ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/11/8
     11 ᠳ᠋ᠦ᠋ᠭᠡᠷ ᠰᠠᠷ᠎ᠠ ᠶᠢᠨ 7 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠃ ᠬᠢᠯᠢ ᠶᠢᠨ ᠭᠠᠳᠠᠨ᠎ᠠ ᠠᠴᠠ ᠣᠷᠤᠵᠣ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 1 ︵ᠨᠡᠶᠢᠰᠯᠡᠯ ᠤᠨ ᠣᠯᠠᠨ ᠤᠯᠤᠰ ᠤᠨ ᠨᠢᠰᠭᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 1 ︵ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠳᠤ ᠪᠤᠢ︶ ᠨᠡᠮᠡᠭᠳᠡᠪᠡ᠃ ᠲᠤᠬᠠᠢ ᠶᠢᠨ ᠭᠠᠵᠠᠷ ᠤᠨ ᠳᠣᠲᠣᠯᠠᠭᠰᠠᠨ 24 ᠡᠪᠡᠳᠴᠢᠨ ᠤ ᠵᠢᠱᠢᠶ᠎ᠡ ︵ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠲᠤ 1᠂ ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠳᠤ 2᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 21︶ ᠡᠷᠡᠭᠦᠯᠵᠢᠵᠦ ᠡᠮᠨᠡᠯᠭᠡ ᠠᠴᠠ ᠭᠠᠷᠪᠠ᠃ ᠰᠢᠨ᠎ᠡ ᠪᠠᠷ ᠨᠡᠮᠡᠭᠳᠡᠭᠰᠡᠨ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢᠨ ᠪᠤᠲᠠᠲᠠᠢ ᠪᠠᠶᠢᠳᠠᠯ ᠨᠢ ᠳᠣᠤᠷᠠᠬᠢ ᠮᠡᠲᠦ᠄      ᠡᠪᠡᠳᠴᠢᠨ ᠤ ᠵᠢᠱᠢᠶ᠎ᠡ 1᠄ ᠡᠷᠢᠶᠡᠨ ᠬᠤᠲᠠ ᠶᠢᠨ ᠭᠤᠤᠯᠳᠠᠯᠭ᠎ᠠ ᠲᠠᠢ ᠬᠥᠮᠦᠰ ᠤᠨ ᠡᠳᠦᠷ ᠪᠦᠷᠢ ᠶᠢᠨ ᠪᠥᠭᠡᠮ ᠬᠦᠴᠢᠯ ᠤᠨ ᠵᠢᠭᠰᠠᠭᠠᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠳᠠᠬᠢᠨ ᠬᠠᠷᠭᠤᠭᠤᠯᠤᠭᠰᠠᠨ ᠳᠤ ᠮᠦᠨ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠲᠤᠷᠠᠨ ᠣᠨᠣᠰᠢᠯᠠᠭᠰᠠᠨ ᠤ ᠳ᠋ᠦᠩ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠵᠠᠶ᠃      ᠣᠳᠣᠬᠠᠨ ᠳᠤ᠂ ᠲᠣᠰ ᠡᠪᠡᠳᠴᠢᠲᠡᠨ ᠢ ᠨᠢᠭᠡᠨᠲᠡ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠴᠢᠯᠡᠵᠦ᠂ ᠬᠤᠯᠪᠣᠭᠳᠠᠯ ᠪᠥᠬᠦᠶ ᠳᠠᠬᠤᠯ ᠡᠪᠡᠳᠴᠢᠨ ᠤ ᠵᠢᠭᠰᠠᠭᠠᠨ ᠪᠠᠶᠢᠴᠠᠭᠠᠯᠲᠠ ᠵᠡᠷᠭᠡ ᠠᠵᠢᠯ ᠢ ᠶᠠᠭ ᠶᠠᠪᠤᠭᠳᠠᠭᠤᠯᠵᠤ ᠪᠠᠶᠢᠨ᠎ᠠ᠃      11 ᠳ᠋ᠦ᠋ᠭᠡᠷ ᠰᠠᠷ᠎ᠠ ᠶᠢᠨ 7 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 7᠂ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 94 ︵ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠳᠤ 9᠂ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ 1᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 84︶ ᠪᠠᠶᠢᠨ᠎ᠠ᠃ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ