ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2021/11/9
     ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ      ᠥᠪᠥᠷ ᠵᠠᠰᠠᠭ ᠠᠯᠪᠠᠨ ᠲᠠᠷᠬᠠᠭᠠᠭᠰᠠᠨ ﹇2021﹈ 32 ᠳ᠋ᠤᠭᠠᠷ ᠲᠣᠭᠠᠲᠤ      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠶᠡᠷᠦᠩᠬᠡᠶ ᠱᠦᠵᠢ ᠰᠢ ᠶᠢᠨ ᠫᠢᠩ ᠤᠨ ᠲᠠᠷᠢᠶᠠᠨ ᠭᠠᠵᠠᠷ ᠢ ᠬᠠᠮᠠᠭᠠᠯᠠᠬᠤ ᠲᠤᠬᠠᠶ ᠠᠯᠢ ᠣᠯᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ︽ᠲᠠᠷᠢᠶᠠᠯᠠᠬᠤ ᠭᠠᠵᠠᠷ ᠢ ᠬᠠᠮᠠᠭᠠᠯᠠᠬᠤ ᠪᠠᠨ ᠴᠢᠩᠭᠠᠳᠬᠠᠬᠤ ᠪᠠ ᠡᠵᠡᠯᠡᠵᠦ ᠬᠡᠷᠡᠭᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠶ ᠪᠠᠶᠢᠯᠭᠠᠬᠤ ᠶᠢ ᠰᠠᠶᠢᠵᠢᠷᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ﹇2017﹈ 4 ᠳ᠋ᠦ᠋ᠭᠡᠷ ᠲᠣᠭᠠᠲᠤ︶᠂ ︽ᠲᠠᠷᠢᠶᠠᠯᠠᠬᠤ ᠭᠠᠵᠠᠷ ᠢ ︿ᠲᠠᠷᠢᠶᠠᠯᠠᠩ ᠤᠨ ᠪᠤᠰᠤ ᠪᠣᠯᠭᠠᠬᠤ﹀ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ᠢᠯᠡ ᠴᠠᠬᠢᠯᠭᠠᠨ︶ ﹇2020﹈ 24 ᠳ᠋ᠦ᠋ᠭᠡᠷ ᠲᠣᠭᠠᠲᠤ︶᠂ ︽ᠲᠠᠷᠢᠶᠠᠯᠠᠬᠤ ᠭᠠᠵᠠᠷ ᠢ ︿ᠠᠮᠤ ᠪᠤᠳᠠᠭᠠᠨ ᠤ ᠪᠤᠰᠤ ᠪᠣᠯᠭᠠᠬᠤ﹀ ᠶᠢ ᠨᠢ ᠬᠤᠷᠢᠭᠯᠠᠵᠤ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 44 ᠳ᠋ᠦ᠋ᠭᠡᠷ ᠲᠣᠭᠠᠲᠤ︶ ᠪᠠ ︽︿ᠲᠠᠷᠢᠶᠠᠯᠠᠬᠤ ᠭᠠᠵᠠᠷ ᠢ ᠬᠠᠮᠠᠭᠠᠯᠠᠬᠤ ᠪᠠᠨ ᠴᠢᠩᠭᠠᠳᠬᠠᠬᠤ ᠪᠠ ᠡᠵᠡᠯᠡᠵᠦ ᠬᠡᠷᠡᠭᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠶ ᠪᠠᠶᠢᠯᠭᠠᠬᠤ ᠶᠢ ᠰᠠᠶᠢᠵᠢᠷᠠᠭᠤᠯᠬᠤ ᠲᠤᠬᠠᠶ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠨᠠᠮ ᠲᠠᠷᠬᠠᠭᠠᠭᠰᠠᠨ ﹇2018﹈ 9 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠭᠠᠵᠠᠷ ᠢ ︿ᠲᠠᠷᠢᠶᠠᠯᠠᠩ ᠤᠨ ᠪᠤᠰᠤ ᠪᠣᠯᠭᠠᠬᠤ﹀ ᠶᠢ ᠨᠢ ᠡᠷᠡᠰ ᠬᠤᠷᠢᠭᠯᠠᠨ ᠵᠣᠭᠰᠣᠭᠠᠬᠤ ᠶᠢᠨ ᠬᠡᠷᠡᠭᠵᠢᠭᠦᠯᠬᠦ ᠲᠥᠰᠦᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 36 ᠳ᠋ᠤᠭᠠᠷ ᠲᠣᠭᠠᠲᠤ︶ ᠢ ᠬᠢᠨᠠᠮᠠᠭᠠᠢ ᠨᠠᠶᠢᠳᠠᠪᠤᠷᠢᠵᠢᠭᠤᠯᠬᠤ ᠵᠢᠴᠢ ᠲᠠᠷᠢᠶᠠᠯᠠᠬᠤ ᠭᠠᠵᠠᠷ ᠤᠨ ᠤᠯᠠᠭᠠᠨ ᠱᠤᠭᠤᠮ ᠪᠠ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠴᠢᠩᠭ᠎ᠠ ᠰᠠᠬᠢᠨ᠂ ᠲᠠᠷᠢᠶᠠᠯᠠᠬᠤ ᠭᠠᠵᠠᠷ ᠤᠨ ᠬᠡᠮᠵᠢᠶ᠎ᠡ᠂ ᠴᠢᠨᠠᠷ᠂ ᠠᠮᠢ ᠠᠬᠤᠶ ︽ᠭᠤᠷᠪᠠ ᠶᠢ ᠨᠢᠭᠡ ᠴᠤᠭᠴᠠᠵᠢᠭᠤᠯᠬᠤ︾ ᠬᠠᠮᠠᠭᠠᠯᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠤᠯᠤᠰ ᠠᠴᠠ ᠮᠠᠨ ᠤ ᠣᠷᠣᠨ ᠳᠤ ᠪᠠᠭᠤᠯᠭᠠᠭᠰᠠᠨ ᠲᠠᠷᠢᠶᠠᠯᠠᠬᠤ ᠭᠠᠵᠠᠷ ᠤᠨ ᠪᠠᠶᠢᠬᠤ ᠬᠡᠮᠵᠢᠶ᠎ᠡ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ ᠦᠨᠡᠨ ᠬᠦ ᠪᠠᠲᠤᠯᠠᠨ᠂ ᠲᠠᠷᠢᠶᠠᠯᠠᠬᠤ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠨᠢ ᠡᠷᠡᠰ ᠬᠤᠷᠢᠭᠯᠠᠨ ᠵᠣᠭᠰᠣᠭᠠᠵᠤ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠨᠢ ᠬᠤᠷᠢᠭᠯᠠᠵᠤ᠂ ᠬᠠᠮᠠᠭᠠᠯᠠᠯᠲᠠ ᠪᠠᠷ ᠨᠠᠩ ᠬᠦᠴᠦᠲᠡᠶ᠂ ᠬᠡᠷᠡᠭᠵᠢᠭᠦᠯᠦᠯᠲᠡ ᠨᠢ ᠨᠠᠩ ᠤᠷᠤᠭᠰᠢᠲᠠᠶ᠂ ᠬᠠᠮᠢᠶᠠᠷᠤᠯᠲᠠ ᠪᠠᠨ ᠨᠠᠩ ᠥᠨᠳᠥᠷ ᠪᠦᠲᠦᠮᠵᠢᠲᠡᠶ ᠪᠣᠯᠭᠠᠭᠰᠠᠨ ᠲᠠᠷᠢᠶᠠᠯᠠᠬᠤ ᠭᠠᠵᠠᠷ ᠢ ᠬᠠᠮᠠᠭᠠᠯᠠᠬᠤ ᠰᠢᠨ᠎ᠡ ᠪᠠᠶᠢᠷᠢᠰᠢᠯ ᠢ ᠠᠬᠢᠭᠤᠯᠤᠨ ᠪᠦᠷᠢᠯᠳᠦᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠨᠢ ᠴᠢᠩᠭᠠᠳᠬᠠᠨ ᠪᠣᠳᠠᠲᠠᠶᠢᠵᠢᠭᠤᠯᠵᠤ᠂ ᠲᠠᠷᠢᠶᠠᠯᠠᠬᠤ ᠭᠠᠵᠠᠷ ᠤᠨ ᠬᠡᠮᠵᠢᠶ᠎ᠡ᠂ ᠴᠢᠨᠠᠷ᠂ ᠠᠮᠢ ᠠᠬᠤᠶ ︽ᠭᠤᠷᠪᠠ ᠶᠢ ᠨᠢᠭᠡ ᠴᠣᠭᠴᠠᠵᠢᠭᠤᠯᠬᠤ︾ ᠬᠠᠮᠠᠭᠠᠯᠠᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ      ︵ᠨᠢᠭᠡ︶ ᠲᠠᠷᠢᠶᠠᠯᠠᠬᠤ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠬᠠᠷᠢᠭᠤᠴᠠᠭᠰᠠᠨ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂ ᠣᠯᠠᠨ ᠨᠡᠶᠢᠲᠡ ᠪᠠᠷ ᠢᠶᠠᠨ ᠣᠷᠣᠯᠴᠠᠭᠰᠠᠨ᠂ ᠳᠡᠭᠡᠳᠦ ᠳᠤᠤᠷᠠᠳᠤ ᠱᠠᠲᠤᠨ ᠤ ᠬᠢᠨ ᠬᠠᠮᠲᠤᠷᠠᠨ ᠬᠥᠳᠡᠯᠦᠯᠴᠡᠭᠰᠡᠨ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠲᠤ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠬᠢᠯᠡᠯᠲᠡ ᠠᠴᠠ ᠨᠢ ᠴᠢᠩᠭ᠎ᠠ ᠡᠵᠡᠮᠳᠡᠬᠦ᠂ ᠶᠠᠪᠤᠴᠠ ᠳᠤ ᠨᠢ ᠴᠢᠩᠭ᠎ᠠ ᠬᠠᠮᠢᠶᠠᠷᠬᠤ᠂ ᠦᠷ᠎ᠡ ᠤᠷᠰᠢᠭ ᠢᠶᠠᠷ ᠨᠢ ᠴᠢᠩᠭ᠎ᠠ ᠵᠠᠯᠬᠠᠭᠠᠬᠤ ᠶᠢ ᠪᠡᠶᠡᠯᠡᠭᠦᠯᠦᠨ᠂ ᠲᠣᠰ ᠭᠠᠵᠠᠷ ᠣᠷᠣᠨ ᠤ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠪᠠᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠨᠢ ᠦᠨᠡᠨ ᠬᠦ ᠪᠠᠲᠤᠯᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠣᠯ ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠤᠨ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠬᠤ ᠲᠤᠯᠠ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠡᠭᠦᠷᠭᠡ ᠬᠠᠷᠢᠭᠤᠴᠠᠯᠭ᠎ᠠ ᠶᠢ ᠨᠢ ᠭᠦᠢᠴᠡᠳᠬᠡᠯᠭᠡᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠮᠠᠯᠴᠢᠨ ᠲᠠᠷᠢᠶᠠᠴᠢᠨ ᠪᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠨᠤᠭᠤᠳ ᠤᠨ ᠲᠠᠷᠢᠶᠠᠯᠠᠬᠤ ᠭᠠᠵᠠᠷ ᠢ ᠬᠠᠮᠠᠭᠠᠯᠠᠬᠤ ᠢᠳᠡᠪᠬᠢᠵᠢᠯ ᠢ ᠨᠢ ᠭᠦᠢᠴᠡᠳ ᠳᠠᠶᠢᠴᠢᠯᠠᠨ᠂ ᠲᠠᠷᠢᠶᠠᠯᠠᠬᠤ ᠭᠠᠵᠠᠷ ᠢ ᠬᠠᠮᠠᠭᠠᠯᠠᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ︽ᠲᠠᠷᠢᠶᠠᠨ ᠭᠠᠵᠠᠷ ᠤᠨ ᠳᠠᠷᠤᠭ᠎ᠠ ᠶᠢᠨ ᠲᠦᠷᠢᠮ︾ ᠢ ᠰᠦᠪᠡᠭᠴᠢᠯᠡᠨ ᠪᠠᠶᠢᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠵᠦ ᠪᠦᠬᠦᠨ ᠢ ᠬᠠᠮᠤᠷᠤᠭᠰᠠᠨ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠲᠣᠣᠷᠯᠢᠭ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠪᠠᠶᠢᠭᠤᠯᠬᠤ ᠶᠢ ᠠᠬᠢᠭᠤᠯᠤᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠢᠯᠠᠩᠭᠤᠶ᠎ᠠ ᠰᠤᠮᠤ ᠰᠢᠶᠠᠩ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠳᠤ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠲᠠᠷᠢᠶᠠᠯᠠᠬᠤ ᠭᠠᠵᠠᠷ ᠢ ᠬᠠᠮᠠᠭᠠᠯᠠᠬᠤ ᠨᠢᠭᠡᠳᠦᠭᠡᠷ ᠹᠷᠣᠨᠲ ᠳᠤ ᠬᠠᠤᠯᠢ ᠬᠡᠷᠡᠭᠵᠢᠭᠦᠯᠬᠦ ᠶᠢ ᠦᠨᠡᠨ ᠬᠦ ᠴᠢᠩᠭᠠᠳᠬᠠᠨ᠂ ᠲᠠᠷᠢᠶᠠᠯᠠᠬᠤ ᠭᠠᠵᠠᠷ ᠢ ᠰᠦᠢᠳᠬᠡᠵᠦ ᠪᠠᠶᠢᠭ᠎ᠠ ᠬᠠᠤᠯᠢ ᠪᠠ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠬᠤ ᠭᠠᠵᠠᠷ ᠢ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠢᠩᠭᠤ ᠬᠢᠨᠠᠯᠲᠠ ᠲᠠᠯᠪᠢᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤ ᠨᠢ ᠬᠠᠷᠢᠭᠤ ᠲᠤᠰᠬᠠᠵᠤ᠂ ᠴᠢᠩᠭ᠎ᠠ ᠰᠢᠮᠳᠠᠭᠤᠯᠵᠤ ᠴᠡᠭᠴᠡᠯᠡᠨ ᠰᠠᠢᠵᠢᠷᠠᠭᠤᠯᠤᠨ᠎ᠠ᠃      ︵ᠬᠤᠶᠠᠷ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠠᠵᠢᠯ ᠡᠭᠦᠷᠭᠡ ᠶᠢᠨ ᠶᠣᠰᠣᠭᠠᠷ᠂ ᠬᠤᠷᠰᠢᠨ ᠬᠠᠮᠵᠢᠯᠴᠠᠬᠤ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠬᠤ ᠠᠵᠢᠯ ᠢ ᠦᠨᠡᠨ ᠬᠦ ᠰᠠᠶᠢᠲᠤᠷ ᠠᠳᠬᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠪᠠᠨ ᠨᠠᠷᠢᠯᠢᠬᠵᠢᠭᠤᠯᠤᠨ ᠬᠤᠪᠢᠶᠠᠷᠢᠯᠠᠵᠤ᠂ ᠲᠠᠷᠢᠶᠠᠯᠠᠬᠤ ᠭᠠᠵᠠᠷ ᠢ ᠬᠠᠮᠠᠭᠠᠯᠠᠬᠤ ᠢᠯᠠᠩᠭᠤᠶ᠎ᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠢᠶᠠᠷᠤᠨ ᠬᠠᠮᠠᠭᠠᠯᠠᠬᠤ ᠲᠤᠨᠨᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠬᠦᠯᠬᠦ ᠬᠡᠷᠡᠭᠳᠡᠢ᠃ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠤᠨ ᠴᠢᠨᠠᠷ ᠢ ᠬᠠᠮᠠᠭᠠᠯᠠᠬᠤ ᠬᠢᠭᠡᠳ ᠴᠢᠨᠠᠷ ᠢ ᠨᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠵᠦ᠂ ᠲᠠᠷᠢᠶᠠᠯᠠᠬᠤ ᠭᠠᠵᠠᠷ ᠤᠨ ᠰᠡᠯᠭᠦᠨ ᠳᠠᠷᠢᠬᠤ ᠵᠢᠴᠢ ᠲᠠᠷᠢᠶᠠᠯᠠᠬᠤ ᠭᠠᠵᠠᠷ ᠤᠨ ᠥᠩ ᠰᠢᠮ᠎ᠡ ᠶᠢᠨ ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠬᠤ ᠭᠠᠵᠠᠷ ᠢ ᠠᠲᠠᠷᠰᠢᠭᠤᠯᠵᠤ ᠲᠠᠷᠢᠶᠠᠯᠠᠬᠤ ᠪᠠᠨ ᠪᠣᠯᠢᠬᠤ ᠶᠢ ᠴᠢᠩᠭ᠎ᠠ ᠰᠡᠷᠭᠡᠶᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠪᠠᠨ ᠰᠢᠯᠵᠢᠭᠦᠯᠦᠨ ᠡᠷᠭᠢᠯᠳᠦᠭᠦᠯᠬᠦ ᠶᠢ ᠡᠮᠬᠢ ᠵᠢᠷᠤᠮ ᠲᠠᠢ ᠬᠥᠲᠥᠯᠦᠨ ᠵᠢᠯᠣᠭᠤᠳᠴᠤ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠲᠤ ᠠᠮᠤ ᠪᠤᠳᠠᠭ᠎ᠠ ᠳᠠᠷᠢᠬᠤ ᠶᠢ ᠬᠥᠲᠥᠯᠦᠨ ᠵᠢᠯᠣᠭᠤᠳᠴᠤ᠂ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠨᠢ ᠬᠤᠷᠢᠭᠯᠠᠬᠤ ᠶᠢᠨ ᠬᠠᠮᠲᠤ᠂ ᠬᠥᠳᠡᠭᠡ ᠲᠣᠰᠬᠤᠨ ᠤ ᠲᠣᠰᠬᠤᠨ ᠤ ᠠᠷᠠᠳ ᠤᠨ ᠬᠠᠤᠯᠢ ᠪᠤᠰᠤ ᠪᠠᠷ ᠭᠠᠵᠠᠷ ᠰᠢᠷᠣᠶ ᠡᠵᠡᠯᠡᠨ ᠣᠷᠣᠨ ᠰᠠᠭᠤᠴᠠ ᠪᠠᠷᠢᠬᠤ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ︔ ᠲᠠᠷᠢᠶᠠᠯᠠᠬᠤ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠬᠦ ᠶᠢ ᠢᠳᠡᠪᠬᠢᠲᠡᠶ ᠵᠣᠬᠢᠶᠠᠨ ᠪᠠᠶᠢᠭᠤᠯᠵᠤ ᠥᠷᠨᠢᠭᠦᠯᠦᠨ᠂ ᠪᠣᠬᠢᠷᠲᠤᠭᠰᠠᠨ ᠲᠠᠷᠢᠶᠠᠯᠠᠬᠤ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠪᠠ ᠴᠢᠩᠭ᠎ᠠ ᠬᠠᠮᠢᠶᠠᠷᠤᠨ ᠡᠵᠡᠮᠳᠡᠬᠦ ᠪᠣᠳᠣᠯᠭ᠎ᠠ ᠬᠡᠷᠡᠭᠵᠢᠭᠦᠯᠦᠨ᠎ᠡ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠳᠤ ᠪᠡᠯᠡ ᠮᠥᠩᠭᠦᠨ ᠤ ᠳᠡᠮᠵᠢᠯᠭᠡ ᠦᠵᠡᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠯᠤᠭ᠎ᠠ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠶᠢ ᠬᠠᠮᠲᠤ ᠪᠠᠷ ᠴᠢᠩᠭᠠᠳᠬᠠᠬᠤ ᠬᠡᠷᠡᠭᠳᠡᠢ᠃ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠪᠣᠬᠢᠷᠲᠤᠯ ᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠬᠤ ᠬᠡᠷᠡᠭᠲᠡᠢ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠵᠦ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠪᠠᠨ ᠭᠦᠢᠴᠡᠳᠬᠡᠭᠰᠡᠨ ᠪᠠᠶᠢᠳᠠᠯ ᠤᠨ ᠰᠢᠯᠭᠠᠨ ᠬᠢᠨᠠᠬᠤ ᠠᠵᠢᠯ ᠳᠤ ᠣᠷᠣᠯᠴᠠᠬᠤ ᠬᠡᠷᠡᠭᠲᠡᠶ᠃ ᠬᠢᠨᠠᠨ ᠪᠣᠳᠣᠬᠤ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠨᠢ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠣᠳᠣᠬᠤ ᠠᠭᠤᠯᠭ᠎ᠠ ᠳᠤ ᠣᠷᠣᠭᠤᠯᠬᠤ ᠬᠡᠷᠡᠭᠲᠡᠶ᠃ ᠬᠥᠭᠵᠢᠭᠦᠯᠦᠯᠲᠡ ᠪᠠ ᠥᠭᠡᠷᠡᠴᠢᠯᠡᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠣᠶ ᠰᠢᠭᠤᠶ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠨᠢ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠪᠦᠲᠦᠭᠡᠨ ᠪᠠᠶᠢᠭᠤᠯᠬᠤ ᠠᠵᠢᠯ ᠳᠤ᠂ ᠲᠠᠷᠢᠶᠠᠯᠠᠬᠤ ᠭᠠᠵᠠᠷ ᠤᠨ ᠤᠯᠠᠭᠠᠨ ᠱᠤᠭᠤᠮ ᠤᠨ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠲᠠᠷᠢᠶᠠᠯᠠᠬᠤ ᠭᠠᠵᠠᠷ ᠢ ᠬᠠᠮᠠᠭᠠᠯᠠᠬᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ ᠬᠥᠭᠵᠢᠯᠲᠡ ᠶᠢ ᠪᠠᠲᠤᠯᠠᠬᠤ ᠭᠤᠷᠪᠠ ᠶᠢᠨ ᠬᠤᠭᠤᠷᠣᠨᠳᠣᠬᠢ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠦᠴᠦᠲᠡᠶ ᠬᠠᠮᠠᠭᠠᠯᠠᠬᠤ᠂ ᠪᠦᠲᠦᠮᠵᠢᠲᠡᠶ ᠪᠠᠲᠤᠯᠠᠬᠤ ᠪᠠ ᠡᠮᠬᠢ ᠵᠢᠷᠤᠮ ᠲᠠᠢ ᠨᠡᠭᠡᠭᠡᠨ ᠬᠥᠭᠵᠢᠭᠦᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃      ︵ᠭᠤᠷᠪᠠ︶ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢᠨ ᠰᠢᠯᠭᠠᠨ ᠬᠢᠨᠠᠬᠤ ᠳᠦᠷᠢᠮ ᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢᠨ ᠰᠢᠯᠭᠠᠨ ᠬᠢᠨᠠᠬᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠣᠯ ᠲᠠᠷᠢᠶᠠᠯᠠᠬᠤ ᠭᠠᠵᠠᠷ ᠤᠨ ᠪᠠᠶᠢᠬᠤ ᠬᠡᠮᠵᠢᠶ᠎ᠡ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠲᠠᠯᠠᠪᠠᠶ ᠶᠢ ᠰᠢᠯᠭᠠᠨ ᠬᠢᠨᠠᠵᠤ ᠪᠠᠶᠢᠭᠰᠠᠨ ᠠᠴᠠ ᠪᠠᠨ ᠲᠠᠷᠢᠶᠠᠯᠠᠬᠤ ᠭᠠᠵᠠᠷ ᠤᠨ ᠬᠡᠮᠵᠢᠶ᠎ᠡ᠂ ᠴᠢᠨᠠᠷ᠂ ᠠᠮᠢ ᠠᠬᠤᠶ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠢ ᠨᠢ ᠰᠢᠯᠭᠠᠨ ᠬᠢᠨᠠᠬᠤ ᠲᠡᠢᠰᠢ ᠬᠤᠪᠢᠷᠠᠭᠤᠯᠤᠨ᠎ᠠ᠃ ᠲᠠᠷᠢᠶᠠᠯᠠᠬᠤ ᠭᠠᠵᠠᠷ ᠤᠨ ᠪᠠᠶᠢᠬᠤ ᠬᠡᠮᠵᠢᠶ᠎ᠡ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠲᠠᠯᠠᠪᠠᠶ ᠶᠢ ᠨᠢ ᠪᠠᠲᠤᠯᠠᠭᠰᠠᠨ ᠰᠠᠭᠤᠷᠢᠨ ᠳᠡᠭᠡᠷ᠎ᠡ᠂ ᠲᠠᠷᠢᠶᠠᠯᠠᠬᠤ ᠭᠠᠵᠠᠷ ᠤᠨ ᠴᠢᠨᠠᠷ ᠪᠠ ᠠᠮᠢ ᠠᠬᠤᠶ ᠶᠢᠨ ᠬᠦᠴᠦᠨ ᠵᠦᠢᠯ ᠢ ᠰᠢᠯᠭᠠᠨ ᠬᠢᠨᠠᠬᠤ ᠶᠢᠨ ᠡᠵᠡᠯᠡᠬᠦ ᠬᠤᠪᠢᠳᠠᠯ ᠢ ᠨᠢ ᠨᠡᠮᠡᠭᠳᠡᠭᠦᠯᠦᠨ᠎ᠡ᠃ ᠲᠠᠷᠢᠶᠠᠯᠠᠬᠤ ᠭᠠᠵᠠᠷ ᠢ ᠬᠠᠮᠠᠭᠠᠯᠠᠬᠤ ᠡᠭᠦᠷᠭᠡ ᠪᠠᠷ ᠬᠦᠨᠳᠦ᠂ ᠬᠠᠮᠠᠭᠠᠯᠠᠬᠤ ᠬᠠᠷᠢᠭᠤᠴᠠᠯᠭ᠎ᠠ ᠪᠠ ᠦᠷ᠎ᠡ ᠪᠦᠲᠦᠮᠵᠢ ᠪᠠᠷ ᠲᠣᠪᠤᠶᠢᠮ᠎ᠠ ᠪᠠᠶᠢᠭ᠎ᠠ ᠠᠶᠢᠮᠠᠭ ᠬᠤᠲᠠ ᠶᠢ ᠰᠠᠢᠰᠢᠶᠠᠨ᠎ᠠ᠃ ᠡᠭᠦᠷᠭᠡ ᠲᠤᠰᠢᠶᠠᠯ ᠢᠶᠠᠨ ᠰᠠᠶᠢᠲᠤᠷ ᠭᠦᠢᠴᠡᠳᠬᠡᠭᠰᠡᠨ ᠥᠬᠡᠶ᠂ ᠴᠢᠩᠭ᠎ᠠ ᠬᠢᠨᠠᠨ ᠬᠠᠮᠢᠶᠠᠷᠤᠭᠰᠠᠨ ᠥᠬᠡᠶ᠂ ᠬᠠᠷᠢᠭᠤᠴᠠᠯᠭ᠎ᠠ ᠠᠯᠳᠠᠵᠤ ᠲᠤᠰᠢᠶᠠᠯ ᠳᠤ ᠪᠠᠨ ᠣᠰᠣᠯᠳᠠᠭᠰᠠᠨ ᠪᠠᠢᠪᠠᠯ᠂ ᠬᠠᠤᠯᠢ ᠪᠠ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃      ︵ᠳᠥᠷᠪᠡ︶ ᠲᠠᠷᠢᠶᠠᠯᠠᠬᠤ ᠭᠠᠵᠠᠷ ᠢ ᠬᠠᠮᠠᠭᠠᠯᠠᠬᠤ ᠲᠠᠯ᠎ᠠ ᠪᠠᠷ ᠬᠢ ᠢᠯᠡᠷᠡᠭᠦᠯᠦᠨ ᠬᠢᠨᠠᠵᠤ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠳᠤ ᠲᠣᠬᠢᠷᠠᠯᠴᠠᠭᠤᠯᠤᠨ᠂ ᠪᠦᠬᠦ ᠶᠠᠪᠤᠴᠠ ᠳᠤ ᠨᠢ ᠬᠢᠨᠠᠨ ᠬᠠᠮᠢᠶᠠᠷᠳᠠᠭ᠂ ᠴᠠᠭ ᠲᠤᠬᠠᠶ ᠳᠤ ᠨᠢ ᠣᠯᠵᠤ ᠮᠡᠳᠡᠳᠡᠭ᠂ ᠲᠦᠷᠭᠡᠨ ᠰᠢᠢᠳᠪᠦᠷᠢᠯᠡᠳᠡᠭ ᠲᠠᠷᠢᠶᠠᠯᠠᠬᠤ ᠭᠠᠵᠠᠷ ᠢ ᠬᠠᠮᠠᠭᠠᠯᠠᠬᠤ ᠰᠢᠨ᠎ᠡ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠭᠠᠵᠠᠷ ᠰᠢᠷᠣᠶ ᠶᠢᠨ ᠳᠠᠭᠠᠭᠤᠯᠢ ᠣᠳᠣᠨ ᠤ ᠵᠢᠷᠤᠭ ᠳᠦᠷᠰᠦ ᠪᠠᠷ ᠬᠠᠤᠯᠢ ᠬᠡᠷᠡᠭᠵᠢᠭᠦᠯᠬᠦ ᠠᠵᠢᠯ ᠲᠠᠢ ᠤᠶᠠᠯᠳᠤᠭᠤᠯᠤᠨ᠂ ᠪᠥᠬᠦ ᠣᠷᠣᠨ ᠤ ᠲᠠᠷᠢᠶᠠᠯᠠᠬᠤ ᠭᠠᠵᠠᠷ ᠲᠤ ᠰᠠᠷ᠎ᠠ ᠪᠦᠷᠢ ᠪᠥᠬᠦᠨ ᠢ ᠬᠠᠮᠤᠷᠤᠭᠰᠠᠨ ᠳᠠᠭᠠᠭᠤᠯᠢ ᠣᠳᠣᠨ ᠤ ᠵᠢᠷᠤᠭ ᠳᠦᠷᠰᠦ ᠪᠠᠷ ᠨᠢᠭᠡ ᠤᠳᠠᠭ᠎ᠠ ᠲᠣᠭᠤᠷᠢᠨ ᠪᠠᠶᠢᠴᠠᠭᠠᠬᠤ ᠶᠢᠨ ᠬᠠᠮᠲᠤ᠂ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠢᠶᠠᠷ ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠤᠨ ᠨᠠᠷᠢᠨ ᠬᠠᠭᠤᠳᠠᠰᠤ ᠶᠢ 5 ᠡᠳᠦᠷ ᠤᠨ ᠳᠣᠲᠣᠷ᠎ᠠ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠶᠠᠪᠤᠭᠤᠯᠤᠨ᠎ᠠ︔ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠠᠰᠠᠭᠤᠳᠠᠯ ᠤᠨ ᠨᠠᠷᠢᠨ ᠬᠠᠭᠤᠳᠠᠰᠤ ᠶᠢ ᠭᠥᠯᠢᠶᠡᠨ ᠠᠪᠤᠭᠰᠠᠨ 5 ᠡᠳᠦᠷ ᠤᠨ ᠳᠣᠲᠣᠷ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠳᠤ ᠶᠠᠪᠤᠭᠤᠯᠤᠨ᠎ᠠ︔ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠬᠤ ᠪᠠᠶᠢᠭᠤᠯᠤᠮᠵᠢ ᠶᠢᠨ ᠪᠣᠳᠠᠲᠠᠢ ᠭᠠᠵᠠᠷ ᠲᠤ ᠨᠢ ᠬᠠᠷᠭᠤᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠬᠠᠤᠯᠢ ᠠᠴᠠ ᠵᠥᠷᠢᠴᠡᠭᠰᠡᠨ ᠢ ᠨᠢ ᠨᠤᠲᠠᠯᠠᠭᠰᠠᠨ ᠪᠠᠶᠢᠪᠠᠯ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠴᠠᠭ ᠲᠤᠬᠠᠶ ᠳᠤ ᠨᠢ ᠰᠢᠢᠳᠪᠦᠷᠢᠯᠡᠬᠦ ᠶᠢᠨ ᠬᠠᠮᠲᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠲᠣᠭᠲᠠᠭᠠᠭᠰᠠᠨ ᠴᠠᠭ ᠬᠤᠭᠤᠴᠠᠭ᠎ᠠ ᠶᠣᠰᠣᠭᠠᠷ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠱᠠᠲᠤ ᠳᠠᠷᠠᠭᠠᠯᠠᠨ ᠮᠡᠳᠡᠭᠦᠯᠦᠨ᠎ᠡ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠠᠰᠠᠭᠤᠳᠠᠯ ᠤᠨ ᠨᠠᠷᠢᠨ ᠬᠠᠭᠤᠳᠠᠰᠤ ᠶᠢ ᠪᠠᠭᠤᠯᠭᠠᠭᠰᠠᠨ ᠠᠬᠢᠴᠠ᠂ ᠬᠤᠰᠢᠭᠤ ᠰᠢᠶᠠᠨ ︵ᠬᠤᠲᠠ᠂ ᠲᠣᠭᠤᠷᠢᠭ︶ ᠪᠠ ᠰᠤᠮᠤ ᠰᠢᠶᠠᠩ ᠪᠠᠯᠭᠠᠰᠤᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠵᠡᠷᠭᠡ ᠶᠢ ᠰᠢᠮᠳᠠᠭᠤᠯᠤᠨ ᠪᠠᠶᠢᠴᠠᠭᠠᠵᠤ᠂ ᠴᠠᠭ ᠲᠤᠬᠠᠶ ᠳᠤ ᠨᠢ ᠬᠠᠷᠭᠤᠭᠤᠯᠤᠨ ᠪᠠᠶᠢᠴᠠᠭᠠᠭᠰᠠᠨ ᠥᠬᠡᠶ ᠪᠠ ᠰᠢᠢᠳᠪᠦᠷᠢᠯᠡᠭᠰᠡᠨ ᠥᠬᠡᠶ ᠪᠠᠶᠢᠬᠤ ᠶᠢ ᠮᠡᠳᠡᠪᠡᠯ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤ ᠨᠢ ᠮᠡᠳᠡᠭᠦᠯᠬᠦ ᠶᠢᠨ ᠬᠠᠮᠲᠤ᠂ ᠳᠡᠭᠡᠳᠦ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠭᠤᠯᠤᠨ ᠮᠡᠳᠡᠭᠦᠯᠦᠨ᠎ᠡ᠃      ︵ᠲᠠᠪᠤ︶ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠪᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠠᠵᠢᠯ ᠢ ᠴᠢᠩᠭᠠᠷᠠᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠬᠤ ᠪᠠᠶᠢᠭᠤᠯᠤᠮᠵᠢ ᠪᠣᠯ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠭᠤᠤᠯ ᠴᠣᠭᠴᠠ ᠪᠣᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠬᠡᠷᠡᠭᠵᠢᠭᠦᠯᠬᠦ ᠬᠦᠴᠦᠨ ᠢᠶᠠᠨ ᠦᠨᠡᠨ ᠬᠦ ᠴᠢᠩᠭᠠᠷᠠᠭᠤᠯᠵᠤ᠂ ᠢᠯᠠᠩᠭᠤᠶ᠎ᠠ ᠰᠤᠮᠤ ᠰᠢᠶᠠᠩ ᠪᠠᠯᠭᠠᠰᠤᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠬᠢᠨᠠᠨ ᠰᠡᠷᠭᠡᠶᠢᠯᠡᠬᠦ ᠠᠵᠢᠯ ᠢ ᠤᠷᠢᠳ ᠢᠶᠠᠷ ᠬᠢᠬᠦ ᠪᠠ ᠭᠤᠤᠯᠳᠠᠯᠭ᠎ᠠ ᠪᠠᠨ ᠦᠨᠳᠦᠰᠦᠨ ᠱᠠᠲᠤᠨ ᠳᠤ ᠰᠢᠯᠵᠢᠭᠦᠯᠬᠦ ᠶᠢ ᠠᠬᠢᠭᠤᠯᠵᠤ᠂ ᠲᠠᠷᠢᠶᠠᠯᠠᠬᠤ ᠭᠠᠵᠠᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠬᠦ ᠶᠢᠨ ᠬᠠᠮᠲᠤ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠢ ᠰᠢᠮᠳᠠᠭᠤᠯᠤᠨ ᠪᠠᠶᠢᠴᠠᠭᠠᠬᠤ ᠪᠠᠶᠢᠭᠤᠯᠤᠮᠵᠢ ᠨᠢ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠤᠯᠢ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠦ᠂ ᠴᠢᠬᠤᠯᠠ ᠶᠡᠭᠡ ᠨᠡᠶᠢᠲᠡᠯᠢᠭ ᠬᠡᠷᠡᠭ ᠢ ᠢᠯᠡ ᠪᠠᠷ ᠨᠡᠪᠲᠡᠷᠡᠭᠦᠯᠦᠨ ᠮᠡᠳᠡᠭᠡᠯᠡᠬᠦ ᠪᠠ ᠨᠡᠷ᠎ᠡ ᠵᠢᠭᠠᠵᠤ ᠰᠢᠮᠳᠠᠭᠤᠯᠤᠨ ᠭᠦᠢᠴᠡᠳᠭᠡᠯᠭᠡᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠯ ᠪᠦᠷᠢ ᠬᠠᠤᠯᠢ ᠠᠴᠠ ᠵᠥᠷᠢᠴᠡᠨ ᠲᠠᠷᠢᠶᠠᠯᠠᠬᠤ ᠭᠠᠵᠠᠷ ᠢ ᠡᠵᠡᠯᠡᠵᠦ ᠬᠡᠷᠡᠭᠯᠡᠭᠰᠡᠨ ᠲᠠᠯᠠᠪᠠᠶ ᠶᠢᠨ ᠬᠠᠷᠢᠴᠠᠯ ᠨᠢ ᠶᠡᠭᠡ᠂ ᠲᠠᠷᠢᠶᠠᠯᠠᠬᠤ ᠪᠠᠨ ᠪᠣᠯᠢᠵᠤ ᠠᠲᠠᠷᠰᠢᠭᠤᠯᠤᠭᠰᠠᠨ ᠪᠠᠶᠢᠳᠠᠯ ᠢᠶᠠᠷ ᠬᠦᠨᠳᠦ ᠨᠣᠴᠢᠲᠠᠶ ᠪᠠᠶᠢᠭ᠎ᠠ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠢ ᠡᠳᠦᠢ ᠲᠡᠳᠦᠢ ᠰᠣᠩᠭᠤᠵᠤ ᠰᠢᠮᠳᠠᠭᠤᠯᠵᠤ ᠪᠠᠶᠢᠴᠠᠭᠠᠭᠰᠠᠨ ᠰᠠᠨᠠᠯ ᠤᠨ ᠪᠢᠴᠢᠭ ᠪᠠᠭᠤᠯᠭᠠᠵᠤ᠂ ᠬᠠᠮᠢᠶ᠎ᠠ ᠪᠥᠬᠦᠶ ᠬᠠᠷᠢᠭᠤᠴᠠᠯᠭᠠᠲᠠᠨ ᠯᠤᠭ᠎ᠠ ᠪᠣᠯᠵᠣᠨ ᠶᠠᠷᠢᠯᠴᠠᠨ᠎ᠠ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠳᠡᠪᠰᠢᠭᠦᠯᠵᠦ ᠬᠠᠮᠢᠶ᠎ᠠ ᠪᠥᠬᠦᠶ ᠬᠠᠷᠢᠭᠤᠴᠠᠯᠭᠠᠲᠠᠨ ᠳᠤ ᠨᠢ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠪᠦᠷᠢᠯᠡᠯᠲᠡ ᠥᠭᠬᠦ ᠪᠠᠷ ᠳᠤᠷᠠᠳᠤᠯᠭ᠎ᠠ ᠳᠡᠪᠰᠢᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠲᠠᠷᠢᠶᠠᠯᠠᠬᠤ ᠭᠠᠵᠠᠷ ᠢ ᠰᠦᠢᠳᠭᠡᠵᠦ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠰᠢᠯᠵᠢᠭᠦᠯᠦᠨ ᠲᠤᠰᠢᠶᠠᠬᠤ ᠡᠷᠴᠢᠮ ᠢᠶᠠᠨ ᠴᠢᠩᠭᠠᠷᠠᠭᠤᠯᠵᠤ᠂ ᠬᠦᠴᠦᠲᠡᠢ ᠳᠠᠷᠤᠯᠲᠠ ᠦᠵᠡᠭᠦᠯᠦᠨ ᠰᠦᠷᠳᠡᠭᠦᠯᠬᠦ ᠪᠠᠶᠢᠳᠠᠯ ᠢ ᠪᠣᠶ ᠪᠣᠯᠭᠠᠬᠤ ᠬᠡᠷᠡᠭᠲᠡᠶ᠃      ᠬᠤᠶᠠᠷ᠂ ᠲᠠᠷᠢᠶᠠᠯᠠᠬᠤ ᠭᠠᠵᠠᠷ ᠤᠨ ᠲᠥᠯᠥᠪᠵᠢᠭᠦᠯᠭᠡ ᠪᠠ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠪᠠᠨ ᠪᠦᠬᠦ ᠲᠠᠯ᠎ᠠ ᠪᠠᠷ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠳᠤ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ      ︵ᠵᠢᠷᠭᠤᠭ᠎ᠠ︶ ᠲᠠᠷᠢᠶᠠᠯᠠᠬᠤ ᠭᠠᠵᠠᠷ ᠤᠨ ᠲᠥᠯᠥᠪᠵᠢᠭᠦᠯᠵᠦ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠤᠲᠠ ᠪᠠᠯᠭᠠᠰᠤ᠂ ᠲᠠᠷᠢᠶᠠᠯᠠᠩ᠂ ᠠᠮᠢ ᠠᠬᠤᠶ ᠭᠤᠷᠪᠠᠨ ᠲᠥᠷᠥᠯ ᠤᠨ ᠣᠷᠣᠨ ᠵᠠᠶ ᠶᠢ ᠵᠣᠬᠢᠰᠲᠠᠶ ᠬᠤᠪᠢᠶᠠᠷᠢᠯᠠᠵᠤ ᠲᠣᠭᠲᠠᠭᠠᠨ᠂ ᠭᠠᠵᠠᠷ ᠰᠢᠷᠣᠶ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠤᠨ᠎ᠠ᠃ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠥᠯᠥᠪᠯᠡᠨ ᠲᠣᠬᠢᠷᠠᠭᠤᠯᠬᠤ ᠬᠢᠭᠡᠳ ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠬᠢᠷᠢ ᠬᠡᠮᠵᠢᠶ᠎ᠡ᠂ ᠲᠠᠷᠢᠶᠠᠯᠠᠬᠤ ᠭᠠᠵᠠᠷ ᠢ ᠨᠦᠬᠦᠪᠦᠷᠢᠯᠡᠬᠦ ᠴᠢᠳᠠᠪᠤᠷᠢ ᠯᠤᠭ᠎ᠠ ᠬᠤᠯᠪᠣᠭᠳᠠᠭᠤᠯᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠦᠯᠡᠳᠡᠭᠡᠯ ᠬᠡᠪᠴᠢᠶ᠎ᠡ ᠪᠠᠷ ᠨᠡᠯᠢᠶᠡᠳ ᠶᠡᠭᠡ᠂ ᠠᠰᠢᠭᠯᠠᠵᠤ ᠪᠠᠶᠢᠭ᠎ᠠ ᠨᠢ ᠪᠦᠳᠦᠭᠦᠯᠢᠭ᠂ ᠲᠠᠷᠢᠶᠠᠯᠠᠬᠤ ᠭᠠᠵᠠᠷ ᠤᠨ ᠪᠡᠯᠡᠳᠬᠡᠯ ᠡᠬᠢ ᠪᠠᠶᠠᠯᠢᠭ ᠨᠢ ᠭᠦᠢᠴᠡᠳ ᠪᠤᠰᠤ ᠪᠠᠶᠢᠭ᠎ᠠ ᠭᠠᠵᠠᠷ ᠣᠷᠣᠨ ᠳᠤ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠢ ᠲᠣᠬᠢᠷᠠᠮᠵᠢᠲᠠᠢ ᠲᠣᠬᠢᠷᠠᠭᠤᠯᠤᠯᠲᠠ ᠬᠢᠵᠦ ᠪᠠᠭᠠᠰᠬᠠᠨ᠂ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠥᠲᠥᠯᠥᠨ ᠵᠢᠯᠣᠭᠤᠳᠴᠤ ᠪᠠᠶᠢᠭᠠᠳ ᠠᠯᠢ ᠪᠣᠯᠬᠤ ᠪᠠᠷ ᠲᠠᠷᠢᠶᠠᠯᠠᠬᠤ ᠭᠠᠵᠠᠷ ᠢ ᠡᠵᠡᠯᠡᠭᠦᠯᠬᠦ ᠦᠭᠡᠶ ᠪᠤᠶᠤ ᠪᠠᠭ᠎ᠠ ᠡᠵᠡᠯᠡᠭᠦᠯᠦᠨ᠎ᠡ᠃ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ ᠲᠠᠯ᠎ᠠ ᠶᠢᠨ ᠨᠤᠲᠠᠯᠠᠯᠲᠠ ᠬᠢᠬᠦ ᠪᠠᠨ ᠴᠢᠩᠭᠠᠳᠬᠠᠨ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ ᠬᠡᠪᠴᠢᠶ᠎ᠡ ᠶᠢ ᠴᠢᠩᠭ᠎ᠠ ᠬᠢᠨᠠᠨ ᠲᠣᠭᠲᠠᠭᠠᠵᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠠᠴᠠ ᠵᠥᠷᠢᠴᠡᠨ ᠳᠤᠷ᠎ᠠ ᠪᠠᠷ ᠢᠶᠠᠨ ᠭᠠᠵᠠᠷ ᠰᠣᠩᠭᠤᠨ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ ᠶᠢ ᠡᠷᠡᠰ ᠬᠤᠷᠢᠭᠯᠠᠨ᠎ᠠ᠃ ᠱᠠᠭᠠᠷᠳᠠᠯᠭ᠎ᠠ ᠶᠣᠰᠣᠭᠠᠷ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠴᠡᠭᠴᠡᠯᠡᠨ ᠰᠠᠶᠢᠵᠢᠷᠠᠭᠤᠯᠵᠤ ᠨᠥᠬᠦᠪᠥᠷᠢᠯᠡᠨ ᠬᠤᠪᠢᠶᠠᠷᠢᠯᠠᠬᠤ ᠠᠵᠢᠯ ᠢ ᠥᠷᠨᠢᠭᠦᠯᠵᠦ᠂ ᠦᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ ᠲᠣᠭᠲᠠᠭᠠᠬᠤ ᠪᠠ ᠲᠣᠬᠢᠷᠠᠭᠤᠯᠬᠤ ᠶᠢᠨ ᠣᠨᠣᠪᠴᠢᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠢᠶᠠᠯᠠᠬᠤ ᠭᠠᠵᠠᠷ ᠢᠯᠠᠩᠭᠤᠶ᠎ᠠ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃      ︵ᠳᠣᠯᠤᠭ᠎ᠠ︶ ᠲᠠᠷᠢᠶᠠᠯᠠᠬᠤ ᠭᠠᠵᠠᠷ ᠤᠨ ᠬᠡᠷᠡᠭᠴᠡᠭᠡ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠲᠠᠷᠢᠶᠠᠯᠠᠬᠤ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠨᠢ ᠬᠤᠷᠢᠭᠯᠠᠨ ᠵᠣᠭᠰᠣᠭᠠᠬᠤ ᠲᠤᠬᠠᠶ ᠲᠥᠪ ᠤᠨ ᠬᠠᠮᠢᠶ᠎ᠠ ᠪᠦᠬᠦᠢ ᠲᠣᠭᠲᠠᠭᠠᠯ ᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠴᠢᠩᠭ᠎ᠠ ᠴᠠᠭᠠᠵᠠᠯᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠨᠢ ᠬᠤᠷᠢᠭᠯᠠᠨ᠎ᠠ᠃ ᠲᠠᠷᠢᠶᠠᠯᠠᠬᠤ ᠭᠠᠵᠠᠷ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠲᠡᠢᠰᠢ ᠬᠤᠪᠢᠷᠠᠭᠤᠯᠬᠤ ᠶᠢ ᠨᠢ ᠵᠠᠬᠢᠷᠤᠨ ᠬᠠᠮᠢᠶᠠᠷᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠡᠷᠢᠶᠠᠯᠠᠬᠤ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠨᠢ ᠬᠤᠷᠢᠭᠯᠠᠨ ᠵᠣᠭᠰᠣᠭᠠᠨ᠎ᠠ︔ ᠲᠠᠷᠢᠶᠠᠯᠠᠩ ᠳᠤ ᠬᠡᠷᠡᠭᠯᠡᠬᠦ ᠭᠠᠵᠠᠷ ᠤᠨ ᠳᠣᠲᠣᠭᠠᠳᠤ ᠳᠠᠬᠢ ᠲᠠᠷᠢᠶᠠᠯᠠᠬᠤ ᠭᠠᠵᠠᠷ ᠢ ᠣᠶᠢᠲᠤ ᠭᠠᠵᠠᠷ᠂ ᠴᠡᠴᠡᠷᠯᠢᠭᠳᠦ ᠭᠠᠵᠠᠷ᠂ ᠪᠡᠯᠴᠢᠭᠡᠷ ᠭᠠᠵᠠᠷ᠂ ᠲᠠᠷᠢᠶᠠᠯᠠᠩ ᠤᠨ ᠪᠡᠯᠡᠳᠬᠡᠮᠵᠢ ᠳᠤ ᠬᠡᠷᠡᠭᠯᠡᠬᠦ ᠭᠠᠵᠠᠷ ᠵᠡᠷᠭᠡ ᠲᠡᠶᠢᠰᠢ ᠬᠤᠪᠢᠷᠠᠭᠤᠯᠬᠤ ᠶᠢ ᠨᠢ ᠵᠠᠬᠢᠷᠤᠨ ᠬᠠᠮᠢᠶᠠᠷᠬᠤ ᠪᠠᠨ ᠴᠢᠩᠭᠠᠳᠬᠠᠵᠤ᠂ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠨᠢ ᠬᠤᠷᠢᠭᠯᠠᠨ᠎ᠠ᠃ ᠲᠠᠷᠢᠶᠠᠯᠠᠬᠤ ᠭᠠᠵᠠᠷ ᠤᠨ ᠠᠰᠢᠭᠯᠠᠯᠲᠠ ᠶᠢᠨ ᠲᠡᠷᠢᠭᠦᠨ ᠳᠤ ᠬᠡᠷᠡᠭᠯᠡᠬᠦ ᠳᠠᠷᠠᠭᠠᠯᠠᠯ ᠢ ᠲᠣᠳᠣᠷᠬᠠᠶ ᠲᠣᠭᠲᠠᠭᠠᠨ᠂ ᠦᠨᠢᠳᠡ ᠶᠢᠨ ᠦᠨᠳᠦᠰᠦᠨ ᠲᠠᠷᠢᠶᠠᠨ ᠭᠠᠵᠠᠷ ᠢ ᠠᠮᠤ ᠪᠤᠳᠠᠭ᠎ᠠ ᠢᠯᠠᠩᠭᠤᠶ᠎ᠠ ᠬᠦᠨᠡᠰᠦᠨ ᠠᠮᠤ ᠶᠢᠨ ᠦᠢᠯᠡᠳᠪᠦᠷᠢᠯᠡᠯ ᠳᠤ ᠭᠤᠣᠯᠳᠠᠯᠭ᠎ᠠ ᠲᠠᠢ ᠬᠡᠷᠡᠭᠯᠡᠵᠦ᠂ ᠡᠩ ᠤᠨ ᠲᠠᠷᠢᠶᠠᠯᠠᠬᠤ ᠭᠠᠵᠠᠷ ᠢ ᠭᠤᠣᠯᠳᠠᠭᠤ ᠠᠮᠤ ᠪᠤᠳᠠᠭ᠎ᠠ ᠪᠠ ᠬᠥᠪᠥᠩ᠂ ᠲᠣᠰᠣ᠂ ᠰᠢᠬᠢᠷ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠡᠵᠢᠭᠡᠯ ᠡᠪᠡᠰᠦ ᠪᠣᠷᠳᠤᠭ᠎ᠠ ᠶᠢᠨ ᠦᠢᠯᠡᠳᠪᠦᠷᠢᠯᠡᠯ ᠳᠤ ᠬᠡᠷᠡᠭᠯᠡᠨ᠎ᠡ᠃      ︵ᠨᠠᠢᠮᠠ︶ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ ᠴᠢᠩᠭᠠᠷᠠᠭᠤᠯᠤᠨ᠎ᠠ᠃ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ ᠲᠣᠭᠲᠠᠭᠠᠬᠤ ᠪᠠ ᠬᠠᠮᠠᠭᠠᠯᠠᠬᠤ ᠶᠢ ᠴᠢᠩᠳᠠᠯᠠᠵᠤ᠂ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯ ᠳᠠᠬᠢ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠢᠵᠠᠭᠠᠷᠯᠠᠯ ᠢ ᠴᠢᠩᠭᠠᠷᠠᠭᠤᠯᠤᠨ᠎ᠠ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠤᠯᠢ ᠶᠣᠰᠣᠭᠠᠷ ᠬᠤᠪᠢᠶᠠᠷᠢᠯᠠᠵᠤ ᠲᠣᠭᠲᠠᠭᠠᠭᠰᠠᠨ ᠤ ᠳᠠᠷᠠᠭ᠎ᠠ᠂ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠳᠤᠷ᠎ᠠ ᠪᠠᠷ ᠢᠶᠠᠨ ᠡᠵᠡᠯᠡᠨ ᠬᠡᠷᠡᠭᠯᠡᠬᠦ ᠪᠤᠶᠤ ᠬᠡᠷᠡᠭᠴᠡᠭᠡ ᠶᠢ ᠨᠢ ᠬᠤᠪᠢᠷᠠᠭᠤᠯᠵᠤ ᠪᠣᠯᠬᠤ ᠥᠬᠡᠶ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠰᠠᠭᠤᠷᠢ ᠪᠡᠯᠡᠳᠬᠡᠮᠵᠢ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠠᠵᠢᠯ ᠢ ᠪᠠᠶᠢᠷᠢᠰᠢᠭᠤᠯᠬᠤ ᠳᠤ ᠪᠠᠨ ᠡᠷᠬᠡᠪᠰᠢ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠭᠤᠯᠤᠯ ᠯᠤᠭ᠎ᠠ ᠭᠦᠢᠴᠡᠳ ᠵᠣᠯᠭᠠᠯᠳᠤᠭᠤᠯᠬᠤ ᠬᠡᠷᠡᠭᠲᠡᠶ᠂ ᠵᠠᠷᠴᠢᠮ ᠳᠡᠭᠡᠷ᠎ᠡ ᠪᠠᠨ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠵᠠᠭᠠᠭ ᠬᠢᠵᠠᠭᠠᠷ ᠠᠴᠠ ᠳᠠᠪᠠᠭᠤᠯᠵᠤ ᠪᠣᠯᠬᠤ ᠦᠭᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠪᠠ ︽ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠨᠦᠬᠡᠨ ᠭᠡᠷ ᠮᠠᠯᠲᠠᠬᠤ᠂ ᠭᠡᠷ ᠪᠠᠶᠢᠰᠢᠩ ᠪᠠᠷᠢᠬᠤ᠂ ᠪᠤᠯᠠᠰᠢ ᠶᠢᠨ ᠭᠠᠵᠠᠷ ᠪᠣᠯᠭᠠᠬᠤ᠂ ᠬᠠᠶᠢᠷ ᠮᠠᠯᠲᠠᠬᠤ᠂ ᠴᠢᠯᠠᠭᠤ ᠭᠠᠷᠭᠠᠬᠤ᠂ ᠠᠭᠤᠷᠬᠠᠶ ᠮᠠᠯᠲᠠᠬᠤ᠂ ᠰᠢᠷᠣᠶ ᠠᠪᠬᠤ᠂ ᠬᠠᠲᠠᠭᠤ ᠪᠡᠶᠡᠲᠦ ᠬᠠᠶᠠᠭᠳᠠᠮᠠᠯ ᠡᠳ᠋ ᠣᠪᠣᠭᠠᠯᠠᠬᠤ ᠪᠤᠶᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠪᠳᠡᠭᠰᠡᠨ ᠪᠤᠰᠤᠳ ᠦᠢᠯᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠣᠶ ᠰᠢᠭᠤᠶ ᠵᠢᠮᠢᠰ ᠤᠨ ᠦᠢᠯᠡᠰ ᠢ ᠬᠥᠭᠵᠢᠭᠦᠯᠬᠦ ᠪᠠ ᠨᠠᠭᠤᠷ ᠭᠠᠷᠭᠠᠵᠤ ᠵᠢᠭᠠᠰᠤ ᠲᠡᠵᠢᠭᠡᠬᠦ ᠶᠢ ᠴᠠᠭᠠᠵᠠᠯᠠᠨ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠰᠤᠯᠠ ᠲᠠᠯᠪᠢᠬᠤ ᠪᠠ ᠠᠲᠠᠷᠰᠢᠭᠤᠯᠬᠤ ᠶᠢ ᠬᠤᠷᠢᠭᠯᠠᠨ ᠴᠠᠭᠠᠵᠠᠯᠠᠨ᠎ᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠳᠤ ᠠᠯᠢ ᠴᠢᠳᠠᠬᠤ ᠪᠠᠷ ᠥᠨᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠵᠠᠶᠢᠲᠠᠢ ᠪᠠᠶᠢᠯᠭᠠᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠠ ᠲᠠᠷᠢᠶᠠᠯᠠᠬᠤ ᠶᠢ ᠨᠢ ᠵᠣᠭᠰᠣᠭᠠᠬᠤ ᠠᠮᠢ ᠠᠬᠤᠶ ᠶᠢᠨ ᠲᠥᠷᠥᠯ ᠵᠦᠢᠯ ᠳᠤ ᠪᠣᠯ ᠨᠦᠬᠦᠪᠦᠷᠢᠯᠡᠨ ᠬᠤᠪᠢᠶᠠᠷᠢᠯᠠᠬᠤ ᠶᠢ ᠪᠡᠶᠡᠯᠡᠭᠦᠯᠵᠦ ᠳᠡᠶᠢᠯᠬᠦ ᠤᠷᠢᠲᠠᠯ ᠳᠣᠣᠷ᠎ᠠ᠂ ᠲᠥᠷᠥᠯ ᠵᠦᠢᠯ ᠤᠨ ᠲᠣᠭᠤᠷᠢᠭ ᠲᠠᠬᠢ ᠲᠠᠷᠢᠶᠠᠯᠠᠬᠤ ᠭᠠᠵᠠᠷ ᠤᠨ ᠴᠢᠨᠠᠷ ᠳᠡᠰ ᠨᠢ ᠳᠣᠣᠷ᠎ᠠ᠂ ᠨᠠᠯᠠᠤ ᠶᠢᠨ ᠲᠠᠯᠠᠪᠠᠢ ᠨᠢ ᠶᠡᠭᠡ᠂ ᠲᠠᠷᠠᠬᠠᠢ ᠪᠠᠶᠢᠭ᠎ᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠲᠤ ᠲᠠᠷᠢᠶᠠᠯᠠᠬᠤ ᠶᠢ ᠨᠢ ᠵᠣᠭᠰᠣᠭᠠᠬᠤ ᠶᠢ ᠤᠷᠢᠳ ᠢᠶᠠᠷ ᠬᠡᠷᠡᠭᠵᠢᠭᠦᠯᠦᠨ᠎ᠡ᠃      ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠢ ᠰᠣᠩᠭᠤᠬᠤ ᠳᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠵᠠᠶᠢᠲᠠᠢ ᠪᠠᠶᠢᠯᠭᠠᠵᠤ᠂ ᠤᠯᠤᠰ ᠤᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠴᠡᠷᠢᠭ ᠤᠨ ᠶᠠᠪᠤᠳᠠᠯ ᠤᠨ ᠪᠡᠯᠡᠳᠬᠡᠮᠵᠢ ᠵᠡᠷᠭᠡ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠢ ᠰᠣᠩᠭᠤᠬᠤ ᠳᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠵᠠᠶᠢᠲᠠᠢ ᠭᠠᠵᠠᠷ ᠢ ᠰᠣᠩᠭᠤᠬᠤ ᠳᠤ ᠪᠡᠷᠬᠡᠲᠡᠶ ᠪᠠᠶᠢᠪᠠᠯ᠂ ᠡᠷᠬᠡᠪᠰᠢ ᠪᠣᠯᠤᠮᠵᠢᠲᠤ ᠰᠤᠳᠤᠯᠤᠯ ᠬᠢᠵᠦ ᠪᠠᠶᠢᠭ᠎ᠠ ᠱᠠᠲᠤᠨ ᠳᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢᠨ ᠴᠢᠬᠤᠯᠠ ᠴᠢᠨᠠᠷ᠂ ᠵᠦᠢ ᠶᠣᠰᠣᠴᠢ ᠴᠢᠨᠠᠷ ᠪᠠ ᠨᠥᠬᠦᠪᠥᠷᠢᠯᠡᠨ ᠬᠤᠪᠢᠶᠠᠷᠢᠯᠠᠬᠤ ᠲᠥᠰᠦᠯ ᠤᠨ ᠪᠣᠯᠤᠮᠵᠢᠲᠤ ᠴᠢᠨᠠᠷ ᠲᠤ ᠴᠢᠩᠭ᠎ᠠ ᠨᠤᠲᠠᠯᠠᠯᠲᠠ ᠬᠢᠵᠦ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠳᠤᠷ᠎ᠠ ᠪᠠᠷ ᠢᠶᠠᠨ ᠲᠣᠬᠢᠷᠠᠭᠤᠯᠤᠯᠲᠠ ᠬᠢᠬᠦ ᠪᠠᠷ ᠳᠠᠮᠵᠢᠭᠤᠯᠤᠨ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠪᠠᠨ ᠬᠢᠨᠠᠨ ᠵᠥᠪᠰᠢᠶᠡᠷᠡᠭᠦᠯᠬᠦ ᠠᠴᠠ ᠳᠠᠯᠳᠠᠯᠠᠨ ᠵᠠᠶᠢᠯᠠᠬᠤ ᠶᠢ ᠨᠢ ᠴᠢᠩᠭ᠎ᠠ ᠬᠤᠷᠢᠭᠯᠠᠨ᠎ᠠ᠃      ︵ᠶᠢᠰᠦ︶ ᠮᠠᠯᠴᠢᠨ ᠲᠠᠷᠢᠶᠠᠴᠢᠳ ᠤᠨ ᠲᠠᠷᠢᠶᠠᠯᠠᠬᠤ ᠭᠠᠵᠠᠷ ᠢ ᠡᠵᠡᠯᠡᠨ ᠭᠡᠷ ᠪᠠᠶᠢᠰᠢᠩ ᠪᠠᠷᠢᠬᠤ ᠲᠠᠯ᠎ᠠ ᠶᠢᠨ ᠬᠠᠮᠢᠶᠠᠷᠤᠯᠲᠠ ᠶᠢ ᠴᠢᠩᠳᠠᠯᠠᠨ᠎ᠠ᠃ ᠠᠶᠢᠯ ᠲᠣᠰᠬᠤᠨ ᠤ ᠲᠥᠯᠥᠪᠵᠢᠭᠦᠯᠭᠡ ᠶᠢᠨ ᠨᠠᠶᠢᠷᠠᠭᠤᠯᠤᠨ ᠵᠣᠬᠢᠶᠠᠬᠤ ᠠᠵᠢᠯ ᠢ ᠢᠳᠡᠪᠬᠢᠲᠡᠶ ᠪᠥᠭᠡᠳ ᠡᠮᠬᠢ ᠵᠢᠷᠤᠮ ᠲᠠᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠴᠡᠭ ᠲᠤ ᠬᠡᠷᠡᠭᠯᠡᠬᠦ ᠭᠠᠵᠠᠷ ᠤᠨ ᠪᠠᠶᠢᠷᠢᠰᠢᠭᠤᠯᠤᠯ ᠪᠠ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠲᠣᠭᠲᠠᠭᠠᠨ᠎ᠠ᠃ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠲᠥᠪᠯᠡᠷᠡᠭᠦᠯᠦᠨ ᠭᠡᠷ ᠪᠠᠷᠢᠬᠤ ᠪᠤᠶᠤ ᠤᠭ ᠭᠠᠵᠠᠷ ᠲᠤ ᠨᠢ ᠳᠠᠬᠢᠨ ᠪᠠᠶᠢᠭᠤᠯᠵᠤ᠂ ᠠᠶᠢᠯ ᠲᠣᠰᠬᠤᠨ ᠤ ᠳᠣᠲᠣᠭᠠᠳᠤ ᠳᠠᠬᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠪᠠ ᠠᠰᠢᠭᠯᠠᠭᠠᠳᠤᠶ ᠭᠠᠵᠠᠷ ᠢ ᠭᠦᠢᠴᠡᠳ ᠠᠰᠢᠭᠯᠠᠨ᠂ ᠲᠠᠷᠢᠶᠠᠯᠠᠬᠤ ᠭᠠᠵᠠᠷ ᠢ ᠠᠯᠢ ᠪᠣᠯᠬᠤ ᠪᠠᠷ ᠡᠵᠡᠯᠡᠬᠦ ᠦᠭᠡᠶ ᠪᠤᠶᠤ ᠪᠠᠭ᠎ᠠ ᠡᠵᠡᠯᠡᠭᠦᠯᠦᠨ᠎ᠡ᠃ ᠮᠠᠯᠴᠢᠨ ᠲᠠᠷᠢᠶᠠᠴᠢᠳ ᠭᠡᠷ ᠪᠠᠶᠢᠰᠢᠩ ᠪᠠᠷᠢᠬᠤ ᠪᠠᠨ ᠵᠥᠪᠰᠢᠶᠡᠷᠡᠭᠦᠯᠦᠭᠡᠳ ᠲᠠᠷᠢᠶᠠᠯᠠᠬᠤ ᠭᠠᠵᠠᠷ ᠢ ᠦᠨᠡᠨ ᠬᠦ ᠡᠵᠡᠯᠡᠨ ᠬᠡᠷᠡᠭᠯᠡᠬᠦ ᠴᠢᠬᠤᠯᠠᠲᠠᠢ ᠪᠣᠯ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠢ ᠪᠠᠶᠢᠯᠭᠠᠬᠤ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠎ᠡ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠭᠡᠷ ᠪᠠᠶᠢᠰᠢᠩ ᠪᠠᠷᠢᠬᠤ ᠶᠢ ᠴᠢᠩᠭ᠎ᠠ ᠴᠠᠭᠠᠵᠠᠯᠠᠵᠤ᠂ ︽ᠨᠢᠭᠡ ᠡᠷᠦᠬᠡ ᠳᠤ ᠨᠢᠭᠡ ᠣᠷᠣᠨ ᠰᠠᠭᠤᠴᠠ ᠶᠢᠨ ᠰᠠᠭᠤᠷᠢ ᠭᠠᠵᠠᠷ ᠲᠠᠢ ᠪᠠᠶᠢᠯᠭᠠᠬᠤ︾ ᠳᠦᠷᠢᠮ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠳᠣᠷᠬᠠᠢ ᠲᠣᠭᠲᠠᠭᠠᠭᠰᠠᠨ ᠣᠷᠣᠨ ᠰᠠᠭᠤᠴᠠ ᠶᠢᠨ ᠰᠠᠭᠤᠷᠢ ᠭᠠᠵᠠᠷ ᠤᠨ ᠲᠠᠯᠠᠪᠠᠢ ᠶᠢᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠮᠠᠯᠴᠢᠨ ᠲᠠᠷᠢᠶᠠᠴᠢᠳ ᠤᠨ ᠭᠡᠷ ᠪᠠᠶᠢᠰᠢᠩ ᠪᠠᠷᠢᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠢᠯᠠᠩᠭᠤᠶ᠎ᠠ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠵᠤ ᠬᠥᠳᠡᠯᠦᠯᠴᠡᠭᠰᠡᠨ᠂ ᠵᠣᠬᠢᠴᠠᠯᠳᠤᠵᠤ ᠬᠠᠮᠵᠢᠯᠴᠠᠭᠰᠠᠨ᠂ ᠵᠡᠷᠭᠡ ᠳᠤ ᠨᠢ ᠠᠳᠬᠤᠵᠤ ᠬᠠᠮᠲᠤ ᠪᠠᠷ ᠬᠠᠮᠢᠶᠠᠷᠤᠭᠰᠠᠨ ᠮᠠᠯᠴᠢᠨ ᠲᠠᠷᠢᠶᠠᠴᠢᠳ ᠤᠨ ᠭᠡᠷ ᠪᠠᠶᠢᠰᠢᠩ ᠪᠠᠷᠢᠬᠤ ᠶᠢ ᠨᠢ ᠬᠠᠮᠢᠶᠠᠷᠤᠨ ᠡᠵᠡᠮᠳᠡᠬᠦ ᠪᠠᠶᠢᠷᠢᠰᠢᠯ ᠢ ᠪᠣᠶ ᠪᠣᠯᠭᠠᠨ᠎ᠠ᠃      ︵ᠠᠷᠪᠠ︶ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠵᠦ ︽ᠲᠠᠷᠢᠶᠠᠯᠠᠩ ᠤᠨ ᠪᠤᠰᠤ ᠪᠣᠯᠭᠠᠬᠤ︾ ᠶᠢ ᠴᠢᠩᠭ᠎ᠠ ᠰᠡᠷᠭᠡᠶᠢᠯᠡᠨ᠎ᠡ᠃ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠪᠠ ᠪᠠᠷᠢᠴᠠᠭᠠᠯᠠᠬᠤ᠂ ᠳᠠᠭᠠᠭᠠᠯᠲᠠ ᠬᠢᠬᠦ ᠵᠡᠷᠭᠡ ᠶᠢ ᠡᠷᠬᠡᠪᠰᠢ ᠲᠥᠯᠥᠪᠵᠢᠭᠦᠯᠭᠡ᠂ ᠬᠡᠷᠡᠭᠴᠡᠭᠡ ᠪᠠᠷ ᠵᠠᠬᠢᠷᠤᠨ ᠬᠠᠮᠢᠶᠠᠷᠬᠤ ᠪᠠ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢᠶᠠᠷ ᠤᠷᠢᠲᠠᠯ ᠪᠣᠯᠭᠠᠭᠰᠠᠨ ᠪᠠᠶᠢᠳᠠᠯ ᠳᠣᠣᠷ᠎ᠠ ᠶᠠᠪᠤᠭᠳᠠᠭᠤᠯᠤᠨ᠎ᠠ᠃ ᠲᠠᠷᠢᠶᠠᠯᠠᠩ ᠤᠨ ᠭᠠᠵᠠᠷ ᠢ ᠲᠠᠷᠢᠶᠠᠯᠠᠩ ᠳᠤ ᠬᠡᠷᠡᠭᠯᠡᠬᠦ ᠶᠢ ᠪᠠᠷᠢᠮᠲᠠᠯᠠᠨ᠂ ᠲᠠᠷᠢᠶᠠᠯᠠᠩ ᠤᠨ ᠭᠠᠵᠠᠷ ᠢ ᠰᠢᠯᠵᠢᠭᠦᠯᠦᠨ ᠡᠷᠭᠢᠯᠳᠦᠭᠦᠯᠬᠦ ᠨᠡᠷ᠎ᠡ ᠪᠠᠷ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠵᠦ ᠪᠣᠯᠬᠤ ᠦᠭᠡᠶ᠃ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠶᠢᠨ ᠲᠣᠬᠢᠷᠠᠭᠤᠯᠤᠯᠲᠠ ᠬᠢᠬᠦ ᠳᠤ ᠪᠠᠨ ᠲᠠᠷᠢᠶᠠᠯᠠᠬᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠵᠤ ᠪᠣᠯᠬᠤ ᠦᠭᠡᠶ᠂ ᠲᠠᠷᠢᠶᠠᠯᠠᠬᠤ ᠳᠠᠪᠬᠤᠷᠭ᠎ᠠ ᠶᠢ ᠰᠦᠢᠳᠬᠡᠵᠦ ᠪᠣᠯᠬᠤ ᠦᠭᠡᠶ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠲᠠᠷᠢᠶᠠᠯᠠᠬᠤ ᠭᠠᠵᠠᠷ ᠤᠨ ᠳᠠᠭᠠᠭᠠᠴᠢᠯᠠᠨ ᠡᠵᠡᠩᠨᠡᠬᠦ ᠡᠷᠬᠡᠲᠦ ᠬᠥᠮᠦᠨ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠪᠠ ᠵᠣᠬᠢᠰᠲᠠᠶ ᠠᠰᠢᠭᠯᠠᠬᠤ ᠡᠭᠦᠷᠭᠡ ᠶᠢ ᠤᠬᠠᠮᠰᠠᠷ ᠠᠴᠠ ᠪᠠᠨ ᠭᠦᠢᠴᠡᠳᠬᠡᠵᠦ᠂ ᠲᠠᠷᠢᠶᠠᠯᠠᠬᠤ ᠭᠠᠵᠠᠷ ᠢ ᠠᠲᠠᠷᠰᠢᠭᠤᠯᠬᠤ᠂ ᠰᠤᠯᠠ ᠲᠠᠯᠪᠢᠬᠤ᠂ ᠬᠡᠷᠡᠭᠴᠡᠭᠡ ᠶᠢ ᠨᠢ ᠬᠤᠪᠢᠷᠠᠭᠤᠯᠬᠤ ᠵᠢᠴᠢ ᠲᠠᠷᠢᠶᠠᠯᠠᠬᠤ ᠭᠠᠵᠠᠷ ᠢ ᠰᠦᠢᠳᠬᠡᠬᠦ ᠪᠤᠰᠤᠳ ᠦᠢᠯᠡ ᠠᠵᠢᠯᠯᠠᠭ᠎ᠠ ᠬᠢᠬᠦ ᠶᠢ ᠨᠢ ᠴᠢᠩᠭ᠎ᠠ ᠴᠠᠭᠠᠵᠠᠯᠠᠨ᠎ᠠ᠃      ᠭᠤᠷᠪᠠ᠂ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢ ᠴᠢᠩᠭᠠᠳᠬᠠᠵᠤ᠂ ᠨᠥᠬᠦᠪᠥᠷᠢᠯᠡᠭᠰᠡᠨ ᠲᠠᠷᠢᠶᠠᠯᠠᠬᠤ ᠭᠠᠵᠠᠷ ᠤᠨ ᠴᠢᠨᠠᠷ ᠢ ᠦᠨᠡᠨ ᠬᠦ ᠪᠠᠲᠤᠯᠠᠨ᠎ᠠ      ︵ᠠᠷᠪᠠᠨ ᠨᠢᠭᠡ︶ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠶ ᠪᠠᠶᠢᠯᠭᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠳᠤ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠪᠡᠯ᠂ ᠲᠠᠷᠢᠶᠠᠯᠠᠬᠤ ᠭᠠᠵᠠᠷ ᠢ ᠨᠥᠬᠦᠪᠥᠷᠢᠯᠡᠬᠦ ᠡᠭᠦᠷᠭᠡ ᠲᠠᠢ ᠨᠢᠭᠡᠴᠢ ᠨᠢ ᠡᠷᠬᠡᠪᠰᠢ ᠲᠡᠷᠢᠶᠠᠯᠠᠬᠤ ᠭᠠᠵᠠᠷ ᠢ ᠨᠥᠬᠦᠪᠥᠷᠢᠯᠡᠬᠦ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠶ᠂ ᠬᠡᠮᠵᠢᠶ᠎ᠡ᠂ ᠴᠢᠨᠠᠷ ᠢᠶᠠᠷ ᠵᠣᠬᠢᠴᠠᠯᠳᠤᠭᠰᠠᠨ ᠲᠠᠷᠢᠶᠠᠯᠠᠬᠤ ᠭᠠᠵᠠᠷ ᠢ ᠥᠪᠡᠰᠦᠪᠡᠨ ᠨᠥᠬᠦᠪᠥᠷᠢᠯᠡᠬᠦ ᠶᠢᠨ ᠠᠷᠭ᠎ᠠ ᠦᠭᠡᠶ ᠪᠣᠯ ᠲᠠᠷᠢᠶᠠᠯᠠᠬᠤ ᠭᠠᠵᠠᠷ ᠢ ᠬᠠᠭᠠᠯᠪᠤᠷᠢᠯᠠᠬᠤ ᠰᠦᠢᠳᠬᠡᠯ ᠢ ᠨᠢ ᠲᠣᠭᠲᠠᠭᠠᠯ ᠶᠣᠰᠣᠭᠠᠷ ᠭᠦᠢᠴᠡᠳ ᠲᠤᠰᠢᠶᠠᠬᠤ ᠬᠡᠷᠡᠭᠲᠡᠶ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠠᠷᠢᠶᠠᠯᠠᠬᠤ ᠭᠠᠵᠠᠷ ᠢ ᠡᠵᠡᠯᠡᠵᠦ ᠬᠡᠷᠡᠭᠯᠡᠪᠡᠯ ︽ᠤᠷᠢᠳ ᠢᠶᠠᠷ ᠨᠥᠬᠦᠪᠦᠷᠢᠯᠡᠭᠡᠳ ᠳᠠᠷᠠᠭ᠎ᠠ ᠨᠢ ᠡᠵᠡᠯᠡᠬᠦ᠂ ᠨᠢᠭᠡ ᠬᠡᠰᠡᠭ ᠢ ᠡᠵᠡᠯᠡᠪᠡᠯ ᠲᠡᠷᠡ ᠨᠢᠭᠡ ᠬᠡᠰᠡᠭ ᠢ ᠨᠢ ᠨᠥᠬᠦᠪᠥᠷᠢᠯᠡᠬᠦ᠂ ᠰᠠᠶᠢᠨ ᠭᠠᠵᠠᠷ ᠢ ᠡᠵᠡᠯᠡᠪᠡᠯ ᠰᠠᠶᠢᠨ ᠭᠠᠵᠠᠷ ᠢᠶᠠᠷ ᠨᠥᠬᠦᠪᠥᠷᠢᠯᠡᠬᠦ᠂ ᠤᠰᠤᠨ ᠲᠠᠷᠢᠶ᠎ᠠ ᠶᠢ ᠡᠵᠡᠯᠡᠪᠡᠯ ᠤᠰᠤᠨ ᠲᠠᠷᠢᠶ᠎ᠠ ᠪᠠᠷ ᠨᠥᠬᠦᠪᠥᠷᠢᠯᠡᠬᠦ︾ ᠡᠨᠡ ᠬᠦ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠢ ᠪᠠᠶᠢᠯᠭᠠᠬᠤ ᠱᠠᠭᠠᠷᠳᠠᠯᠭ᠎ᠠ ᠶᠢ ᠦᠨᠡᠨ ᠬᠦ ᠭᠦᠢᠴᠡᠳᠬᠡᠬᠦ ᠬᠡᠷᠡᠭᠲᠡᠶ᠃ ᠦᠢᠯᠡᠳᠪᠦᠷᠢ ᠠᠭᠤᠷᠬᠠᠶ ᠶᠢᠨ ᠬᠡᠷᠡᠭᠯᠡᠭᠡᠳ ᠬᠠᠶᠠᠭᠰᠠᠨ ᠭᠠᠵᠠᠷ ᠪᠠ ᠬᠤᠲᠠ ᠬᠥᠳᠡᠭᠡ ᠶᠢᠨ ᠨᠡᠮᠡᠭᠳᠡᠯ ᠬᠠᠰᠤᠭᠳᠠᠯ ᠯᠤᠭ᠎ᠠ ᠬᠤᠯᠪᠣᠭᠳᠠᠭᠤᠯᠤᠭᠰᠠᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠬᠡᠷᠡᠭᠯᠡᠭᠰᠡᠨ ᠪᠠᠶᠢᠪᠠᠯ᠂ ᠰᠡᠷᠭᠦᠭᠡᠨ ᠬᠠᠭᠠᠯᠪᠤᠷᠢᠯᠠᠬᠤ ᠬᠠᠷᠢᠭᠤᠴᠠᠯᠭ᠎ᠠ ᠶᠢ ᠡᠭᠦᠷᠭᠡᠯᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠡᠷᠬᠡᠪᠰᠢ ᠠᠮᠠᠯᠠᠭᠰᠠᠨ ᠴᠠᠭ ᠬᠤᠭᠤᠴᠠᠭ᠎ᠠ ᠶᠣᠰᠣᠭᠠᠷ ᠲᠠᠷᠢᠶᠠᠯᠠᠬᠤ ᠭᠠᠵᠠᠷ ᠢ ᠰᠡᠷᠭᠦᠭᠡᠨ ᠬᠠᠭᠠᠯᠪᠤᠷᠢᠯᠠᠬᠤ ᠡᠭᠦᠷᠭᠡ ᠪᠠᠨ ᠪᠡᠶᠡᠯᠡᠬᠦᠯᠦᠨ᠎ᠡ᠂ ᠬᠤᠭᠤᠴᠠᠭ᠎ᠠ ᠨᠢ ᠬᠡᠲᠦᠷᠡᠭᠰᠡᠨ ᠪᠣᠯ ᠲᠣᠰ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠷᠢᠶᠠᠯᠠᠬᠤ ᠭᠠᠵᠠᠷ ᠤᠨ ᠵᠣᠬᠢᠬᠤ ᠭᠦᠢᠴᠡᠳᠬᠡᠯ ᠲᠤᠭ᠎ᠠ ᠶᠢ ᠰᠠᠭᠤᠯᠭᠠᠨ ᠬᠠᠰᠤᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠭᠦᠢᠴᠡᠳᠬᠡᠯ ᠲᠣᠭᠠᠨ ᠤ ᠦᠯᠡᠳᠡᠪᠦᠷᠢ ᠨᠢ ᠬᠦᠷᠦᠯᠴᠡᠬᠦ ᠥᠬᠡᠶ ᠪᠠᠶᠢᠪᠠᠯ᠂ ᠲᠡᠳᠡᠭᠡᠷ ᠤᠨ ᠪᠠᠶᠢᠭ᠎ᠠ ᠠᠶᠢᠮᠠᠭ ᠬᠤᠲᠠ ᠨᠢ ᠨᠥᠬᠦᠪᠥᠷᠢᠯᠡᠨ᠎ᠡ᠃ ᠡᠯ᠎ᠡ ᠭᠠᠵᠠᠷ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠣᠩᠭᠤᠬᠤ ᠳᠤ ᠪᠠᠨ ᠬᠠᠷᠢᠶ᠎ᠠ ᠣᠷᠣᠨ ᠤ ᠳᠣᠲᠣᠷᠠᠬᠢ ᠲᠠᠷᠢᠶᠠᠯᠠᠬᠤ ᠭᠠᠵᠠᠷ ᠨᠥᠬᠦᠪᠦᠷᠢᠯᠡᠬᠦ ᠨᠥᠭᠡᠴᠡ ᠶᠢᠨ ᠪᠠᠶᠢᠳᠠᠯ ᠢᠶᠠᠨ ᠭᠦᠢᠴᠡᠳ ᠪᠣᠳᠣᠯᠬᠢᠯᠠᠵᠤ᠂ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠶ ᠪᠠᠶᠢᠯᠭᠠᠬᠤ ᠳᠤ ᠰᠢᠶᠠᠨ ᠤ ᠬᠡᠪᠴᠢᠶ᠎ᠡ ᠳᠤ ᠪᠠᠨ ᠥᠪᠡᠰᠦᠪᠡᠨ ᠲᠡᠩᠴᠡᠭᠦᠷᠢᠲᠡᠶ ᠪᠠᠶᠢᠯᠭᠠᠬᠤ ᠪᠠᠷ ᠭᠤᠣᠯ ᠪᠣᠯᠭᠠᠨ᠂ ᠬᠤᠲᠠ ᠶᠢᠨ ᠬᠡᠪᠴᠢᠶᠡᠨ ᠳᠠᠬᠢ ᠲᠣᠬᠢᠷᠠᠭᠤᠯᠭ᠎ᠠ ᠪᠠᠷ ᠬᠠᠪᠰᠤᠷᠤᠮᠵᠢ ᠪᠣᠯᠭᠠᠵᠤ ᠥᠪᠡᠷᠲᠡᠭᠡᠨ ᠵᠠᠰᠠᠬᠤ ᠣᠷᠣᠨ ᠤ ᠲᠣᠬᠢᠷᠠᠮᠵᠢᠲᠠᠢ ᠨᠢᠭᠡᠳᠦᠯᠲᠡᠶ ᠲᠥᠯᠥᠪᠯᠡᠬᠦ ᠪᠠᠷ ᠨᠥᠬᠦᠪᠥᠷᠢ ᠪᠣᠯᠭᠠᠨ᠎ᠠ᠃      ︵ᠠᠷᠪᠠᠨ ᠬᠤᠶᠠᠷ︶ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠢᠷᠡᠯᠲᠡ ᠶᠢᠨ ᠬᠠᠮᠢᠶᠠᠷᠤᠯᠲᠠ ᠶᠢ ᠴᠢᠩᠳᠠᠯᠠᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠭᠰᠠᠨ ᠤᠷᠢᠲᠠᠯ ᠳᠤᠤᠷ᠎ᠠ ᠲᠠᠷᠢᠶᠠᠯᠠᠬᠤ ᠭᠠᠵᠠᠷ ᠢ ᠨᠥᠬᠦᠪᠥᠷᠢᠯᠡᠬᠦ ᠠᠵᠢᠯ ᠢᠶᠠᠨ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠶ᠃ ᠶᠡᠭᠡ ᠬᠡᠪᠴᠢᠶᠡᠨ ᠤ ᠠᠰᠢᠭᠯᠠᠭᠠᠳᠤᠶ ᠭᠠᠵᠠᠷ ᠢ ᠨᠡᠭᠡᠭᠡᠨ ᠠᠰᠢᠭᠯᠠᠬᠤ ᠶᠢ ᠴᠢᠩᠭ᠎ᠠ ᠬᠢᠵᠠᠭᠠᠷᠯᠠᠵᠤ᠂ ᠬᠦᠨᠳᠦ ᠨᠣᠴᠢᠲᠠᠶ ᠡᠯᠡᠰᠦᠷᠬᠡᠭᠵᠢᠭᠰᠡᠨ ᠭᠠᠵᠠᠷ ᠢ ᠬᠠᠭᠠᠯᠪᠤᠷᠢᠯᠠᠬᠤ ᠶᠢ ᠴᠠᠭᠠᠵᠠᠯᠠᠨ᠂ 15 ᠭᠷᠠᠳᠦ᠋ᠰ ᠠᠴᠠ ᠳᠡᠭᠡᠭᠰᠢᠬᠢ ᠬᠥᠲᠥᠯ ᠭᠠᠵᠠᠷ ᠢ ᠲᠠᠷᠢᠶᠠᠯᠠᠬᠤ ᠭᠠᠵᠠᠷ ᠪᠣᠯᠭᠠᠬᠤ ᠪᠠᠷ ᠬᠠᠭᠠᠯᠪᠤᠷᠢᠯᠠᠬᠤ ᠶᠢ ᠨᠢ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠣᠶ ᠰᠢᠭᠤᠶ ᠶᠢ ᠰᠦᠢᠳᠬᠡᠬᠦ ᠪᠠ ᠪᠡᠯᠴᠢᠭᠡᠷ ᠢ ᠰᠦᠢᠳᠬᠡᠨ ᠲᠠᠷᠢᠶᠠᠯᠠᠬᠤ ᠭᠠᠵᠠᠷ ᠪᠣᠯᠭᠠᠬᠤ ᠪᠠᠷ ᠬᠠᠭᠠᠯᠪᠤᠷᠢᠯᠠᠬᠤ ᠶᠢ ᠨᠢ ᠴᠠᠭᠠᠵᠠᠯᠠᠨ᠂ ᠨᠠᠭᠤᠷ ᠢ ᠬᠦᠷᠢᠶᠡᠯᠡᠨ ᠲᠠᠷᠢᠶᠠᠯᠠᠬᠤ ᠭᠠᠵᠠᠷ ᠭᠠᠷᠭᠠᠬᠤ ᠪᠠ ᠭᠤᠤᠯ ᠤᠨ ᠲᠠᠩ ᠭᠠᠵᠠᠷ ᠢ ᠡᠵᠡᠯᠡᠬᠦ ᠶᠢ ᠨᠢ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠨᠤᠭᠤ ᠭᠠᠵᠠᠷ ᠢ ᠪᠤᠯᠠᠵᠤ ᠳᠠᠷᠤᠨ ᠲᠠᠷᠢᠶᠠᠯᠠᠬᠤ ᠭᠠᠵᠠᠷ ᠪᠣᠯᠭᠠᠬᠤ ᠪᠠᠷ ᠬᠠᠭᠠᠯᠪᠤᠷᠢᠯᠠᠬᠤ ᠶᠢ ᠨᠢ ᠴᠠᠭᠠᠵᠠᠯᠠᠨ᠂ ᠠᠮᠢ ᠠᠬᠤᠶ ᠶᠢᠨ ᠤᠯᠠᠭᠠᠨ ᠱᠤᠭᠤᠮ ᠤᠨ ᠬᠡᠪᠴᠢᠶᠡᠨ ᠳᠠᠬᠢ ᠭᠠᠵᠠᠷ ᠢ ᠲᠠᠷᠢᠶᠠᠯᠠᠬᠤ ᠭᠠᠵᠠᠷ ᠪᠣᠯᠭᠠᠨ ᠬᠠᠭᠠᠯᠪᠤᠷᠢᠯᠠᠬᠤ ᠪᠠᠷ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠶ ᠪᠠᠶᠢᠯᠭᠠᠬᠤ ᠶᠢ ᠴᠠᠭᠠᠵᠠᠯᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠵᠢᠴᠢ ᠪᠤᠰᠤᠳ ᠬᠠᠮᠢᠶ᠎ᠠ ᠪᠦᠬᠦᠢ ᠲᠥᠯᠥᠪᠵᠢᠭᠦᠯᠭᠡ ᠶᠢ ᠦᠨᠳᠦᠰᠦᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠵᠤ ᠵᠦᠢ ᠵᠣᠬᠢᠰᠲᠠᠶ ᠪᠠᠶᠢᠷᠢᠯᠠᠭᠤᠯᠤᠨ᠂ ᠲᠠᠷᠢᠶᠠᠯᠠᠬᠤ ᠭᠠᠵᠠᠷ ᠢ ᠨᠥᠬᠦᠪᠥᠷᠢᠯᠡᠬᠦ ᠠᠷᠭ᠎ᠠ ᠬᠡᠯᠪᠡᠷᠢ ᠪᠠᠨ ᠠᠯᠬᠤᠮ ᠠᠯᠬᠤᠮ ᠢᠶᠠᠷ ᠬᠤᠪᠢᠷᠠᠭᠤᠯᠵᠤ᠂ ᠲᠠᠷᠢᠶᠠᠯᠠᠬᠤ ᠳᠤ ᠲᠣᠬᠢᠷᠠᠬᠤ ᠭᠠᠵᠠᠷ ᠰᠢᠷᠣᠶ ᠶᠢᠨ ᠨᠥᠭᠡᠴᠡ ᠡᠬᠢ ᠪᠠᠶᠠᠯᠢᠭ ᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠬᠤ ᠬᠡᠷᠡᠭᠲᠡᠶ᠃ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠲᠥᠷᠥᠯ ᠵᠦᠢᠯ ᠤᠨ ᠰᠡᠳᠦᠪ ᠢ ᠲᠣᠭᠲᠠᠭᠠᠬᠤ ᠠᠴᠠ ᠡᠮᠦᠨ᠎ᠡ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠮᠢ ᠠᠬᠤᠶ ᠣᠷᠴᠢᠨ ᠲᠣᠭᠤᠷᠢᠨ᠂ ᠤᠰᠤᠨ ᠠᠰᠢᠭᠯᠠᠯᠲᠠ᠂ ᠣᠶ ᠰᠢᠭᠤᠶ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠡᠷᠬᠢᠨ ᠲᠣᠭᠤᠷᠢᠨ ᠤ ᠣᠷᠴᠢᠨ ᠲᠣᠭᠤᠷᠢᠨ ᠤ ᠨᠥᠯᠥᠭᠡᠯᠡᠯ ᠪᠠ ᠪᠣᠯᠤᠮᠵᠢᠲᠤ ᠴᠢᠨᠠᠷ ᠵᠡᠷᠭᠡ ᠪᠠᠶᠢᠳᠠᠯ ᠳᠤ ᠭᠦᠢᠴᠡᠳ ᠨᠤᠲᠠᠯᠠᠯᠲᠠ ᠬᠢᠵᠦ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠪᠦᠷᠢᠯᠳᠦᠭᠰᠡᠨ ᠤ ᠳᠠᠷᠠᠭ᠎ᠠ ᠦᠷᠭᠦᠯᠵᠢᠯᠡᠨ ᠲᠣᠭᠲᠠᠭᠤᠨ ᠢᠶᠠᠷ ᠲᠠᠷᠢᠶᠠᠯᠠᠵᠤ ᠪᠣᠯᠬᠤ ᠶᠢ ᠦᠨᠡᠨ ᠬᠦ ᠪᠠᠲᠤᠯᠠᠨ᠎ᠠ᠃ ᠳᠤᠷ᠎ᠠ ᠪᠠᠷ ᠢᠶᠠᠨ ᠭᠠᠵᠠᠷ ᠰᠢᠷᠣᠶ ᠶᠢ ᠴᠡᠭᠴᠡᠯᠡᠨ ᠵᠠᠰᠠᠬᠤ ᠪᠠ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠲᠥᠷᠥᠯ ᠵᠦᠢᠯ ᠢ ᠲᠠᠷᠢᠶᠠᠯᠠᠬᠤ ᠪᠠᠨ ᠵᠣᠭᠰᠣᠭᠠᠬᠤ ᠬᠡᠪᠴᠢᠶᠡᠨ ᠳᠤ ᠣᠷᠣᠭᠤᠯᠬᠤ ᠶᠢ ᠴᠢᠩᠭ᠎ᠠ ᠴᠠᠭᠠᠵᠠᠯᠠᠨ᠎ᠠ᠃      ︵ᠠᠷᠪᠠᠨ ᠭᠤᠷᠪᠠ︶ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠲᠤ ᠪᠠᠶᠢᠴᠠᠭᠠᠯᠲᠠ ᠬᠢᠵᠦ ᠰᠢᠯᠭᠠᠨ ᠬᠤᠷᠢᠶᠠᠵᠤ ᠠᠪᠬᠤ ᠶᠢ ᠴᠢᠩᠳᠠᠯᠠᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠭᠠᠵᠠᠷ ᠰᠢᠷᠣᠶ ᠶᠢ ᠴᠡᠭᠴᠡᠯᠡᠨ ᠵᠠᠰᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠠᠮᠢᠶᠠᠷᠤᠯᠲᠠ ᠬᠢᠬᠦ ᠪᠠᠨ ᠴᠢᠩᠭᠠᠳᠬᠠᠵᠤ᠂ ᠲᠥᠷᠥᠯ ᠵᠦᠢᠯ ᠤᠨ ᠵᠢᠷᠤᠭᠯᠠᠨ ᠲᠥᠯᠥᠪᠯᠡᠬᠦ ᠶᠢ ᠵᠢᠷᠤᠮᠵᠢᠭᠤᠯᠤᠨ᠂ ᠲᠥᠷᠥᠯ ᠵᠦᠢᠯ ᠤᠨ ᠡᠳᠦᠷ ᠲᠤᠲᠤᠮ ᠤᠨ ᠬᠢᠨᠠᠨ ᠬᠠᠮᠢᠶᠠᠷᠬᠤ ᠪᠠ ᠪᠠᠷᠢᠯᠭ᠎ᠠ ᠶᠢᠨ ᠠᠵᠢᠯ ᠤᠨ ᠬᠢᠨᠠᠨ ᠵᠠᠬᠢᠷᠬᠤ ᠶᠢ ᠴᠢᠩᠭᠠᠷᠠᠭᠤᠯᠬᠤ ᠬᠡᠷᠡᠭᠲᠡᠶ᠃ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠠᠵᠢᠯ ᠢ ᠰᠠᠶᠢᠲᠤᠷ ᠬᠢᠵᠦ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠬᠡᠮᠵᠢᠶ᠎ᠡ ᠶᠢ ᠮᠠᠭᠠᠳᠯᠠᠨ ᠲᠣᠭᠲᠠᠭᠠᠬᠤ ᠪᠠ ᠴᠢᠨᠠᠷ ᠢ ᠰᠢᠯᠭᠠᠷᠠᠭᠤᠯᠤᠨ ᠲᠣᠭᠲᠠᠭᠠᠬᠤ ᠶᠢ ᠨᠢ ᠴᠢᠩᠳᠠᠯᠠᠵᠤ᠂ ᠨᠥᠬᠦᠪᠥᠷᠢᠯᠡᠭᠰᠡᠨ ᠲᠠᠷᠢᠶᠠᠯᠠᠬᠤ ᠭᠠᠵᠠᠷ ᠤᠨ ᠬᠡᠮᠵᠢᠶ᠎ᠡ ᠪᠠ ᠴᠢᠨᠠᠷ ᠨᠢ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠨ᠎ᠠ᠃ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠢ ᠡᠷᠬᠡᠪᠰᠢ ᠲᠤᠰ ᠵᠢᠯ ᠤᠨ ᠤᠯᠤᠰ ᠤᠨ ᠭᠠᠵᠠᠷ ᠰᠢᠷᠣᠢ ᠶᠢᠨ ᠬᠤᠪᠢᠷᠠᠭᠠᠬᠤ ᠣᠨ ᠤ ᠪᠠᠶᠢᠴᠠᠭᠠᠯᠲᠠ ᠳᠤ ᠭᠠᠵᠠᠷ ᠰᠢᠷᠣᠢ ᠶᠢᠨ ᠲᠥᠷᠥᠯ ᠢ ᠨᠢ ᠬᠤᠪᠢᠷᠠᠭᠠᠬᠤ ᠬᠡᠷᠡᠭᠲᠡᠶ︔ ᠲᠤᠰ ᠵᠢᠯ ᠳᠤ ᠨᠢ ᠬᠤᠪᠢᠷᠠᠭᠠᠭᠰᠠᠨ ᠥᠬᠡᠶ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠰᠢᠰᠲ᠋ᠧᠮ ᠳᠣᠲᠣᠷ᠎ᠠ ᠪᠠᠨ ᠴᠡᠪᠳᠡᠭᠯᠡᠨ᠎ᠡ︔ 2 ᠵᠢᠯ ᠤᠨ ᠳᠣᠲᠣᠷ᠎ᠠ ᠬᠤᠪᠢᠷᠠᠭᠠᠬᠤ ᠥᠬᠡᠶ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠨᠢ ᠬᠠᠷᠭᠤᠭᠤᠯᠤᠨ ᠬᠠᠰᠤᠨ᠎ᠠ᠃      ︵ᠠᠷᠪᠠᠨ ᠳᠥᠷᠪᠡ︶ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠲᠤ ᠬᠢᠨᠠᠯᠲᠠ ᠬᠠᠮᠢᠶᠠᠷᠤᠯᠲᠠ ᠬᠢᠬᠦ ᠶᠢ ᠴᠢᠩᠭᠠᠷᠠᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠨᠥᠬᠦᠪᠥᠷᠢᠯᠡᠭᠰᠡᠨ ᠲᠠᠷᠢᠶᠠᠯᠠᠬᠤ ᠭᠠᠵᠠᠷ ᠤᠨ ᠳᠠᠷᠠᠭᠠᠴᠢ ᠶᠢᠨ ᠬᠤᠭᠤᠴᠠᠭᠠᠨ ᠳᠠᠬᠢ ᠬᠠᠮᠢᠶᠠᠷᠤᠨ ᠬᠠᠮᠠᠭᠠᠯᠠᠬᠤ ᠶᠢ ᠴᠢᠩᠭᠠᠳᠬᠠᠵᠤ᠂ ᠬᠠᠮᠢᠶᠠᠷᠤᠨ ᠬᠠᠮᠠᠭᠠᠯᠠᠬᠤ ᠭᠤᠤᠯ ᠴᠣᠭᠴᠠ ᠶᠢ ᠲᠣᠳᠣᠷᠬᠠᠶ ᠲᠣᠭᠲᠠᠭᠠᠨ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶᠠᠷᠤᠨ ᠬᠠᠮᠠᠭᠠᠯᠠᠬᠤ ᠵᠠᠷᠤᠳᠠᠯ ᠢ ᠪᠠᠲᠤᠯᠠᠨ᠂ ᠨᠥᠬᠦᠪᠥᠷᠢᠯᠡᠭᠰᠡᠨ ᠲᠠᠷᠢᠶᠠᠯᠠᠬᠤ ᠭᠠᠵᠠᠷ ᠤᠨ ᠦᠷᠭᠦᠯᠵᠢᠯᠡᠨ ᠲᠣᠭᠲᠠᠭᠤᠨ ᠢᠶᠠᠷ ᠲᠠᠷᠢᠶᠠᠯᠠᠵᠤ ᠪᠣᠯᠬᠤ ᠶᠢ ᠦᠨᠡᠨ ᠬᠦ ᠪᠠᠲᠤᠯᠠᠵᠤ᠂ ᠠᠲᠠᠷᠰᠢᠭᠤᠯᠵᠤ ᠲᠠᠷᠢᠶᠠᠯᠠᠬᠤ ᠪᠠᠨ ᠪᠤᠯᠢᠬᠤ ᠪᠠ ᠦᠢᠯᠡᠳᠪᠦᠷᠢᠯᠡᠬᠦ ᠴᠢᠳᠠᠮᠵᠢ ᠶᠢᠨ ᠪᠠᠭᠤᠷᠠᠬᠤ ᠶᠢ ᠨᠢ ᠬᠤᠷᠢᠭᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠬᠥᠮᠥᠷᠭᠡ ᠳᠤ ᠣᠷᠣᠭᠤᠯᠤᠭᠠᠳ ᠪᠠᠶᠢᠭ᠎ᠠ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠲᠥᠷᠥᠯ ᠵᠦᠢᠯ ᠳᠤ ᠵᠢᠯ ᠪᠦᠷᠢ ᠵᠢᠷᠤᠭ ᠳᠥᠷᠰᠦ ᠪᠠᠷ ᠨᠢᠭᠡ ᠤᠳᠠᠭ᠎ᠠ ᠪᠥᠬᠦ ᠲᠠᠯ᠎ᠠ ᠶᠢᠨ ᠬᠠᠷᠭᠤᠭᠤᠯᠤᠨ ᠪᠠᠶᠢᠴᠠᠭᠠᠯᠲᠠ ᠬᠢᠵᠦ᠂ ᠵᠢᠷᠤᠭ ᠳᠦᠷᠰᠦ ᠳᠤ ᠰᠡᠵᠢᠭᠲᠡᠶ ᠲᠥᠷᠥᠯ ᠵᠦᠢᠯ ᠢ ᠨᠠᠭᠠᠲᠤ ᠵᠠᠬ᠎ᠠ ᠳᠤ ᠪᠠᠨ 15 % ᠶᠢ ᠰᠣᠩᠭᠤᠨ ᠠᠪᠴᠤ ᠪᠣᠳᠠᠲᠠᠶ ᠭᠠᠵᠠᠷ ᠲᠤ ᠨᠢ ᠬᠠᠷᠭᠤᠭᠤᠯᠤᠨ ᠪᠠᠶᠢᠴᠠᠭᠠᠯᠲᠠ ᠬᠢᠨ᠎ᠠ᠃ ᠠᠲᠠᠷᠰᠢᠭᠤᠯᠵᠤ ᠲᠠᠷᠢᠶᠠᠯᠠᠬᠤ ᠪᠠᠨ ᠪᠣᠯᠢᠭᠰᠠᠨ ᠲᠠᠯᠠᠪᠠᠶ ᠨᠢ ᠲᠣᠰ ᠵᠠᠰᠠᠭ ᠵᠠᠬᠢᠷᠭᠠᠨ ᠤ ᠣᠷᠣᠨ ᠪᠦᠰᠡ ᠶᠢᠨ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠣᠭᠠᠨ ᠤ ᠶᠡᠷᠦᠩᠬᠡᠶ ᠲᠠᠯᠠᠪᠠᠶ ᠶᠢᠨ 10 % ᠠᠴᠠ ᠳᠡᠭᠡᠭᠰᠢ ᠳᠤ ᠬᠦᠷᠦᠭᠰᠡᠨ ᠪᠠᠶᠢᠪᠠᠯ᠂ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠨᠢ ᠵᠣᠬᠢᠬᠤ ᠬᠡᠮᠵᠢᠶ᠎ᠡ ᠪᠠᠷ ᠴᠡᠪᠳᠡᠭᠯᠡᠵᠦ᠂ ᠲᠣᠰ ᠠᠶᠢᠮᠠᠭ ᠬᠤᠲᠠ᠂ ᠬᠤᠰᠢᠭᠤ ᠰᠢᠶᠠᠨ ︵ᠬᠤᠲᠠ ᠂ ᠲᠣᠭᠤᠷᠢᠭ︶ ᠤ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠢ ᠬᠠᠷᠭᠤᠭᠤᠯᠤᠨ ᠲᠣᠭᠲᠠᠭᠠᠬᠤ ᠪᠠ ᠲᠥᠷᠥᠯ ᠵᠦᠢᠯ ᠤᠨ ᠭᠦᠢᠴᠡᠳᠬᠡᠯ ᠲᠤᠭ᠎ᠠ ᠶᠢ ᠬᠥᠮᠥᠷᠭᠡ ᠳᠤ ᠣᠷᠣᠭᠤᠯᠬᠤ ᠭᠤᠶᠤᠴᠢᠯᠠᠯ ᠢ ᠨᠢ ᠲᠦᠷ ᠵᠣᠭᠰᠣᠭᠠᠨ᠎ᠠ᠃ ᠬᠠᠮᠢᠶ᠎ᠠ ᠪᠥᠬᠦᠶ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠴᠡᠭᠴᠡᠯᠡᠨ ᠰᠠᠶᠢᠵᠢᠷᠠᠭᠤᠯᠬᠤ ᠠᠵᠢᠯ ᠢ ᠢᠳᠡᠪᠬᠢᠲᠡᠶ ᠵᠣᠬᠢᠶᠠᠨ ᠪᠠᠶᠢᠭᠤᠯᠵᠤ᠂ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠲᠥᠷᠥᠯ ᠵᠦᠢᠯ ᠢ ᠰᠢᠯᠭᠠᠨ ᠬᠤᠷᠢᠶᠠᠵᠤ ᠠᠪᠬᠤ ᠰᠠᠯᠠᠭ᠎ᠠ ᠮᠥᠴᠢᠷ ᠨᠢ ᠳᠠᠬᠢᠨᠲᠠ ᠬᠢᠨᠠᠵᠤ ᠮᠠᠭᠠᠳᠯᠠᠨ ᠲᠣᠭᠲᠠᠭᠠᠵᠤ ᠴᠡᠭᠴᠡᠯᠡᠨ ᠰᠠᠶᠢᠵᠢᠷᠠᠭᠤᠯᠣᠭᠰᠠᠨ ᠤ ᠳᠠᠷᠠᠭ᠎ᠠ᠂ ᠵᠣᠬᠢᠬᠤ ᠭᠦᠢᠴᠡᠳᠬᠡᠯ ᠲᠤᠭ᠎ᠠ ᠶᠢ ᠴᠡᠪᠳᠡᠭᠯᠡᠯ ᠠᠴᠠ ᠨᠢ ᠲᠠᠶᠢᠯᠬᠤ ᠪᠥᠭᠡᠳ ᠬᠥᠮᠥᠷᠭᠡ ᠳᠤ ᠣᠷᠣᠭᠤᠯᠬᠤ ᠪᠠᠨ ᠰᠡᠷᠭᠦᠭᠡᠬᠦ ᠭᠤᠶᠤᠴᠢᠯᠠᠯ ᠢ ᠨᠢ ᠭᠥᠯᠢᠶᠡᠨ ᠠᠪᠴᠤ ᠰᠢᠢᠳᠪᠦᠷᠢᠯᠡᠨ᠎ᠡ᠃      ᠳᠥᠷᠪᠡ᠂ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢᠶᠠᠷ ᠡᠵᠡᠯᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ      ︵ᠠᠷᠪᠠᠨ ᠲᠠᠪᠤ︶ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠪᠦᠷᠢᠳᠬᠡᠨ ᠳᠠᠩᠰᠠᠯᠠᠵᠤ ᠬᠢᠨᠠᠨ ᠬᠠᠮᠢᠶᠠᠷᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠷᠢᠳᠬᠡᠨ ᠳᠠᠩᠰᠠᠯᠠᠬᠤ ᠶᠠᠪᠤᠴᠠ ᠳᠤ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠯᠠᠬᠤ ᠭᠠᠵᠠᠷ ᠢ ᠴᠢᠩᠭ᠎ᠠ ᠬᠠᠮᠠᠭᠠᠯᠠᠬᠤ ᠪᠠ ᠭᠠᠵᠠᠷ ᠢ ᠠᠷᠪᠢᠲᠠᠶ ᠡᠷᠴᠢᠮᠯᠢᠭ ᠬᠡᠷᠡᠭᠯᠡᠬᠦ ᠵᠠᠷᠴᠢᠮ ᠶᠣᠰᠣᠭᠠᠷ᠂ ᠲᠤᠰ ᠭᠠᠵᠠᠷ ᠤᠨ ᠲᠠᠷᠢᠶᠠᠯᠠᠩ ᠤᠨ ᠬᠥᠭᠵᠢᠯᠲᠡ ᠶᠢᠨ ᠲᠥᠯᠥᠪᠵᠢᠭᠦᠯᠭᠡ᠂ ᠲᠠᠷᠢᠶᠠᠯᠠᠩ ᠤᠨ ᠠᠵᠤ ᠦᠢᠯᠡᠰ ᠤᠨ ᠪᠠᠶᠢᠷᠢᠰᠢᠭᠤᠯᠤᠯ᠂ ᠲᠠᠷᠢᠶᠠᠯᠠᠩ ᠤᠨ ᠦᠢᠯᠡᠳᠪᠦᠷᠢᠯᠡᠯ ᠤᠨ ᠲᠥᠯᠥᠪᠯᠡᠭᠡ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠦᠨᠳᠦᠰᠦᠯᠡᠨ᠂ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠵᠣᠬᠢᠰᠲᠠᠶ ᠪᠠᠶᠢᠷᠢᠰᠢᠭᠤᠯᠬᠤ ᠬᠡᠷᠡᠭᠲᠡᠶ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠨᠠᠶᠢᠳᠠᠪᠤᠷᠢᠵᠢᠭᠤᠯᠵᠤ᠂ ᠲᠣᠭᠲᠠᠭᠠᠭᠰᠠᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠭᠠᠵᠠᠷ ᠰᠢᠷᠣᠶ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠲᠤᠰᠠᠭᠠᠷ ᠢᠶᠠᠨ ᠭᠠᠵᠠᠷ ᠰᠣᠩᠭᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠪᠠ ᠮᠠᠯᠴᠢᠨ ᠲᠠᠷᠢᠶᠠᠴᠢᠳ ᠤᠨ ᠭᠡᠷ ᠪᠠᠶᠢᠰᠢᠩ ᠤᠨ ᠠᠷᠤ ᠥᠪᠥᠷ ᠢᠶᠠᠷ ᠥᠪᠡᠰᠦᠪᠡᠨ ᠪᠠᠶᠢᠭᠤᠯᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠢ ᠨᠢ ᠰᠠᠯᠭᠠᠨ ᠬᠠᠮᠢᠶᠠᠷᠬᠤ ᠬᠡᠷᠡᠭᠲᠡᠶ᠃ ᠮᠠᠯᠴᠢᠨ ᠲᠠᠷᠢᠶᠠᠴᠢᠳ ᠤᠨ ᠭᠡᠷ ᠪᠠᠶᠢᠰᠢᠩ ᠤᠨ ᠠᠷᠤ ᠥᠪᠥᠷ ᠢᠶᠠᠷ ᠥᠪᠡᠰᠦᠪᠡᠨ ᠪᠠᠶᠢᠭᠤᠯᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠤᠨ ᠪᠦᠷᠢᠳᠬᠡᠨ ᠳᠠᠩᠰᠠᠯᠠᠭᠤᠯᠬᠤ ᠨᠥᠬᠦᠴᠡᠯ ᠪᠠ ᠳᠡᠰ ᠳᠠᠷᠠᠭᠠᠯᠠᠯ ᠢ ᠨᠢ ᠳᠥᠭᠦᠮᠴᠢᠯᠡᠵᠦ᠂ ᠡᠬᠡ ᠳᠠᠩᠰᠠ ᠶᠢᠨ ᠬᠡᠯᠪᠡᠷᠢ ᠪᠠᠷ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠶ︔ ᠪᠦᠷᠢᠳᠬᠡᠨ ᠳᠠᠩᠰᠠᠯᠠᠬᠤ ᠶᠠᠪᠤᠴᠠ ᠳᠤ ᠮᠠᠯᠴᠢᠨ ᠲᠠᠷᠢᠶᠠᠴᠢᠳ ᠠᠴᠠ ᠶᠠᠮᠠᠷᠪᠠ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠲᠤᠰᠠᠭᠠᠷ ᠢᠶᠠᠨ ᠭᠠᠵᠠᠷ ᠰᠣᠩᠭᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠳᠤ ᠵᠢᠷᠤᠭ ᠢᠶᠠᠷ ᠬᠥᠮᠥᠷᠭᠡ ᠳᠤ ᠣᠷᠣᠭᠤᠯᠬᠤ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠢᠭᠡᠨᠲᠡ ᠪᠠᠶᠢᠭᠤᠯᠤᠭᠰᠠᠨ ᠪᠠ ᠪᠠᠶᠢᠭᠤᠯᠵᠤ ᠪᠠᠶᠢᠭ᠎ᠠ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠡᠷᠬᠡᠪᠰᠢ ᠲᠣᠭᠲᠠᠭᠰᠠᠨ ᠴᠠᠭ ᠬᠤᠭᠤᠴᠠᠭᠠᠨ ᠳᠤ ᠪᠠᠨ ᠪᠦᠬᠦᠨ ᠢ ᠵᠢᠷᠤᠭ ᠢᠶᠠᠷ ᠬᠥᠮᠥᠷᠭᠡ ᠳᠤ ᠣᠷᠣᠭᠤᠯᠤᠨ᠂ ᠰᠢᠨ᠎ᠡ ᠪᠠᠷ ᠪᠠᠶᠢᠭᠤᠯᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠡᠷᠬᠡᠪᠰᠢ ᠪᠦᠷᠢᠳᠬᠡᠵᠦ ᠳᠠᠩᠰᠠᠯᠠᠭᠰᠠᠨ 1 ᠰᠠᠷ᠎ᠠ ᠶᠢᠨ ᠳᠣᠲᠣᠷ᠎ᠠ ᠵᠢᠷᠤᠭ ᠢᠶᠠᠷ ᠬᠥᠮᠥᠷᠭᠡ ᠳᠤ ᠣᠷᠣᠭᠤᠯᠬᠤ ᠶᠢᠨ ᠬᠠᠮᠲᠤ᠂ ᠣᠨ ᠤ ᠤᠯᠤᠰ ᠤᠨ ᠭᠠᠵᠠᠷ ᠰᠢᠷᠣᠶ ᠶᠢᠨ ᠬᠤᠪᠢᠷᠠᠭᠠᠬᠤ ᠪᠠᠶᠢᠴᠠᠭᠠᠯᠲᠠ ᠳᠤ ᠭᠠᠵᠠᠷ ᠰᠢᠷᠣᠢ ᠶᠢᠨ ᠲᠥᠷᠥᠯ ᠢ ᠨᠢ ᠬᠤᠪᠢᠷᠠᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠪᠠ ᠲᠠᠷᠢᠶᠠᠯᠠᠩ ᠬᠥᠳᠡᠭᠡ ᠲᠣᠰᠬᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠡᠳᠡᠭᠡ ᠵᠠᠩᠭᠢᠴᠢᠯᠠᠭᠰᠠᠨ ᠠᠷᠭ᠎ᠠ ᠪᠠᠷᠢᠯ ᠢᠶᠠᠷ ᠳᠠᠮᠵᠢᠭᠤᠯᠤᠨ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢᠨ ᠰᠢᠯᠭᠠᠨ ᠬᠢᠨᠠᠬᠤ᠂ ᠭᠠᠵᠠᠷ ᠰᠢᠷᠣᠶ ᠶᠢᠨ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠢᠶᠠᠷ ᠬᠠᠤᠯᠢ ᠬᠡᠷᠡᠭᠵᠢᠭᠦᠯᠬᠦ᠂ ᠬᠠᠤᠯᠢ ᠠᠴᠠ ᠵᠦᠷᠢᠴᠡᠵᠦ ᠭᠠᠵᠠᠷ ᠬᠡᠷᠡᠭᠯᠡᠭᠰᠡᠨ ᠢ ᠴᠠᠭ ᠲᠤᠬᠠᠶ ᠳᠤ ᠨᠢ ᠬᠢᠨᠠᠨ ᠬᠠᠮᠢᠶᠠᠷᠬᠤ ᠵᠡᠷᠭᠡ ᠠᠵᠢᠯ ᠤᠨ ᠶᠠᠪᠤᠴᠠ ᠳᠤ ᠪᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠪᠠ ᠲᠠᠷᠢᠶᠠᠯᠠᠩ ᠬᠥᠳᠡᠭᠡ ᠲᠣᠰᠬᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠯ ᠪᠦᠷᠢ ᠶᠢᠨ ᠳᠣᠲᠣᠷ᠎ᠠ ᠭᠠᠳᠠᠨᠠᠬᠢ ᠠᠵᠢᠯ ᠲᠥᠷᠥᠯ ᠢ ᠪᠠᠶᠢᠴᠠᠭᠠᠬᠤ ᠬᠠᠷᠢᠴᠠᠯ ᠢᠶᠠᠨ 15% ᠠᠴᠠ ᠳᠤᠤᠷ᠎ᠠ ᠪᠠᠶᠢᠯᠭᠠᠵᠤ ᠪᠣᠯᠬᠤ ᠥᠬᠡᠶ᠃      ︵ᠠᠷᠪᠠᠨ ᠵᠢᠷᠭᠤᠭ᠎ᠠ︶ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢᠶᠠᠷ ᠬᠡᠷᠡᠭᠯᠡᠬᠦ ᠶᠢ ᠴᠢᠩᠭ᠎ᠠ ᠵᠢᠷᠤᠮᠵᠢᠭᠤᠯᠤᠨ᠎ᠠ᠃ ᠡᠯ᠎ᠡ ᠲᠥᠷᠥᠯ ᠤᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠠᠯᠢ ᠴᠢᠳᠠᠬᠤ ᠪᠠᠷ ᠥᠨᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠵᠠᠶᠢᠲᠠᠢ ᠪᠠᠶᠢᠯᠭᠠᠵᠤ᠂ ᠦᠨᠡᠨ ᠬᠦ ᠵᠠᠶᠢᠲᠠᠢ ᠪᠠᠶᠢᠯᠭᠠᠬᠤ ᠶᠢᠨ ᠠᠷᠭ᠎ᠠ ᠦᠭᠡᠶ ᠪᠣᠯ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠨᠥᠬᠦᠵᠦ ᠬᠤᠪᠢᠶᠠᠷᠢᠯᠠᠬᠤ ᠬᠡᠷᠡᠭᠲᠡᠢ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠨᠥᠬᠦᠵᠦ ᠬᠤᠪᠢᠶᠠᠷᠢᠯᠠᠬᠤ ᠲᠥᠰᠦᠯ ᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠵᠠᠯᠭᠠᠭᠠᠳ ᠪᠦᠷᠢᠳᠬᠡᠨ ᠳᠠᠩᠰᠠᠯᠠᠭᠤᠯᠵᠤ ᠪᠣᠯᠤᠨ᠎ᠠ᠂ ᠪᠦᠷᠢᠳᠬᠡᠨ ᠳᠠᠩᠰᠠᠯᠠᠭᠤᠯᠤᠭᠠᠳᠤᠶ ᠪᠣᠯ ᠠᠵᠢᠯ ᠡᠬᠢᠯᠡᠭᠦᠯᠦᠨ ᠪᠠᠶᠢᠭᠤᠯᠬᠤ ᠶᠢ ᠨᠢ ᠴᠢᠩᠭ᠎ᠠ ᠴᠠᠭᠠᠵᠠᠯᠠᠨ᠎ᠠ᠃ ᠵᠠᠷᠴᠢᠮ ᠳᠡᠭᠡᠷ᠎ᠡ ᠪᠠᠨ ᠪᠣᠯ ᠪᠦᠷᠢᠳᠬᠡᠨ ᠳᠠᠩᠰᠠᠯᠠᠭᠤᠯᠬᠤ ᠳᠤ ᠪᠠᠨ ᠡᠷᠬᠡᠪᠰᠢ ᠳᠠᠩ ᠲᠥᠷᠥᠯ ᠵᠦᠢᠯ ᠤᠨ ᠬᠡᠯᠪᠡᠷᠢ ᠪᠠᠷ ᠪᠦᠷᠢᠳᠬᠡᠨ ᠳᠠᠩᠰᠠᠯᠠᠭᠤᠯᠬᠤ ᠬᠡᠷᠡᠭᠲᠡᠶ᠂ ᠣᠯᠠᠨ ᠴᠡᠭ ᠲᠤ ᠪᠠᠶᠢᠷᠢᠰᠢᠭᠤᠯᠤᠭᠰᠠᠨ ᠲᠥᠷᠥᠯ ᠵᠦᠢᠯ ᠢᠶᠠᠨ ᠨᠢᠭᠡ ᠶᠡᠷᠦᠩᠬᠡᠢ ᠴᠣᠭᠴᠠᠲᠤ ᠲᠥᠷᠥᠯ ᠵᠦᠢᠯ ᠢᠶᠠᠷ ︽ᠬᠠᠮᠲᠤᠷᠠᠭᠤᠯᠵᠤ︾ ᠪᠦᠷᠢᠳᠬᠡᠨ ᠳᠠᠩᠰᠠᠯᠠᠭᠤᠯᠬᠤ ᠶᠢ ᠴᠢᠩᠭ᠎ᠠ ᠴᠠᠭᠠᠵᠠᠯᠠᠨ᠎ᠠ︔ ᠪᠡᠯᠡᠳᠬᠡᠮᠵᠢᠲᠦ ᠪᠤᠰᠤ ᠲᠠᠷᠢᠶᠠᠯᠠᠩ ᠤᠨ ᠲᠥᠷᠥᠯ ᠵᠦᠢᠯ ᠢ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢᠶᠠᠷ ᠪᠦᠷᠢᠳᠬᠡᠨ ᠳᠠᠩᠰᠠᠯᠠᠭᠤᠯᠬᠤ ᠶᠢ ᠡᠷᠡᠰ ᠴᠠᠭᠠᠵᠠᠯᠠᠨ᠎ᠠ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢᠶᠠᠷ ᠡᠵᠡᠯᠡᠨ ᠬᠡᠷᠡᠭᠯᠡᠭᠡᠳ ᠨᠥᠬᠦᠵᠦ ᠬᠤᠪᠢᠶᠠᠷᠢᠯᠠᠬᠤ ᠴᠢᠬᠤᠯᠠᠲᠠᠶ ᠪᠠᠶᠢᠪᠠᠯ᠂ ᠡᠷᠬᠡᠪᠰᠢ ᠤᠷᠢᠳ ᠢᠶᠠᠷ ᠨᠥᠬᠦᠵᠦ ᠬᠤᠪᠢᠶᠠᠷᠢᠯᠠᠨ ᠥᠭᠴᠦ ᠳᠠᠷᠠᠭ᠎ᠠ ᠨᠢ ᠡᠵᠡᠯᠡᠨ ᠬᠡᠷᠡᠭᠯᠡᠭᠦᠯᠦᠨ᠎ᠡ︔ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢᠶᠠᠷ ᠡᠵᠡᠯᠡᠨ ᠬᠡᠷᠡᠭᠯᠡᠬᠦ ᠳᠤ ︽ᠬᠤᠤᠰ ᠳᠡᠭᠡᠳᠦ ᠬᠢᠵᠠᠭᠠᠷᠯᠠᠬᠤ ᠱᠤᠭᠤᠮ︾ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠡᠵᠡᠯᠡᠨ ᠬᠡᠷᠡᠭᠯᠡᠬᠦ ᠲᠠᠯᠠᠪᠠᠶ ᠶᠢ ᠨᠢ ᠶᠡᠷᠦᠩᠬᠡᠶ ᠲᠠᠯᠠᠪᠠᠶ ᠶᠢᠨ 25 % ᠶᠢᠨ ᠳᠣᠲᠣᠷ᠎ᠠ ᠬᠢᠵᠠᠭᠠᠷᠯᠠᠨ᠂ 30 ᠮᠥ ᠠᠴᠠ ᠬᠡᠲᠦᠷᠡᠭᠦᠯᠵᠦ ᠪᠣᠯᠬᠤ ᠥᠬᠡᠶ᠃      2021 ᠣᠨ ᠤ 7 ᠳ᠋ᠤᠭᠠᠷ ᠰᠠᠷ᠎ᠠ ᠶᠢᠨ 9 ᠤ ᠡᠳᠦᠷ      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ      2021 ᠣᠨ ᠤ 7 ᠳ᠋ᠤᠭᠠᠷ ᠰᠠᠷ᠎ᠠ ᠶᠢᠨ 9 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ