ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 2021ᠣᠨ ᠤ 22 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/5

      11 ᠰᠠᠷ᠎ᠠ ᠶᠢᠨ 3᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠭᠤᠴᠢᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾᠎ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠳᠡᠭᠡᠷᠡᠬᠢ ᠭᠤᠣᠯ ᠵᠣᠷᠢᠯᠭᠠᠲᠤ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠮᠢ ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠵᠡᠷᠭᠡ ᠵᠦᠢᠯ ᠢ ᠰᠤᠳᠤᠯᠪᠠ᠃ ᠡᠵᠡᠨ᠎ᠡ ᠬᠤᠰᠢᠭᠤᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠭᠠᠨ ᠵᠢᠯᠣᠭᠤᠳᠴᠤ ᠱᠠᠯᠠᠪᠳᠠᠭᠤᠯᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠣ ᠴᠦᠨ ᠬᠤᠷᠠᠯ ᠢ ᠡᠷᠬᠢᠯᠡᠪᠡ᠃

      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠠ ᠲᠣᠬᠢᠶᠠᠯ ᠢ ᠠᠮᠵᠢᠨ ᠲᠣᠭᠠᠴᠢᠯᠠᠭᠰᠠᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠬᠦᠴᠦᠯᠡᠨ ᠪᠤᠢ ᠪᠣᠯᠭᠠᠵᠤ᠂ ᠲᠣᠭᠠᠴᠢᠯᠠᠭᠰᠠᠨ ᠮᠡᠷᠭᠡᠵᠢᠯ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠲᠦᠷᠭᠡᠳᠬᠡᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠳᠤ ᠬᠦᠴᠦᠨ ᠴᠢᠳᠠᠯ ᠣᠯᠭᠤᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠪᠠᠭᠲᠠᠭᠠᠮᠵᠢᠲᠠᠢ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠪᠠᠷ ᠲᠠᠪᠴᠠᠩᠲᠤ ᠠᠵᠤ ᠠᠬᠤᠢ ᠶᠢᠨ ᠡᠮᠬᠢ ᠵᠢᠷᠤᠮ ᠲᠠᠢ ᠵᠢᠷᠤᠮᠵᠢᠯ ᠲᠠᠢ ᠬᠥᠭᠵᠢᠬᠦ ᠶᠢ ᠬᠥᠲᠥᠯᠥᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠬᠤ ᠶᠢ ᠪᠠᠷᠢᠮᠲᠠᠯᠠᠵᠤ᠂ ᠬᠠᠮᠠᠭᠠᠯᠠᠬᠤ ᠪᠠ ᠬᠥᠭᠵᠢᠭᠦᠯᠬᠦ᠂ ᠬᠥᠭᠵᠢᠯᠲᠡ ᠪᠠ ᠠᠮᠤᠷ ᠲᠦᠪᠰᠢᠨ᠂ ᠣᠳᠣᠬᠢ ᠪᠠ ᠠᠯᠤᠰ ᠬᠡᠳᠦ᠂ ᠪᠦᠬᠦ ᠲᠠᠯ᠎ᠠ ᠪᠠ ᠬᠡᠰᠡᠭ ᠲᠠᠯ᠎ᠠ ᠵᠡᠷᠭᠡ ᠶᠢᠨ ᠴᠢᠬᠤᠯᠠ ᠶᠡᠭᠡ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠵᠠᠰᠠᠬᠤ᠂ ᠤᠰᠤ ᠶᠢ ᠭᠦᠨᠵᠡᠭᠡᠢ ᠠᠷᠪᠢᠯᠠᠨ ᠡᠵᠡᠮᠰᠢᠬᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠨᠡᠨ ᠬᠦ ᠰᠠᠶᠢᠲᠤᠷ ᠬᠢᠵᠦ᠂ ᠰᠠᠪᠠ ᠭᠠᠵᠠᠷ ᠤᠨ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠥᠳᠡᠯᠭᠡᠭᠴᠢ ᠬᠦᠴᠦᠨ ᠤ ᠬᠤᠪᠢᠰᠤᠯᠲᠠ ᠶᠢ ᠠᠬᠢᠭᠤᠯᠵᠤ᠂ ᠡᠯ᠎ᠡ ᠵᠦᠢᠯ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠲᠤᠬᠠᠢ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠲᠠᠯ᠎ᠠ ᠳᠤ ᠦᠨᠡᠨ ᠬᠦ ᠣᠷᠣᠭᠤᠯᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠣᠶᠢᠯᠠᠭᠠᠭᠳᠠᠬᠤᠨ ᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦ ᠶᠠᠪᠤᠴᠠ ᠳᠤ ᠠᠭᠤᠰᠤᠯᠴᠠᠭᠤᠯᠵᠤ᠂ ᠰᠢᠨ᠎ᠡ ᠮᠡᠷᠭᠡᠵᠢᠯ ᠰᠢᠨ᠎ᠡ ᠠᠷᠭ᠎ᠠ ᠵᠠᠮ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠳᠤ ᠲᠠᠰᠤᠷᠠᠯᠲᠠ ᠦᠭᠡᠢ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

      ᠬᠤᠷᠠᠯ ᠠᠴᠠ᠂ ᠠᠮᠢ ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠨᠢ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠭᠤᠣᠯ ᠵᠥᠷᠢᠴᠡᠯ ᠪᠣᠯᠣᠨ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠭᠵᠢᠷᠡᠯ ᠢ ᠬᠦᠴᠦᠯᠡᠨ ᠰᠢᠯᠤᠭᠤᠳᠬᠠᠵᠤ᠂ ᠬᠤᠷᠢᠭ᠎ᠠ ᠶᠢ ᠨᠡᠪᠲᠡᠷᠡᠭᠦᠯᠵᠦ᠂ ᠬᠦᠴᠢᠷᠳᠡᠯ ᠢ ᠰᠢᠢᠳᠪᠦᠷᠢᠯᠡᠵᠦ᠂ ᠠᠮᠢ ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠠᠵᠤ ᠦᠢᠯᠡᠰ ᠢ ᠠᠮᠢ ᠠᠬᠤᠶᠢᠵᠢᠭᠤᠯᠬᠤ᠂ ᠠᠮᠢ ᠠᠬᠤᠢ ᠶᠢ ᠠᠵᠤ ᠦᠢᠯᠡᠰᠵᠢᠭᠦᠯᠬᠦ ᠶᠢ ᠶᠡᠭᠡ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠠᠰᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠲᠥᠰᠥᠯ ᠵᠡᠷᠭᠡ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ