ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/11/5
      11 ᠳ᠋ᠦ᠋ᠭᠡᠷ ᠰᠠᠷ᠎ᠠ ᠶᠢᠨ 4 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠃ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 2 ︵ᠴᠥᠮ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠪᠤᠢ︶ ᠨᠡᠮᠡᠭᠳᠡᠪᠡ᠃ ᠲᠤᠬᠠᠢ ᠶᠢᠨ ᠭᠠᠵᠠᠷ ᠤᠨ ᠳᠣᠲᠣᠯᠠᠭᠰᠠᠨ 10 ᠡᠪᠡᠳᠴᠢᠨ ᠤ ᠵᠢᠱᠢᠶ᠎ᠡ ︵ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠳᠤ 1᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ 1 ᠵᠢᠱᠢᠶ᠎ᠡ᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 8 ᠵᠢᠱᠢᠶ᠎ᠡ︶ ᠡᠷᠡᠭᠦᠯᠵᠢᠵᠦ ᠡᠮᠨᠡᠯᠭᠡ ᠠᠴᠠ ᠭᠠᠷᠪᠠ᠃ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢᠨ ᠪᠤᠲᠠᠲᠠᠢ ᠪᠠᠶᠢᠳᠠᠯ ᠨᠢ ᠳᠣᠤᠷᠠᠬᠢ ᠮᠡᠲᠦ᠄      ᠡᠪᠡᠳᠴᠢᠨ ᠤ ᠵᠢᠱᠢᠶ᠎ᠡ 1᠂ ᠡᠪᠡᠳᠴᠢᠨ ᠤ ᠵᠢᠱᠢᠶ᠎ᠡ 2᠄ ᠴᠥᠮ ᠡᠵᠡᠨ᠎ᠡ ᠬᠤᠰᠢᠭᠤᠨ ᠤ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠭᠤᠤᠯᠳᠠᠯᠭ᠎ᠠ ᠲᠠᠢ ᠬᠥᠮᠦᠰ ᠤᠨ ᠪᠦᠭᠡᠮ ᠬᠦᠴᠢᠯ ᠤᠨ ᠵᠢᠭᠰᠠᠭᠠᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠳᠠᠬᠢᠨ ᠬᠠᠷᠭᠤᠭᠤᠯᠤᠭᠰᠠᠨ ᠳᠤ ᠮᠦᠨ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠲᠤᠷᠠᠨ ᠣᠨᠤᠰᠢᠯᠠᠬᠤ ᠪᠠᠷ ᠳᠠᠮᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠤᠰᠢᠯᠠᠵᠠᠢ᠃      ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠨᠢᠭᠡᠨᠲᠡ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠭᠰᠡᠨ ᠤ ᠬᠠᠮᠲᠤ ᠲᠤᠰᠠᠭᠠᠷᠯᠠᠨ ᠡᠮᠴᠢᠯᠡᠵᠦ᠂ ᠬᠤᠯᠪᠤᠭᠳᠠᠯ ᠪᠥᠬᠦᠶ ᠳᠠᠬᠤᠯ ᠡᠪᠡᠳᠴᠢᠨ ᠤ ᠵᠢᠭᠰᠠᠭᠠᠨ ᠪᠠᠶᠢᠴᠠᠭᠠᠯᠲᠠ ᠵᠡᠷᠭᠡ ᠠᠵᠢᠯ ᠢ ᠶᠠᠭ ᠶᠠᠪᠤᠭᠳᠠᠭᠤᠯᠵᠤ ᠪᠠᠶᠢᠨ᠎ᠠ᠃      11 ᠳ᠋ᠦ᠋ᠭᠡᠷ ᠰᠠᠷ᠎ᠠ ᠶᠢᠨ 3 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 8᠂ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 155 ︵ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠳᠤ 1᠂ ᠰᠢᠨ᠎ᠡ ᠬᠤᠲᠠ ᠲᠣᠭᠤᠷᠢᠭ ᠲᠤ 1᠂ ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠳᠤ 13᠂ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ 1᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 138᠂ ᠠᠯᠠᠱᠠ ᠵᠡᠭᠦᠨ ᠬᠤᠰᠢᠭᠤᠨ ᠳᠤ 1︶ ᠪᠠᠶᠢᠨ᠎ᠠ᠃ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ