ᠲᠥᠬᠦᠭᠡᠷᠦᠮᠵᠢ᠂ ᠠᠵᠢᠯ ᠤᠨ ᠴᠤᠪᠤᠷᠠᠯ᠂ ᠲᠤᠬᠠᠶᠢᠯᠠᠭᠰᠠᠨ ᠠᠵᠢᠯ ᠤᠨ ᠬᠦᠢᠴᠡᠳᠭᠡᠯ ᠲᠤᠭ᠎ᠠ᠂ ᠮᠡᠳᠡᠯᠭᠡ ᠶᠢᠨ ᠰᠠᠩ᠂ ᠦᠢᠯᠡᠴᠢᠯᠡᠭᠡᠨ ᠤ ᠴᠢᠳᠠᠪᠤᠷᠢ ᠵᠡᠷᠭᠡ ᠪᠠᠶᠢᠳᠠᠯ ᠢ ᠨᠢᠭᠡᠳᠦᠯᠲᠡᠶ ᠲᠦᠯᠦᠪᠯᠡᠨ᠂ ᠪᠣᠳᠠᠲᠠᠶ ᠬᠡᠷᠡᠭᠵᠢᠭᠦᠯᠬᠦ ᠲᠥᠰᠦᠯ ᠢ ᠲᠥᠷᠥᠯ ᠬᠤᠪᠢᠶᠠᠨ ᠲᠣᠭᠲᠠᠭᠠᠵᠤ᠂ ᠤᠲᠠᠰᠤ ᠲᠤᠰᠬᠤ ᠠᠵᠢᠯᠲᠠᠨ ᠤ ᠠᠵᠢᠯ ᠢ ᠵᠤᠯᠭᠠᠭᠤᠯᠬᠤ ᠪᠠ ᠲᠠᠯᠠᠪᠤᠷ ᠭᠠᠵᠠᠷ᠂ ᠰᠢᠰᠲ᠋ᠧᠮ᠂ ᠵᠠᠷᠤᠳᠠᠯ ᠵᠡᠷᠭᠡ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠰᠢᠯᠵᠢᠯᠲᠡ ᠶᠢᠨ ᠬᠤᠭᠤᠴᠠᠭᠠᠨ ᠳᠠᠬᠢ ᠤᠲᠠᠰᠤ ᠨᠡᠪᠲᠡᠷᠡᠬᠦ ᠦᠶ᠎ᠡ ᠶᠢᠨ ᠠᠪᠢᠶᠠᠨ ᠰᠠᠨᠠᠭᠤᠯᠤᠮᠵᠢ ᠶᠢ ᠳᠣᠭᠢᠷᠠᠭᠤᠯᠤᠨ᠂ ᠬᠠᠯᠠᠮᠰᠢᠯ ᠣᠳᠠᠰᠣ 12345  ᠶᠢᠨ ᠲᠠᠪᠴᠠᠩ ᠢ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠯᠦᠭᠡ ᠵᠣᠯᠭᠠᠭᠤᠯᠬᠤ ᠶᠢ ᠡᠮᠬᠢ ᠵᠢᠷᠤᠮ ᠲᠠᠢ ᠰᠠᠶᠢᠲᠤᠷ ᠬᠢᠬᠦ ᠬᠡᠷᠡᠭᠳᠡᠢ᠃      ᠭᠤᠷᠪᠠ᠂ ᠭᠤᠣᠯᠳᠠᠯᠭ᠎ᠠ ᠲᠠᠢ ᠠᠵᠢᠯ      ︵ᠨᠢᠭᠡ︶ ᠥᠪᠡᠷᠲᠡᠭᠡᠨ ᠵᠠᠰᠠᠬᠤ ᠣᠷᠣᠨ ᠤ ᠬᠠᠯᠠᠮᠰᠢᠯ ᠣᠳᠠᠰᠣ 12345  ᠶᠢᠨ ᠲᠠᠪᠴᠠᠩ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠬᠠᠯᠠᠮᠰᠢᠯ ᠣᠳᠠᠰᠣ 12345  ᠶᠢᠨ ᠰᠢᠰᠲ᠋ᠧᠮ ᠪᠠ ᠲᠣᠰ ᠱᠠᠲᠤᠨ ᠤ ᠤᠲᠠᠰᠦ ᠵᠠᠯᠭᠠᠬᠤ ᠲᠠᠪᠴᠠᠩ ᠢ ᠪᠠᠶᠢᠭᠤᠯᠵᠤ᠂ ᠨᠢᠭᠡᠳᠦᠯᠲᠡᠶ ᠲᠤᠭ᠎ᠠ ᠪᠠᠷᠢᠮᠲᠠ ᠶᠢᠨ ᠵᠠᠯᠭᠠᠯᠲᠠ ᠶᠢᠨ ᠪᠠᠷᠢᠮᠵᠢᠶ᠎ᠠ ᠶᠢ ᠲᠣᠭᠲᠠᠭᠠᠨ᠎ᠠ᠃ ᠡᠯ᠎ᠡ ᠠᠶᠢᠮᠠᠭ ᠬᠤᠲᠠ ᠴᠥᠮ ᠬᠠᠯᠠᠮᠰᠢᠯ ᠣᠳᠠᠰᠣ 12345 ᠶᠢᠨ ᠲᠠᠪᠴᠠᠩ ᠢ ᠪᠠᠶᠢᠭᠤᠯᠪᠠᠯ ᠵᠤᠬᠢᠨ᠎ᠠ᠂ ᠪᠠᠶᠢᠭᠤᠯᠤᠭᠰᠠᠨ ᠦᠭᠡᠢ ᠪᠠᠶᠢᠪᠠᠯ ᠥᠪᠡᠷᠲᠡᠭᠡᠨ ᠵᠠᠰᠠᠬᠤ ᠣᠷᠣᠨ ᠤ ᠲᠠᠪᠴᠠᠩ ᠢ ᠠᠰᠢᠭᠯᠠᠵᠤ ᠪᠤᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠯᠠᠮᠰᠢᠯ ᠤᠲᠠᠰᠤᠨ ᠤ ᠲᠠᠪᠴᠠᠩ ᠨᠢ ᠨᠢᠭᠡᠳᠦᠯᠲᠡᠶ ᠳ᠋ᠡᠶᠢᠲ᠋ᠠ ᠶᠢᠨ ᠵᠠᠯᠭᠠᠯᠲᠠ ᠶᠢᠨ ᠪᠠᠷᠢᠮᠵᠢᠶ᠎ᠠ ᠪᠠᠷ ᠥᠪᠡᠷᠲᠡᠭᠡᠨ ᠵᠠᠰᠠᠬᠤ ᠣᠷᠣᠨ ᠤ ᠬᠠᠯᠠᠮᠰᠢᠯ ᠣᠳᠠᠰᠣ 12345  ᠶᠢᠨ ᠲᠠᠪᠴᠠᠩ ᠯᠤᠭ᠎ᠠ ᠳ᠋ᠡᠶᠢᠲ᠋ᠠ ᠶᠢ ᠵᠣᠯᠭᠠᠭᠤᠯᠵᠤ᠂ ᠦᠢᠯᠡᠴᠢᠯᠡᠭᠡᠨ ᠤ ᠣᠯᠠᠨ ᠡᠰᠢᠵᠢᠭᠦᠯᠦᠨ ᠵᠠᠯᠭᠠᠬᠤ᠂ ᠲᠤᠬᠠᠶ ᠶᠢᠨ ᠴᠠᠭ ᠲᠤ ᠨᠢ ᠵᠣᠯᠭᠠᠭᠤᠯᠬᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠬᠠᠮᠵᠢᠯᠴᠠᠨ ᠬᠦᠢᠴᠡᠳᠭᠡᠬᠦ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠲᠦᠷᠦᠭᠦᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠭᠦᠷᠬᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠬᠠᠯᠠᠮᠰᠢᠯ ᠤᠲᠠᠰᠤᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ ᠬᠠᠯᠠᠮᠰᠢᠯ ᠣᠳᠠᠰᠣ 12345 ᠶᠢᠨ ᠡᠩᠨᠡᠬᠡᠨ ᠤ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠤᠰ ᠲᠥᠷᠥ ᠶᠢᠨ ᠬᠡᠪ ᠴᠢᠨᠠᠷ ᠢᠶᠠᠷ ᠰᠠᠶᠢᠨ᠂ ᠦᠢᠯᠡᠴᠢᠯᠡᠬᠦ ᠤᠬᠠᠮᠰᠠᠷ ᠢᠶᠠᠷ ᠦᠨᠳᠦᠷ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠷ ᠥᠨᠳᠥᠷ᠂ ᠠᠵᠢᠯ ᠤᠨ ᠰᠤᠷᠲᠠᠯ ᠢᠶᠠᠷ ᠲᠦᠪ ᠠᠵᠢᠯᠲᠠᠨ ᠢ ᠰᠣᠩᠭᠤᠨ ᠲᠣᠮᠢᠯᠠᠵᠤ ᠬᠠᠯᠠᠮᠰᠢᠯ ᠤᠲᠠᠰᠤᠨ ᠤ ᠡᠩᠨᠡᠭᠡ ᠶᠢ ᠲᠡᠭᠦᠯᠳᠡᠷᠵᠢᠬᠦᠯᠬᠦ ᠬᠡᠷᠡᠭᠳᠡᠢ᠃ ᠡᠯ᠎ᠡ ᠰᠠᠯᠠᠭ᠎ᠠ ᠮᠥᠴᠢᠷ ᠬᠠᠯᠠᠮᠰᠢᠯ ᠤᠲᠠᠰᠤ 12345 ᠶᠢᠨ ᠠᠵᠢᠯ ᠢ ᠳᠡᠮᠵᠢᠵᠦ᠂ ᠶᠡᠷᠦᠩᠬᠡᠶᠢᠯᠡᠭᠰᠡᠨ ᠴᠢᠳᠠᠪᠤᠷᠢ ᠪᠠᠷ ᠴᠢᠩᠭ᠎ᠠ ᠬᠥᠮᠦᠰ ᠢ ᠵᠣᠬᠢᠶᠠᠨ ᠪᠠᠶᠢᠭᠤᠯᠵᠦ ᠰᠢᠯᠢᠨ ᠰᠣᠩᠭᠤᠵᠤ ᠪᠠᠶᠢᠭᠠᠳ᠂ ᠬᠠᠯᠠᠮᠰᠢᠯ ᠤᠲᠠᠰᠤᠨ ᠤ ᠬᠦᠢᠴᠡᠳᠭᠡᠬᠦ ᠠᠵᠢᠯ ᠢ ᠬᠠᠷᠢᠭᠤᠴᠠᠭᠤᠯᠵᠤ᠂ ᠬᠠᠯᠠᠮᠰᠢᠯ ᠤᠲᠠᠰᠤ 12345 ᠶᠢ ᠨᠡᠶᠢᠯᠡᠭᠦᠯᠦᠨ ᠨᠢᠭᠡᠳᠬᠡᠭᠰᠡᠨ ᠤ ᠳᠠᠷᠠᠭᠠᠬᠢ ᠠᠵᠢᠯ ᠤᠨ ᠵᠤᠯᠭᠠᠯᠲᠠ ᠪᠠ ᠲᠤᠬᠠᠶᠢᠯᠠᠭᠰᠠᠨ ᠠᠵᠢᠯ ᠤᠨ ᠦᠷᠭᠦᠯᠵᠢᠯᠡᠯ ᠢ ᠰᠠᠶᠢᠲᠤᠷ ᠬᠢᠬᠦ ᠬᠡᠷᠡᠭᠲᠡᠶ᠃ ᠨᠢᠭᠡᠳᠦᠭᠡᠷ ᠹᠷᠣᠨᠲ ᠲᠠᠬᠢ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠬᠠᠯᠠᠮᠰᠢᠯ ᠣᠳᠠᠰᠣ 12345  ᠶᠢᠨ ᠦᠢᠯᠡᠴᠢᠯᠡᠬᠦ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ︵ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠭᠦᠷᠬᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠬᠠᠯᠠᠮᠰᠢᠯ ᠤᠲᠠᠰᠤᠨ ᠤ ᠠᠵᠢᠯ ᠤᠨ ᠴᠤᠪᠤᠷᠠᠯ ᠢ ᠰᠢᠯᠢᠳᠡᠭᠵᠢᠭᠦᠯᠦᠨ᠎ᠡ᠃ ᠡᠯ᠎ᠡ ᠱᠠᠲᠤᠨ ᠤ ᠬᠠᠯᠠᠮᠰᠢᠯ ᠤᠲᠠᠰᠤ 12345 ᠬᠢᠭᠡᠳ ᠲᠣᠰ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠢ ᠲᠤᠭᠲᠠᠭᠠᠵᠤ᠂ ᠠᠵᠢᠯ ᠤᠨ ᠵᠣᠯᠭᠠᠯᠴᠠᠭ᠎ᠠ ᠪᠠ ᠵᠤᠬᠢᠴᠠᠭᠤᠯᠭ᠎ᠠ ᠬᠠᠷᠢᠯᠴᠠᠭ᠎ᠠ ᠬᠤᠯᠪᠤᠯᠴᠠᠭ᠎ᠠ ᠶᠢ ᠴᠢᠩᠭᠠᠳᠬᠠᠨ᠂ ᠬᠠᠯᠠᠮᠰᠢᠯ ᠤᠲᠠᠰᠤ 12345 ᠶᠢ ᠭᠥᠯᠢᠶᠡᠨ ᠠᠪᠬᠤ᠂ ᠠᠵᠢᠯ ᠤᠨ ᠬᠠᠭᠤᠳᠠᠰᠦ ᠦᠭᠬᠦ᠂ ᠬᠦᠢᠴᠡᠳᠬᠡᠬᠦ᠂ ᠬᠠᠷᠢᠭᠤᠯᠲᠠ ᠥᠭᠬᠦ᠂ ᠰᠢᠮᠳᠠᠭᠤᠯᠤᠨ ᠬᠦᠢᠴᠡᠳᠬᠡᠬᠦ᠂ ᠰᠢᠢᠳᠪᠦᠷᠢᠯᠡᠵᠦ ᠳᠠᠭᠤᠰᠬᠠᠬᠤ᠂ ᠬᠠᠷᠢᠭᠤ ᠰᠤᠷᠪᠤᠯᠵᠢᠯᠠᠬᠤ᠂ ᠵᠠᠳᠠᠯᠤᠯᠲᠠ ᠬᠢᠬᠦ᠂ ᠦᠨᠡᠯᠡᠬᠦ ᠵᠡᠷᠭᠡ ᠭᠤᠭᠴᠤᠭᠠᠨ ᠤ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠢᠴᠡᠳᠬᠡᠬᠦ ᠠᠵᠢᠯ ᠳᠠᠬᠢ ᠪᠢᠲᠡᠭᠦᠦ ᠡᠷᠭᠢᠯᠲᠡ ᠶᠢ ᠪᠡᠶᠡᠯᠡᠭᠦᠯᠦᠨ᠂ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠦ ᠳᠠᠷᠤᠶᠢᠬᠠᠨ ᠬᠦᠢᠴᠡᠳᠬᠡᠬᠦ ᠠᠵᠢᠯ ᠤᠨ ᠲᠣᠭᠲᠠᠴᠠ ᠶᠢ ᠪᠦᠷᠢᠨᠰᠢᠬᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠭᠦᠷᠬᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠥᠷᠪᠡ︶ ᠬᠠᠯᠠᠮᠰᠢᠯ ᠤᠲᠠᠰᠤᠨ ᠤ ᠠᠵᠢᠯ ᠤᠨ ᠥᠷᠲᠡᠭᠡ ᠶᠢ ᠪᠠᠶᠢᠭᠤᠯᠤᠨ᠎ᠠ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠨᠢᠭᠡ ᠰᠠᠯᠠᠭ᠎ᠠ ᠮᠥᠴᠢᠷ ᠢ ᠬᠠᠯᠠᠮᠰᠢᠯ ᠤᠲᠠᠰᠤ 12345 ᠶᠢᠨ ᠠᠵᠢᠯ ᠤᠨ ᠥᠷᠲᠡᠭᠡ ᠪᠠᠷ ᠲᠣᠭᠲᠠᠭᠠᠵᠤ᠂ ᠠᠶᠢᠮᠠᠭ ᠬᠤᠲᠠ ᠶᠢᠨ ᠬᠠᠯᠠᠮᠰᠢᠯ ᠤᠲᠠᠰᠤ 12345 ᠶᠢᠨ ᠠᠵᠢᠯ ᠤᠨ ᠬᠠᠭᠤᠳᠠᠰᠦ ᠶᠢ ᠳᠠᠭᠠᠭᠠᠨ ᠬᠦᠢᠴᠡᠳᠬᠡᠬᠦ ᠪᠠ ᠳᠠᠮᠵᠢᠭᠤᠯᠤᠨ ᠲᠤᠰᠢᠶᠠᠬᠤ ᠶᠢ ᠬᠠᠷᠢᠭᠤᠴᠠᠭᠤᠯᠤᠨ᠎ᠠ᠃ ᠠᠵᠢᠯ ᠤᠨ ᠥᠷᠲᠡᠭᠡ ᠨᠢ  ᠭᠠᠳᠠᠨᠠᠬᠢ ᠭᠤᠶᠤᠴᠢᠯᠠᠵᠦ ᠱᠠᠭᠠᠷᠳᠠᠬᠤ ᠤᠴᠢᠷ ᠶᠠᠪᠤᠳᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠶ᠃ ︵ᠬᠤᠰᠢᠭᠤ ᠰᠢᠶᠡᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠲᠠᠪᠤ︶ ᠮᠡᠳᠡᠯᠭᠡ ᠶᠢᠨ ᠰᠠᠩ ᠤᠨ ᠪᠠᠶᠢᠭᠤᠯᠤᠯᠲᠠ ᠪᠠ ᠬᠡᠷᠡᠭᠯᠡᠯᠲᠡ ᠶᠢ ᠴᠢᠩᠭᠠᠳᠬᠠᠨ᠎ᠠ᠃ ︽ᠡᠷᠬᠡ ᠰᠦᠷᠳᠡᠢ ᠪᠦᠭᠡᠳ ᠣᠨᠣᠪᠴᠢᠲᠠᠶ᠂ ᠪᠠᠷᠢᠮᠵᠢᠶ᠎ᠠ ᠨᠢ ᠨᠢᠭᠡᠳᠦᠯᠲᠡᠶ᠂ ᠴᠠᠭ ᠲᠤᠬᠠᠶ ᠳᠤ ᠨᠢ ᠰᠢᠨᠡᠳᠬᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ︾ ᠬᠠᠯᠠᠮᠰᠢᠯ ᠣᠳᠠᠰᠣ 12345  ᠶᠢᠨ ᠮᠡᠳᠡᠯᠭᠡ ᠶᠢᠨ ᠰᠠᠩ ᠢ ᠪᠠᠶᠢᠭᠤᠯᠤᠨ ᠬᠠᠮᠠᠭᠠᠯᠠᠵᠤ᠂ ᠤᠯᠠᠨ ᠲᠠᠯ᠎ᠠ ᠪᠠᠷ ᠬᠠᠷᠭᠤᠭᠤᠯᠤᠨ ᠬᠢᠨᠠᠬᠤ᠂ ᠲᠠᠰᠢᠶ᠎ᠠ ᠪᠤᠷᠤᠭᠤ ᠶᠢ ᠪᠠᠶᠢᠴᠠᠭᠠᠨ ᠵᠠᠯᠠᠷᠠᠭᠤᠯᠬᠤ ᠵᠡᠷᠭᠡ ᠲᠦᠷᠢᠮ ᠢ ᠲᠡᠭᠦᠯᠳᠡᠷᠵᠢᠭᠦᠯᠦᠨ᠎ᠡ᠃ ᠲᠤᠰᠬᠠᠢ ᠮᠡᠷᠭᠡᠵᠢᠯ ᠤᠨ ᠮᠡᠳᠡᠯᠭᠡ ᠶᠢᠨ ᠰᠠᠩ ᠢ ᠰᠢᠨᠡᠳᠬᠡᠬᠦ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠨᠢ ᠠᠳᠠᠯᠢ ᠱᠠᠲᠤᠨ ᠤ ᠬᠠᠯᠠᠮᠰᠢᠯ ᠤᠲᠠᠰᠤ 12345 ᠶᠢᠨ ᠲᠠᠪᠴᠠᠩ ᠳᠤ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠪᠠ ᠬᠠᠯᠠᠮᠰᠢᠯ ᠠᠰᠠᠭᠤᠳᠠᠯ ᠳᠤ ᠬᠠᠷᠢᠭᠤᠯᠲᠠ ᠥᠭᠬᠦ ᠠᠷᠭ᠎ᠠ ᠵᠠᠮ ᠢ ᠴᠠᠭ ᠲᠤᠬᠠᠶ ᠳᠤ ᠨᠢ ᠬᠠᠩᠭᠠᠨ ᠥᠭᠴᠦ᠂ ᠠᠵᠤ ᠠᠬᠤᠶᠢᠯᠠᠯ ᠪᠠ ᠣᠯᠠᠨ ᠲᠦᠮᠡᠨ ᠳᠤ ︽ᠨᠢᠬᠡ ᠨᠤᠮᠧᠷ ᠢᠶᠠᠷ ᠬᠠᠷᠢᠭᠤᠯᠬᠤ︾ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠵᠠᠰᠠᠭ ᠤᠨ ᠣᠷᠳᠣᠨ ᠤ ᠰᠦᠯᠵᠢᠶᠡᠨ ᠤ ᠮᠡᠳᠡᠯᠭᠡ ᠶᠢᠨ ᠰᠠᠩ  ᠯᠤᠭ᠎ᠠ ᠬᠠᠷᠢᠯᠴᠠᠨ ᠬᠤᠯᠪᠣᠭᠠᠯᠠᠵᠤ ᠬᠠᠮᠳᠤ ᠪᠠᠷ ᠭᠥᠷᠳᠡᠬᠦ ᠪᠠ ᠵᠡᠷᠭᠡ ᠪᠠᠷ ᠰᠢᠨᠡᠳᠬᠡᠬᠦ ᠶᠢ ᠴᠢᠩᠭᠠᠳᠬᠠᠵᠤ᠂ ᠬᠠᠯᠠᠮᠰᠢᠯ ᠣᠳᠠᠰᠣ 12345 ᠶᠢᠨ ᠮᠡᠳᠡᠯᠭᠡ ᠶᠢᠨ ᠰᠠᠩ ᠢ ᠦᠨᠳᠦᠰᠦᠨ ᠱᠠᠲᠤᠨ ᠤ ᠠᠵᠢᠯᠲᠠᠨ ᠪᠠ ᠨᠡᠶᠢᠭᠡᠮ ᠳᠤ ᠴᠢᠯᠥᠭᠡᠲᠡᠶ ᠨᠡᠭᠡᠭᠡᠬᠦ ᠶᠢ ᠠᠬᠢᠭᠤᠯᠵᠤ᠂ ᠦᠪᠡᠰᠦᠪᠡᠨ ᠪᠠᠶᠢᠴᠠᠭᠠᠵᠦ ᠯᠠᠪᠯᠠᠬᠤ ᠦᠢᠯᠡᠴᠢᠯᠡᠭᠡ ᠶᠢ ᠥᠷᠭᠡᠳᠬᠡᠨ᠎ᠡ᠃ ︵ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠬᠦᠷᠬᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠵᠢᠷᠭᠤᠭ᠎ᠠ︶ ᠬᠠᠯᠠᠮᠰᠢᠯ ᠤᠲᠠᠰᠤᠨ ᠤ ᠮᠡᠳᠡᠭᠡ ᠵᠠᠩᠭᠢ ᠶᠢ ᠬᠠᠮᠳᠤ ᠪᠠᠷ ᠭᠥᠷᠳᠡᠬᠦ ᠲᠣᠭᠲᠠᠴᠠ ᠶᠢ ᠪᠠᠶᠢᠭᠤᠯᠤᠨ᠎ᠠ᠃ ᠬᠠᠯᠠᠮᠰᠢᠯ ᠤᠲᠠᠰᠤ 12345 ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠨᠢᠭᠡᠳᠦᠯᠲᠡᠶ ᠳᠦᠷᠢᠮ ᠢ ᠪᠠᠶᠢᠭᠤᠯᠵᠤ᠂ ᠡᠯ᠎ᠡ ᠱᠠᠲᠤᠨ ᠤ ᠬᠠᠯᠠᠮᠰᠢᠯ ᠣᠳᠠᠰᠣ 12345  ᠶᠢᠨ ᠲᠠᠪᠴᠠᠩ ᠪᠠ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠯᠦᠭᠡ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠮᠡᠳᠡᠭᠡ ᠵᠠᠩᠭᠢ ᠶᠢ ᠬᠠᠮᠳᠤ ᠪᠠᠷ ᠬᠦᠷᠲᠡᠬᠦ ᠶᠢ ᠲᠦᠷᠭᠡᠳᠬᠡᠨ ᠠᠬᠢᠭᠤᠯᠵᠤ᠂ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠦᠯᠢᠶᠡᠨ ᠠᠪᠴᠦ ᠭᠦᠢᠴᠡᠳᠬᠡᠭᠰᠡᠨ ᠮᠡᠳᠡᠭᠡ ᠵᠠᠩᠭᠢ᠂ ᠠᠵᠢᠯ ᠤᠨ ᠲᠡᠮᠳᠡᠭᠯᠡᠯ᠂ ᠬᠠᠷᠢᠭᠤ ᠰᠤᠷᠪᠤᠯᠵᠢᠯᠠᠭᠰᠠᠨ ᠦᠨᠡᠯᠡᠯᠲᠡ ᠵᠡᠷᠭᠡ ᠳᠤ ᠬᠡᠷᠡᠭᠰᠡᠬᠦ ᠪᠦᠬᠦ ᠳ᠋ᠡᠶᠢᠲ᠋ᠠ ᠶᠢ ᠴᠠᠭ ᠲᠤᠬᠠᠶ ᠳᠤ ᠨᠢ ᠬᠦᠷᠭᠡᠵᠦ᠂ ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠥᠪᠡᠷᠲᠡᠭᠡᠨ ᠵᠠᠰᠠᠬᠤ ᠣᠷᠣᠨ ᠤ ︽ᠢᠨᠲ᠋ᠧᠷ ᠰᠦᠯᠵᠢᠶ᠎ᠡ +ᠬᠢᠨᠠᠯᠲᠠ ᠬᠠᠮᠢᠶᠠᠷᠤᠯᠲᠠ︾ ᠶᠢᠨ ᠰᠢᠰᠲ᠋ᠧᠮ᠂ ︽ᠮᠦᠩᠭᠡ ᠰᠤᠪᠠᠭ ᠢᠶᠠᠷ ᠬᠦᠢᠴᠡᠳᠭᠡᠬᠦ︾ ᠰᠢᠯᠵᠢᠮᠡᠯ ᠦᠵᠦᠭᠦᠷ ᠯᠦᠭᠡ ᠵᠣᠯᠭᠠᠭᠤᠯᠬᠤ ᠶᠢ ᠪᠡᠶᠡᠯᠡᠭᠦᠯᠵᠦ᠂ ᠰᠤᠳᠤᠯᠤᠨ ᠮᠠᠭᠠᠳᠯᠠᠵᠦ ᠵᠠᠳᠠᠯᠬᠤ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ᠂ ᠠᠵᠢᠯ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ᠂ ᠨᠡᠶᠢᠳᠡᠮ ᠤᠨ ᠴᠢᠨᠠᠷᠲᠠᠶ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠳ᠋ᠡᠶᠢᠲ᠋ᠠ ᠶᠢᠨ ᠲᠤᠯᠭᠠᠭᠤᠷᠢᠯᠠᠯ ᠬᠠᠩᠭᠠᠨ᠎ᠠ᠃ ︵ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠭᠦᠷᠬᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠣᠯᠤᠭ᠎ᠠ︶ ᠬᠠᠯᠠᠮᠰᠢᠯ ᠤᠲᠠᠰᠤᠨ ᠤ ᠰᠢᠮᠳᠠᠭᠤᠯᠤᠨ ᠰᠢᠢᠳᠪᠦᠷᠢᠯᠡᠬᠦᠯᠵᠦ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠪᠠᠶᠢᠭᠤᠯᠤᠨ᠎ᠠ᠃ ᠬᠠᠯᠠᠮᠰᠢᠯ ᠤᠲᠠᠰᠤ 12345 ᠶᠢ ᠠᠵᠢᠯ ᠤᠨ ᠬᠠᠷᠠᠯᠲᠠᠲᠤ ᠠᠮᠵᠢᠯᠲᠠ ᠪᠦᠲᠦᠮᠵᠢ ᠶᠢᠨ ᠬᠠᠮᠢᠶᠠᠷᠤᠯᠲᠠ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠰᠢᠯᠭᠠᠨ ᠬᠢᠨᠠᠵᠦ ᠦᠨᠡᠯᠡᠬᠦ ᠬᠦᠢᠴᠡᠳᠬᠡᠯ ᠲᠤᠭ᠎ᠠ ᠶᠢᠨ ᠲᠤᠭᠲᠠᠯᠴᠠᠭ᠎ᠠ ᠳᠤ ᠣᠷᠣᠭᠤᠯᠤᠨ᠂ ᠬᠠᠯᠠᠮᠰᠢᠯ ᠣᠳᠠᠰᠣ 12345 ᠶᠢᠨ ᠲᠠᠪᠴᠠᠩ ᠤᠨ ᠲᠠᠭᠠᠭᠠᠵᠦ ᠬᠦᠢᠴᠡᠳᠭᠡᠭᠰᠡᠨ ᠨᠣᠷᠮ᠎ᠠ᠂ ᠰᠢᠢᠳᠪᠦᠷᠢᠯᠡᠭᠰᠡᠨ ᠨᠣᠷᠮ᠎ᠠ᠂ ᠬᠠᠨᠤᠮᠵᠢᠲᠠᠢ ᠪᠠᠶᠢᠬᠤ ᠨᠣᠷᠮ᠎ᠠ ᠵᠡᠷᠭᠡ ᠦᠢᠯᠡᠴᠢᠯᠡᠭᠡᠨ ᠤ ᠴᠢᠳᠠᠪᠤᠷᠢ ᠳᠤ ᠦᠨᠡᠯᠡᠯᠲᠡ ᠬᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠯᠠᠮᠰᠢᠯ ᠤᠲᠠᠰᠤ 12345 ᠶᠢ ᠨᠡᠶᠢᠯᠡᠭᠦᠯᠦᠨ ᠨᠢᠭᠡᠳᠬᠡᠭᠰᠡᠨ ᠤ ᠳᠠᠷᠠᠭᠠᠬᠢ ᠦᠢᠯᠡᠴᠢᠯᠡᠬᠦ ᠶᠠᠰᠤ ᠴᠢᠨᠠᠷ ᠪᠠ ᠬᠦᠢᠴᠡᠳᠬᠡᠬᠦ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠠᠯᠠᠮᠰᠢᠯ ᠣᠳᠠᠰᠣ 12345  ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠰᠠᠷ᠎ᠠ ᠶᠢᠨ ᠬᠢᠨᠠᠨ ᠰᠢᠨᠵᠢᠬᠦ᠂ ᠣᠨ ᠤ ᠦᠨᠡᠯᠡᠨ ᠵᠢᠱᠢᠬᠦ ᠪᠠ ᠲᠣᠭᠲᠠᠮᠠᠯ ᠬᠤᠭᠤᠴᠠᠭ᠎ᠠ ᠲᠠᠢ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ ᠴᠠᠭ ᠲᠤᠬᠠᠶ ᠳᠤ ᠨᠢ ᠤᠲᠠᠰᠤ ᠪᠠᠷ ᠬᠢᠨᠠᠨ ᠬᠠᠷᠭᠤᠭᠤᠯᠬᠤ᠂ ᠨᠢᠭᠤᠷᠲᠠᠨ ᠶᠠᠷᠢᠯᠴᠠᠬᠤ᠂ ᠲᠤᠬᠠᠶ ᠶᠢᠨ ᠲᠠᠯᠠᠪᠤᠷ ᠲᠤ ᠨᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠬᠠᠷᠢᠭᠤ ᠰᠤᠷᠪᠤᠯᠵᠢᠯᠠᠭ᠎ᠠ ᠥᠷᠨᠢᠭᠦᠯᠵᠦ᠂ ᠰᠢᠮᠳᠠᠭᠤᠯᠤᠨ ᠬᠦᠢᠴᠡᠳᠬᠡᠬᠦ᠂ ᠲᠤᠰᠬᠠᠢ ᠰᠡᠳᠦᠪ ᠢᠶᠠᠷ ᠵᠣᠬᠢᠴᠠᠭᠤᠯᠬᠤ᠂ ᠪᠣᠯᠵᠣᠨ ᠶᠠᠷᠢᠯᠴᠠᠵᠤ ᠰᠠᠨᠠᠭᠤᠯᠬᠤ ᠵᠡᠷᠭᠡ ᠠᠷᠭ᠎ᠠ ᠮᠠᠶ᠋ᠢᠭ ᠢᠶᠠᠷ ᠬᠦᠢᠴᠡᠳᠬᠡᠬᠦ ᠨᠢᠭᠡᠴᠢ ᠶᠢᠨ ᠬᠠᠷᠢᠭᠤᠴᠠᠯᠭ᠎ᠠ ᠶᠢ ᠴᠢᠩᠭ᠎ᠠ ᠪᠤᠳᠠᠳᠠᠶᠢᠵᠢᠭᠤᠯᠤᠨ᠎ᠠ᠃ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠭᠰᠡᠨ ᠶᠠᠰᠤ ᠴᠢᠨᠠᠷ ᠨᠢ ᠰᠠᠶᠢᠨ ᠪᠤᠰᠤ᠂ ᠰᠢᠯᠲᠠᠭᠯᠠᠨ ᠲᠦᠯᠬᠢᠯᠴᠡᠬᠦ᠂ ᠬᠤᠳᠠᠯ ᠢᠶᠠᠷ ᠮᠡᠳᠡᠭᠦᠯᠬᠦ ᠪᠠ ᠮᠡᠳᠡᠭᠦᠯᠬᠦ ᠥᠬᠡᠶ ᠨᠢᠭᠤᠬᠤ᠂ ᠵᠣᠬᠢᠰ ᠥᠬᠡᠶ ᠪᠠᠷ ᠠᠵᠢᠯ ᠤᠨ ᠬᠠᠭᠤᠳᠠᠰᠦ ᠶᠢ ᠪᠤᠴᠠᠭᠠᠬᠤ ᠵᠡᠷᠭᠡ ᠪᠠᠶᠢᠳᠠᠯ ᠳᠤ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠠ ᠪᠠᠷ ᠰᠢᠢᠳᠪᠦᠷᠢᠯᠡᠨ᠎ᠡ︔ ᠲᠣᠭᠲᠠᠭᠠᠯ ᠪᠠ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠰᠡᠵᠢᠭᠯᠡᠯᠲᠡᠢ ᠪᠤᠯ᠂ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠠᠷᠢᠭᠤᠴᠠᠯᠭ᠎ᠠ ᠴᠢᠩᠭ᠎ᠠ  ᠬᠡᠯᠡᠯᠴᠡᠨ᠎ᠡ᠃ ᠲᠤᠰ ᠭᠠᠵᠠᠷ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠳᠤ ᠤᠷᠤᠭᠤᠯᠤᠭᠠᠳᠤᠢ ᠪᠠᠶᠢᠭ᠎ᠠ ᠡᠭᠴᠡ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠠᠵᠢᠯ ᠶᠠᠪᠤᠳᠠᠯ ᠬᠦᠢᠴᠡᠳᠭᠡᠭᠡᠰᠡᠨ ᠪᠠᠶᠢᠳᠠᠯ ᠢᠶᠠᠷ ᠨᠢ ᠨᠡᠶᠢᠭᠡᠮ ᠨᠡᠶᠢᠲᠡ ᠳᠤ ᠴᠠᠭ ᠲᠤᠬᠠᠶ ᠳᠤ ᠨᠢ ᠨᠡᠪᠲᠡᠷᠡᠭᠦᠯᠦᠨ ᠮᠡᠳᠡᠭᠡᠯᠡᠵᠦ᠂ ᠣᠯᠠᠨ ᠨᠡᠶᠢᠲᠡ ᠶᠢᠨ ᠬᠢᠨᠠᠯᠲᠠ ᠶᠢ ᠬᠦᠯᠢᠶᠡᠬᠦ ᠬᠡᠷᠡᠭᠲᠡᠶ᠃ ︵ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠭᠦᠷᠬᠡ ᠬᠠᠷᠢᠭᠤᠴᠠᠯᠠᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠨᠠᠢᠮᠠ︶ ᠬᠦᠰᠡᠯ ᠱᠠᠭᠠᠷᠳᠠᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠥᠷᠭᠡᠳᠬᠡᠨ᠎ᠡ᠃ ᠡᠯ᠎ᠡ ᠱᠠᠲᠤᠨ ᠤ ᠬᠠᠯᠠᠮᠰᠢᠯ ᠣᠳᠠᠰᠣ 12345 ᠶᠢᠨ ᠲᠠᠪᠴᠠᠩ ᠨᠢ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ ᠬᠥᠮᠦᠨ ᠤ ᠬᠦᠴᠦᠨ ᠤ ᠦᠢᠯᠡᠴᠢᠯᠡᠭᠡ ᠶᠢ ᠬᠠᠩᠭᠠᠬᠤ ᠶᠢᠨ ᠬᠠᠮᠲᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠦᠯᠵᠢᠶ᠎ᠡ ᠯᠦᠭᠡ ᠶᠢᠨ ᠬᠠᠷᠢᠯᠴᠠᠨ ᠰᠠᠨᠠᠯ ᠪᠤᠳᠤᠯ ᠢᠶᠠᠨ ᠰᠣᠯᠢᠯᠴᠠᠬᠤ ᠪᠤᠯᠤᠩ ᠤᠨ ᠵᠤᠯᠭᠠᠯᠳᠤᠯ ᠢ ᠰᠠᠶᠢᠲᠤᠷ ᠬᠢᠬᠦ  ᠪᠦᠬᠡᠳ ᠢᠨᠲ᠋ᠧᠷ ᠰᠦᠯᠵᠢᠶ᠎ᠡ ᠶᠢᠨ ᠠᠷᠭ᠎ᠠ ᠵᠠᠮ ᠢ ᠥᠷᠭᠡᠳᠬᠡᠨ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠢ ᠪᠠᠶᠠᠯᠢᠭᠵᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠥᠪᠡᠷᠮᠢᠴᠡ᠂ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠥᠪᠡᠷᠲᠡᠭᠡᠨ ᠬᠠᠭᠤᠳᠠᠰᠦ ᠶᠠᠪᠤᠭᠤᠯᠬᠤ᠂ ᠤᠶᠤᠨᠴᠢ ᠪᠢᠴᠢᠭᠯᠡᠭᠰᠡᠨ ᠮᠠᠲ᠋ᠧᠷᠢᠶᠠᠯ ᠤᠨ ᠦᠢᠯᠡᠴᠢᠯᠡᠭᠡ ᠬᠢᠬᠦ᠂ ᠤᠶᠤᠨᠴᠢ ᠠᠪᠢᠶᠠᠨ ᠦᠢᠯᠡᠴᠢᠯᠡᠭᠡ ᠵᠡᠷᠭᠡ ᠤᠶᠤᠨᠴᠢᠯᠠᠭᠰᠠᠨ ᠬᠡᠷᠡᠭᠯᠡᠭᠡᠨ ᠢ ᠴᠢᠩᠭᠠᠳᠬᠠᠵᠤ᠂ ᠠᠵᠤ ᠠᠬᠤᠶᠢᠯᠠᠯ ᠪᠠ ᠤᠯᠠᠨ ᠲᠦᠮᠡᠨ ᠤ ᠬᠦᠰᠡᠯ ᠰᠠᠨᠠᠭᠤᠯᠭ᠎ᠠ ᠪᠠᠨ ᠲᠤᠰᠬᠠᠬᠤ ᠳᠤ ᠲᠦᠬᠦᠮ ᠦᠵᠡᠭᠦᠯᠬᠦ ᠬᠡᠷᠡᠭᠲᠡᠢ᠃ ︵ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠭᠦᠷᠬᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠶᠢᠰᠦ︶ ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠬᠠᠯᠠᠮᠰᠢᠯ ᠣᠳᠠᠰᠣ 12345  ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠤᠯᠢ ᠪᠠ ᠲᠣᠭᠲᠠᠭᠠᠯ ᠶᠣᠰᠣᠭᠠᠷ ᠪᠠᠲᠤᠯᠠᠵᠤ᠂ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠶᠢ ᠴᠢᠩᠭ᠎ᠠ ᠬᠠᠮᠠᠭᠠᠯᠠᠵᠤ᠂ ︽ᠬᠡᠨ ᠬᠠᠮᠢᠶᠠᠷᠴᠦ ᠬᠡᠨ ᠬᠡᠷᠡᠭᠯᠡᠪᠡᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠰᠤᠷᠪᠤᠯᠵᠢᠯᠠᠬᠤ ᠠᠰᠠᠭᠤᠨ ᠯᠠᠪᠯᠠᠬᠤ᠂ ᠮᠡᠳᠡᠭᠡ ᠵᠠᠩᠭᠢ ᠶᠢ ᠬᠠᠮᠳᠤ ᠪᠠᠷ ᠬᠦᠷᠲᠡᠬᠦ ᠪᠥᠬᠦ ᠶᠠᠪᠤᠴᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠲᠤᠷ ᠬᠢᠨ᠎ᠠ᠃ ︵ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠭᠦᠷᠬᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠ︶ ᠲᠥᠷᠥᠯ ᠵᠦᠢᠯ ᠤᠨ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ᠎ᠡ᠃ ᠪᠥᠬᠦ ᠣᠷᠣᠨ ᠤ ᠬᠠᠯᠠᠮᠰᠢᠯ ᠤᠲᠠᠰᠤ 12345  ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠬᠠᠮᠢᠶᠠᠷᠴᠤ᠂ ᠬᠠᠯᠠᠮᠰᠢᠯ ᠣᠳᠠᠰᠣ 12345  ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠭᠠᠷᠭᠠᠪᠠᠯ᠂ ᠠᠳᠠᠯᠢ ᠲᠥᠷᠥᠯ ᠤᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠪᠤᠶᠤ ᠲᠠᠰ ᠳᠡᠪᠰᠢᠭᠦᠯᠬᠦ ᠶᠢ ᠴᠢᠩᠭ᠎ᠠ ᠴᠠᠭᠠᠵᠠᠯᠠᠨ᠎ᠠ᠃ ᠬᠠᠮᠢᠶ᠎ᠠ ᠪᠦᠬᠦᠢ ᠴᠠᠬᠢᠯᠭᠠᠨ ᠬᠤᠯᠪᠣᠭᠠᠨ ᠤ ᠡᠵᠡᠩᠨᠡᠨ ᠠᠵᠢᠯᠯᠠᠭᠤᠯᠤᠭᠴᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠯᠠᠮᠰᠢᠯ ᠤᠲᠠᠰᠤ 12345 ᠶᠢ ᠨᠡᠶᠢᠯᠡᠭᠦᠯᠦᠨ ᠨᠢᠭᠡᠳᠬᠡᠬᠦ ᠳᠤ ᠮᠡᠷᠭᠡᠵᠢᠯ ᠤᠨ ᠳᠡᠮᠵᠢᠯᠭᠡ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠪᠠ ᠬᠦᠭᠵᠢᠬᠦᠯᠦᠯᠲᠡ ᠶᠢᠨ ᠵᠥᠪᠯᠡᠯ᠂ ᠥᠪᠥᠷ ᠮᠣᠩᠭᠤᠯ ᠤᠨ ᠴᠢᠮᠡᠭᠡ ᠬᠤᠯᠪᠤᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠡᠯ᠎ᠡ ᠭᠠᠵᠠᠷ ᠣᠷᠣᠨ ᠡᠭᠦᠷᠬᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ      ︵ᠨᠢᠭᠡ︶ ᠡᠬᠢᠯᠡᠭᠦᠯᠦᠨ ᠪᠠᠶᠢᠷᠢᠯᠠᠭᠤᠯᠬᠤ ᠱᠠᠲᠤ ︵2021 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠨᠡᠶᠢᠯᠡᠭᠦᠯᠵᠦ ᠨᠢᠭᠡᠳᠬᠡᠨ ᠰᠢᠯᠢᠳᠡᠭᠵᠢᠭᠦᠯᠬᠦ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠬᠠᠯᠠᠮᠰᠢᠯ ᠤᠲᠠᠰᠤᠨ ᠤ ᠪᠠᠶᠢᠳᠠᠯ ᠢ ᠤᠶᠢᠯᠠᠭᠠᠵᠦ ᠪᠠᠶᠢᠴᠠᠭᠠᠨ ᠰᠤᠳᠤᠯᠬᠤ ᠠᠵᠢᠯ ᠢ ᠵᠣᠬᠢᠶᠠᠨ ᠪᠠᠶᠢᠭᠤᠯᠵᠦ ᠦᠷᠨᠢᠬᠦᠯᠦᠨ᠂ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠨ᠎ᠠ᠃      ︵ᠬᠤᠶᠠᠷ︶ ᠨᠡᠶᠢᠯᠡᠭᠦᠯᠦᠨ ᠨᠢᠭᠡᠳᠬᠡᠵᠦ ᠰᠢᠯᠢᠳᠡᠭᠵᠢᠭᠦᠯᠬᠦ ᠱᠠᠲᠤ ︵2021 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ︶᠃ ᠤᠷᠢᠳ ᠢᠶᠠᠷ ᠬᠢᠯᠪᠠᠷ ᠢ ᠨᠢ ᠬᠦᠢᠴᠡᠳᠬᠡᠵᠦ ᠳᠠᠷᠠᠭ᠎ᠠ ᠨᠢ ᠬᠦᠴᠢᠷᠲᠡᠶ ᠶᠢ ᠨᠢ ᠬᠢᠬᠦ᠂ ᠲᠥᠷᠥᠯ ᠬᠤᠪᠢᠶᠠᠨ ᠬᠡᠷᠡᠭᠵᠢᠭᠦᠯᠬᠦ᠂ ᠠᠯᠬᠤᠮ ᠬᠤᠪᠢᠶᠠᠨ ᠠᠬᠢᠭᠤᠯᠬᠤ ᠵᠠᠷᠴᠢᠮ ᠶᠣᠰᠣᠭᠠᠷ᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠨᠡᠶᠢᠯᠡᠬᠦᠯᠵᠦ ᠨᠢᠭᠡᠳᠬᠡᠨ ᠰᠢᠯᠢᠳᠡᠭᠵᠢᠭᠦᠯᠬᠦ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃      ︵ᠭᠤᠷᠪᠠ︶ ᠵᠢᠷᠤᠮᠵᠢᠭᠤᠯᠤᠨ ᠠᠵᠢᠯᠯᠠᠭᠤᠯᠬᠤ ᠱᠠᠲᠤ ︵2021 ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ︶᠃ ᠡᠯ᠎ᠡ ᠭᠠᠵᠠᠷ ᠣᠷᠣᠨ  ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠬᠠᠮᠢᠶ᠎ᠠ ᠪᠥᠬᠦᠶ ᠬᠠᠮᠢᠶᠠᠷᠤᠯᠲᠠ ᠶᠢᠨ ᠵᠢᠷᠤᠮᠵᠢᠯ ᠢ ᠲᠤᠭᠳᠠᠭᠠᠨ ᠲᠡᠭᠦᠯᠳᠡᠷᠵᠢᠭᠦᠯᠵᠦ᠂ ᠬᠠᠯᠠᠮᠰᠢᠯ ᠤᠲᠠᠰᠤ 12345 ᠶᠢᠨ ᠠᠵᠢᠯᠯᠠᠭ᠎ᠠ ᠶᠢ ᠬᠠᠮᠢᠶᠠᠷᠬᠤ᠂ ᠮᠥᠷᠳᠡᠨ ᠳᠣᠭᠢᠷᠠᠭᠤᠯᠬᠤ᠂ ᠰᠢᠯᠭᠠᠨ ᠬᠢᠨᠠᠵᠤ ᠦᠨᠡᠯᠡᠬᠦ᠂ ᠰᠢᠮᠳᠠᠭᠤᠯᠤᠨ ᠬᠦᠢᠴᠡᠳᠬᠡᠵᠦ ᠬᠠᠷᠢᠭᠤᠴᠠᠯᠭ᠎ᠠ ᠬᠡᠯᠡᠯᠴᠡᠬᠦ ᠵᠡᠷᠭᠡ ᠡᠯ᠎ᠡ ᠵᠦᠢᠯ ᠤᠨ ᠠᠵᠢᠯ ᠤᠨ ᠲᠣᠭᠲᠠᠴᠠ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠲᠤᠬᠠᠶᠢᠯᠠᠭᠰᠠᠨ ᠠᠵᠢᠯ ᠤᠨ ᠪᠠᠷᠢᠮᠵᠢᠶ᠎ᠠ ᠶᠢ ᠲᠣᠭᠲᠠᠭᠠᠨ᠂ ᠠᠵᠢᠯ ᠤᠨ ᠴᠤᠪᠤᠷᠠᠯ ᠢ ᠨᠠᠷᠢᠯᠢᠬᠵᠢᠭᠤᠯᠤᠨ᠎ᠠ᠃      ︵ᠳᠥᠷᠪᠡ︶ ᠳ᠋ᠦᠩᠨᠡᠵᠦ ᠲᠡᠭᠦᠯᠳᠡᠷᠵᠢᠭᠦᠯᠬᠦ ᠱᠠᠲᠤ ︵2021 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶᠃12345 ᠬᠠᠯᠠᠮᠰᠢᠯ ᠤᠲᠠᠰᠤ ᠶᠢ ᠨᠡᠶᠢᠯᠡᠭᠦᠯᠵᠦ ᠨᠢᠭᠡᠳᠬᠡᠨ ᠰᠢᠯᠢᠳᠡᠭᠵᠢᠭᠦᠯᠬᠦ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠳᠢᠭᠯᠡᠨ ᠳ᠋ᠦᠩᠨᠡᠵᠦ᠂ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠪᠠ ᠵᠠᠳᠠᠯᠤᠨ ᠮᠠᠭᠠᠳᠯᠠᠬᠤ ᠶᠢ ᠴᠢᠩᠭᠠᠳᠬᠠᠨ᠂ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠵᠦ ᠳᠤᠳᠠᠭᠤᠳᠠᠯ ᠢᠶᠠᠨ ᠨᠦᠬᠦᠪᠦᠷᠢᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠨᠢ ᠪᠥᠬᠦ ᠣᠷᠣᠨ ᠤ ᠬᠠᠯᠠᠮᠰᠢᠯ ᠤᠲᠠᠰᠤ 12345 ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ ᠬᠠᠯᠠᠮᠰᠢᠯ ᠤᠲᠠᠰᠤ 12345 ᠶᠢ ᠨᠡᠶᠢᠯᠡᠭᠦᠯᠵᠦ ᠨᠢᠭᠡᠳᠬᠡᠨ ᠰᠢᠯᠢᠳᠡᠭᠵᠢᠭᠦᠯᠬᠦ ᠠᠵᠢᠯ ᠢ ᠵᠢᠯᠣᠭᠤᠳᠤᠨ ᠰᠢᠮᠳᠠᠭᠤᠯᠵᠤ᠂ ᠬᠠᠯᠠᠮᠰᠢᠯ ᠤᠲᠠᠰᠤᠨ ᠤ ᠪᠥᠲᠥᠭᠡᠨ ᠪᠠᠶᠢᠭᠤᠯᠤᠯᠲᠠ ᠬᠥᠭᠵᠢᠯᠲᠡ ᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠬᠠᠯᠠᠮᠰᠢᠯ ᠤᠲᠠᠰᠤ 12345  ᠶᠢ ᠨᠢᠭᠡᠳᠬᠡᠨ ᠰᠢᠯᠢᠳᠡᠭᠵᠢᠬᠦᠯᠬᠦ ᠠᠵᠢᠯ ᠤᠨ ᠵᠥᠪᠳᠡᠯᠴᠡᠬᠦ ᠲᠣᠭᠲᠠᠴᠠ ᠶᠢ ᠪᠠᠶᠢᠭᠤᠯᠵᠦ᠂ ᠡᠯ᠎ᠡ ᠰᠠᠯᠠᠭ᠎ᠠ ᠮᠥᠴᠢᠷ 1 ᠨᠡᠷ᠎ᠡ ᠲᠢᠩᠬᠢᠮ ᠤᠨ ᠲᠠᠰ ᠤᠨ ᠤᠳᠤᠷᠢᠳᠤᠯᠭ᠎ᠠ ᠲᠤᠬᠢᠷᠠᠭᠤᠯᠤᠨ ᠲᠣᠰ ᠠᠵᠢᠯ ᠢ ᠬᠠᠷᠢᠭᠤᠴᠠᠭᠤᠯᠬᠤ ᠶᠢᠨ ᠬᠠᠮᠲᠤ 1 ᠨᠡᠷ᠎ᠡ ᠭᠠᠵᠠᠷ ᠤᠨ ᠲᠠᠰ ᠤᠨ ᠺᠠᠳ᠋ᠷ ᠢ ᠲᠤᠬᠢᠷᠠᠭᠤᠯᠤᠨ ᠬᠤᠯᠪᠣᠭᠠᠴᠢᠨ ᠪᠣᠯᠭᠠᠬᠤ ᠬᠡᠷᠡᠭᠲᠡᠶ᠃ ᠡᠯ᠎ᠡ ᠱᠠᠲᠤᠨ ᠤ ᠬᠠᠯᠠᠮᠰᠢᠯ ᠤᠳᠠᠰᠤ 12345  ᠶᠢᠨ ᠵᠢᠯᠣᠭᠤᠳᠤᠨ ᠳᠣᠭᠢᠷᠠᠭᠤᠯᠬᠤ ᠪᠠᠶᠢᠭᠤᠯᠤᠮᠵᠢ ᠶᠢ ᠲᠣᠳᠣᠷᠬᠠᠶᠢᠯᠠᠵᠤ᠂ ︽ᠨᠢᠭᠡᠳᠦᠯᠲᠡᠶ ᠳᠣᠭᠢᠷᠠᠭᠤᠯᠬᠤ᠂ ᠲᠤᠰᠬᠠᠯᠲᠠ ᠲᠦᠷᠭᠡᠨ᠂ ᠵᠣᠬᠢᠴᠠᠯᠳᠤᠨ ᠬᠥᠳᠡᠯᠦᠯᠴᠡᠬᠦ᠂ ᠳᠥᠭᠦᠮ ᠳᠥᠲᠡ ᠥᠨᠳᠥᠷ ᠪᠦᠲᠦᠮᠵᠢᠲᠡᠶ᠂ ᠪᠠᠲᠤᠯᠠᠭ᠎ᠠ ᠴᠢᠩᠭ᠎ᠠ ᠲᠡᠭᠦᠰ︾ ᠠᠵᠢᠯ ᠤᠨ ᠲᠤᠭᠲᠠᠴᠠ ᠶᠢ ᠪᠣᠶ ᠪᠣᠯᠭᠠᠵᠤ᠂ ᠬᠠᠯᠠᠮᠰᠢᠯ ᠣᠳᠠᠰᠣ 12345  ᠶᠢᠨ ᠡᠯ᠎ᠡ ᠵᠦᠢᠯ ᠤᠨ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      ︵ᠬᠤᠶᠠᠷ︶ ᠬᠠᠷᠢᠭᠤᠴᠠᠯᠭ᠎ᠠ  ᠪᠠᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠨᠡᠶᠢᠯᠡᠭᠦᠯᠵᠦ ᠨᠢᠭᠡᠳᠬᠡᠨ ᠰᠢᠯᠢᠳᠡᠭᠵᠢᠭᠦᠯᠬᠦ ᠠᠵᠢᠯ ᠤᠨ ᠡᠭᠦᠷᠭᠡ ᠶᠢ ᠲᠥᠷᠥᠯ ᠵᠦᠢᠯ ᠳᠤ ᠬᠦᠷᠲᠡᠯ᠎ᠡ ᠨᠠᠷᠢᠯᠢᠭᠵᠢᠭᠤᠯᠤᠨ᠂ ᠠᠵᠢᠯ ᠤᠨ ᠪᠠᠶᠢᠷᠢ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠬᠥᠮᠦᠨ ᠳᠤ ᠬᠦᠷᠲᠡᠯ᠎ᠡ ᠨᠠᠷᠢᠯᠢᠭᠵᠢᠭᠤᠯᠤᠨ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠰᠢᠮᠳᠠᠭᠤᠯᠤᠨ ᠪᠠᠶᠢᠴᠠᠭᠠᠬᠤ᠂ ᠲᠣᠭᠲᠠᠮᠠᠯ ᠬᠤᠭᠤᠴᠠᠭ᠎ᠠ ᠲᠠᠢ ᠳᠣᠭᠢᠷᠠᠭᠤᠯᠬᠤ᠂ ᠪᠠᠶᠢᠳᠠᠯ ᠢᠶᠠᠨ ᠨᠡᠪᠲᠡᠷᠡᠭᠦᠯᠦᠨ ᠮᠡᠳᠡᠭᠡᠯᠡᠬᠦ ᠶᠢ ᠴᠢᠩᠭᠠᠷᠠᠭᠤᠯᠤᠨ᠂ ᠣᠲᠣ ᠶᠢᠨ ᠬᠡᠷᠡᠭᠵᠢᠬᠦᠯᠵᠦ ᠪᠠᠶᠢᠭ᠎ᠠ ᠵᠠᠷᠤᠳᠠᠯ ᠤᠨ ᠠᠷᠭ᠎ᠠ ᠵᠠᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠠᠯᠠᠮᠰᠢᠯ ᠣᠳᠠᠰᠣ 12345  ᠶᠢᠨ ᠪᠠᠶᠢᠭᠤᠯᠤᠯᠲᠠ ᠪᠠ ᠠᠵᠢᠯᠯᠠᠭᠠᠨ ᠤ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠨᠡᠶᠢᠯᠡᠭᠦᠯᠵᠦ ᠨᠢᠭᠡᠳᠬᠡᠨ ᠰᠢᠯᠢᠳᠡᠭᠵᠢᠭᠦᠯᠬᠦ ᠡᠭᠦᠷᠭᠡ ᠪᠠᠨ ᠲᠤᠭᠲᠠᠭᠰᠠᠨ ᠬᠤᠭᠤᠴᠠᠭᠠᠨ ᠳᠤ ᠴᠢᠨᠠᠷ ᠢ ᠪᠠᠲᠤᠯᠠᠨ ᠪᠡᠶᠡᠯᠡᠭᠦᠯᠬᠦ ᠬᠡᠷᠡᠭᠲᠡᠶ᠃      ︵ᠭᠤᠷᠪᠠ︶ ᠤᠬᠠᠭᠤᠯᠬᠤ ᠪᠠᠷ ᠬᠥᠲᠥᠯᠦᠨ ᠵᠢᠯᠤᠭᠤᠳᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠡᠯ᠎ᠡ ᠲᠥᠷᠥᠯ ᠤᠨ ᠵᠠᠭᠤᠴᠢᠯᠠᠭᠤᠷ ᠢ ᠬᠦᠢᠴᠡᠳ ᠠᠰᠢᠭᠯᠠᠵᠤ᠂ ᠣᠯᠠᠨ ᠵᠦᠢᠯ ᠤᠨ ᠠᠷᠭ᠎ᠠ ᠮᠠᠶ᠋ᠢᠭ ᠢ ᠬᠡᠷᠡᠭᠯᠡᠨ᠂ ᠬᠠᠯᠠᠮᠰᠢᠯ ᠤᠲᠠᠰᠤ 12345  ᠶᠢᠨ ᠴᠢᠳᠠᠮᠵᠢ ᠶᠢ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠬᠠᠯᠠᠮᠰᠢᠯ ᠤᠲᠠᠰᠤ 12345 ᠪᠠᠷ ᠳᠠᠮᠵᠢᠭᠤᠯᠤᠨ ᠠᠰᠠᠭᠤᠳᠠᠯ ᠢ ᠲᠤᠰᠬᠠᠬᠤ ᠪᠠ ᠵᠦᠶ ᠵᠣᠬᠢᠰᠲᠠᠶ ᠬᠦᠰᠡᠯ ᠱᠠᠭᠠᠷᠳᠠᠯᠭ᠎ᠠ ᠪᠠᠨ ᠢᠯᠡᠳᠭᠡᠬᠦ ᠶᠢ ᠢᠳᠡᠪᠬᠢᠲᠡᠶ ᠬᠥᠲᠥᠯᠦᠨ ᠵᠢᠯᠤᠭᠤᠳᠤᠨ᠎ᠠ᠃ ᠬᠠᠯᠠᠮᠰᠢᠯ ᠣᠳᠠᠰᠣ 12345  ᠶᠢᠨ ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠯᠠᠮᠰᠢᠯ ᠤᠲᠠᠰᠤ 12345 ᠶᠢᠨ ᠦᠢᠯᠡᠴᠢᠯᠡᠬᠦ ᠦᠢᠯᠡᠳᠦᠯ ᠴᠢᠳᠠᠪᠤᠷᠢ ᠶᠢᠨ ︽ᠰᠠᠶᠢᠨ ᠪᠠ ᠠᠨᠠᠢ ᠪᠠᠶᠢᠭ᠎ᠠ ᠶᠢ ᠦᠨᠡᠯᠡᠬᠦ︾ ᠠᠵᠢᠯ ᠢ ᠥᠷᠨᠢᠭᠦᠯᠬᠦ ᠬᠡᠷᠡᠭᠲᠡᠶ᠃ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠴᠠᠭ ᠲᠤᠬᠠᠢ ᠳᠤ ᠨᠢ ᠳ᠋ᠦᠩᠨᠡᠨ ᠳᠡᠯᠭᠡᠷᠡᠭᠦᠯᠵᠦ᠂ ᠬᠠᠯᠠᠮᠰᠢᠯ ᠤᠲᠠᠰᠤ 12345 ᠶᠢ ᠮᠡᠳᠡᠵᠦ ᠣᠶᠢᠯᠠᠭᠠᠬᠤ ᠨᠤᠷᠮ᠎ᠠ ᠪᠠ ᠬᠠᠨᠤᠮᠵᠢ ᠶᠢᠨ ᠬᠡᠮᠵᠢᠶ᠎ᠠ ᠶᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃             ᠳᠠᠭᠠᠯᠳᠤᠭᠤᠯᠤᠯ   ᠬᠠᠯᠠᠮᠰᠢᠯ ᠣᠳᠠᠰᠣ 12345  ᠶᠢᠨ ᠨᠡᠶᠢᠯᠡᠭᠦᠯᠦᠨ ᠨᠢᠭᠡᠳᠬᠡᠬᠦ ᠨᠠᠷᠢᠨ ᠬᠠᠭᠤᠳᠠᠰᠦ ︵ᠨᠡᠶᠢᠲᠡ 33 ᠵᠤᠷᠪᠤᠰ︶     ᠨᠢᠭᠡ᠂ ᠪᠦᠬᠦᠯᠢ ᠴᠤᠭᠴᠠ ᠪᠠᠷ ᠨᠢ ᠨᠡᠶᠢᠯᠡᠭᠦᠯᠵᠦ ᠨᠢᠭᠡᠳᠬᠡᠬᠦ      ᠬᠤᠶᠠᠷ᠂ ᠬᠤᠣᠰ ᠨᠣᠮᠧᠷ ᠢ ᠨᠡᠶᠢᠯᠡᠭᠦᠯᠵᠦ ᠵᠡᠷᠭᠡ ᠳᠤ ᠨᠢ ᠨᠡᠪᠲᠡᠷᠡᠬᠦᠯᠵᠦ ᠠᠵᠢᠯᠯᠠᠭᠤᠯᠬᠤ      ᠭᠤᠷᠪᠠ᠂ ᠬᠤᠪᠢᠶᠠᠷᠢ ᠲᠦᠪ ᠪᠠᠶᠢᠭᠤᠯᠬᠤ                                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                                 2021 ᠣᠨ ᠤ 5 ᠳ᠋ᠤᠭᠠᠷ ᠰᠠᠷ᠎ᠠ ᠶᠢᠨ 21 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ