ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/11/9
     11 ᠳ᠋ᠦ᠋ᠭᠡᠷ ᠰᠠᠷ᠎ᠠ ᠶᠢᠨ 8 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠃ ᠲᠤᠬᠠᠢ ᠶᠢᠨ ᠭᠠᠵᠠᠷ ᠤᠨ ᠲᠣᠳᠣᠯᠠᠭᠰᠠᠨ 10 ᠡᠪᠡᠳᠴᠢᠨ ᠤ ᠵᠢᠱᠢᠶ᠎ᠡ ︵ᠰᠢᠯᠢ ᠵᠢᠨ‌ᠭᠤᠤᠯ ᠠᠶᠢᠮᠠᠭ ᠤᠨ ᠡᠷᠢᠶᠡᠨ ᠬᠤᠲᠠ ᠳᠤ 2᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 8︶ ᠡᠷᠡᠭᠦᠯᠵᠢᠵᠦ ᠡᠮᠨᠡᠯᠭᠡ ᠠᠴᠠ ᠭᠠᠷᠪᠠ᠃      11 ᠳ᠋ᠦ᠋ᠭᠡᠷ ᠰᠠᠷ᠎ᠠ ᠶᠢᠨ 8 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 7 ᠪᠠᠶᠢᠵᠤ᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 84 ︵ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠳᠤ 7᠂ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ 1᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 76︶ ᠪᠠᠶᠢᠨ᠎ᠠ᠃ ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ