|
ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ | ᠵᠢᠷᠭᠤᠳᠤᠭᠠᠷ ᠤᠳᠠᠭ᠎ᠠ ᠶᠢᠨ ᠬᠤᠷᠠᠯ ᠬᠢᠪᠡ ᠱᠢ ᠲᠠᠢ ᠹᠧᠩ ᠬᠤᠷᠠᠯ ᠢ ᠡᠷᠬᠢᠯᠡᠵᠡᠢ |
|
|
ᠨᠡᠶᠢᠲᠡᠯᠡᠭᠰᠡᠨ ᠴᠠᠭ᠄
2021/12/1
|
|
11 ᠰᠠᠷ᠎ᠠ ᠶᠢᠨ 30 ᠤ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠵᠢᠷᠭᠤᠳᠤᠭᠠᠷ ᠤᠳᠠᠭ᠎ᠠ ᠶᠢᠨ ᠬᠤᠷᠠᠯ ᠬᠢᠪᠡ᠃ ᠱᠢ ᠲᠠᠢ ᠹᠧᠩ ᠬᠤᠷᠠᠯ ᠢ ᠡᠷᠬᠢᠯᠡᠵᠠᠢ᠃ ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠭᠡᠰᠢᠭᠦᠨ᠂ ᠣᠷᠣᠯᠠᠭᠴᠢ ᠭᠡᠰᠢᠭᠦᠨ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ ᠤ ᠰᠣᠩᠭᠤᠭᠤᠯᠢ ᠶᠢᠨ ᠦᠷ᠎ᠡ ᠳ᠋ᠦᠩ ᠤᠨ ᠲᠤᠬᠠᠢ ᠶᠡᠭᠡ ᠬᠤᠷᠠᠯ ᠤᠨ ᠶᠡᠷᠦᠩᠬᠡᠢ ᠪᠢᠯᠧᠲ ᠬᠢᠨᠠᠭᠴᠢ ᠶᠢᠨ ᠬᠢᠭᠰᠡᠨ ᠮᠡᠳᠡᠭᠦᠯᠦᠯᠲᠡ ᠶᠢ ᠰᠣᠨᠣᠰᠴᠤ᠂ ᠡᠳᠡᠭᠡᠷ ᠭᠤᠷᠪᠠᠨ ᠰᠣᠩᠭᠤᠭᠤᠯᠢ ᠶᠢᠨ ᠦᠷ᠎ᠡ ᠳ᠋ᠦᠩ ᠢ ᠶᠡᠭᠡ ᠬᠤᠷᠠᠯ ᠤᠨ ᠪᠦᠬᠦ ᠲᠥᠯᠥᠭᠡᠯᠡᠭᠴᠢ ᠳᠤ ᠮᠡᠳᠡᠭᠦᠯᠬᠦ ᠶᠢᠨ ᠬᠠᠮᠲᠤ᠂ ᠰᠣᠩᠭᠤᠭᠳᠠᠭᠰᠠᠳ ᠤᠨ ᠨᠡᠷᠡᠰ ᠢ ᠨᠡᠶᠢᠲᠡᠯᠡᠬᠦ ᠪᠠᠷ ᠲᠣᠭᠲᠠᠪᠠ᠃ ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠪᠦᠬᠦᠳᠡ ᠬᠤᠷᠠᠯ ᠢ ᠬᠤᠷᠠᠯᠳᠤᠭᠤᠯᠬᠤ ᠴᠠᠭ ᠪᠣᠯᠤᠨ ᠴᠤᠬᠯᠠᠭᠤᠯᠤᠬᠴᠢ ᠶᠢᠨ ᠨᠡᠷᠡᠰ ᠢ ᠪᠠᠲᠤᠯᠠᠵᠠᠢ᠃ ᠬᠤᠷᠠᠯ ᠠᠴᠠ᠂ ︽ᠲᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠶᠢᠨ ᠠᠵᠢᠯ ᠤᠨ ᠲᠦᠷᠢᠮ︾ ᠤᠨ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠪᠥᠬᠦᠳᠡ ᠬᠤᠷᠠᠯ ᠤᠨ ᠰᠣᠩᠭᠤᠭᠤᠯᠢ ᠲᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠪᠥᠬᠦᠳᠡ ᠬᠤᠷᠠᠯ ᠳᠤ ᠰᠣᠩᠭᠤᠭᠤᠯᠢ ᠶᠢᠨ ᠦᠷ᠎ᠡ ᠳ᠋ᠦᠩ ᠢ ᠮᠡᠳᠡᠭᠦᠯᠬᠦ ᠬᠡᠷᠡᠭᠲᠡᠶ ᠭᠡᠵᠤ ᠲᠤᠭᠳᠠᠵᠠᠢ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|