ᠸᠠᠩ ᠯᠢ ᠰᠢᠶᠠ ᠮᠠᠨᠵᠤᠤᠷ ᠬᠤᠲᠠ ᠳᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠢ ᠰᠡᠳᠦᠪᠲᠦ ᠬᠤᠷᠠᠯ ᠳᠡᠭᠡᠷ᠎ᠡ ᠴᠢᠬᠤᠯᠠᠴᠢᠯᠠᠭᠰᠠᠨ ᠨᠢ  ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠳᠬᠤᠨ ᠨᠥᠭᠦᠭᠡ ᠲᠠᠯ᠎ᠠ ᠪᠠᠷ ᠡᠷᠭᠢᠴᠡᠭᠦᠯᠦᠨ ᠲᠤᠩᠭᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠲᠡᠮᠦᠷ ᠬᠡᠷᠡᠮ ᠪᠣᠯᠣᠳ ᠬᠠᠨ᠎ᠠ ᠶᠢ ᠡᠷᠡᠰ ᠪᠠᠲᠤ ᠴᠣᠭᠴᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2021/12/13

      12 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠮᠠᠨᠵᠤᠤᠷ ᠬᠤᠲᠠ ᠳᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠳᠬᠤᠨ᠂ ᠨᠥᠭᠦᠭᠡ ᠲᠠᠯ᠎ᠠ ᠪᠠᠷ ᠡᠷᠭᠢᠴᠡᠭᠦᠯᠦᠨ ᠲᠤᠩᠭᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠲᠡᠮᠦᠷ ᠬᠡᠷᠡᠮ ᠪᠣᠯᠣᠳ ᠬᠠᠨ᠎ᠠ ᠶᠢ ᠡᠷᠡᠰ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠸᠠᠩ ᠯᠢ ᠰᠢᠶᠠ᠂ ᠬᠢᠯᠢ ᠶᠢᠨ ᠪᠣᠭᠤᠮᠲᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠡᠮᠦᠨᠡᠬᠢ ᠵᠢᠭᠰᠠᠭᠠᠯ ᠤᠨ ᠭᠠᠵᠠᠷ᠂ ᠬᠢᠵᠢᠭ ᠤᠨ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠮᠥᠨ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠭᠦᠨᠵᠡᠭᠡᠢ ᠡᠷᠭᠢᠴᠡᠭᠦᠯᠦᠨ ᠲᠤᠩᠭᠠᠵᠤ᠂ ᠨᠠᠷᠢᠨ ᠨᠢᠮᠪᠠᠢ ᠪᠠᠶᠢᠴᠠᠭᠠᠨ ᠳᠡᠯᠭᠡᠵᠦ᠂ ᠠᠯᠳᠠᠭᠳᠠᠯ ᠭᠠᠷᠬᠤ ᠶᠢ ᠬᠤᠷᠢᠭᠯᠠᠵᠤ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
      ᠸᠠᠩ ᠯᠢ ᠰᠢᠶᠠ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠠᠳᠬᠤᠬᠤ ᠳᠤ᠂ ᠰᠠᠶᠢᠲᠤᠷ ︽ᠲᠤᠰᠠᠭᠠᠷᠯᠠᠵᠤ︾᠂ ᠹᠢᠽᠢᠺ ᠤᠨ ᠠᠷᠭ᠎ᠠ ᠪᠠᠷᠢᠯ ᠢᠶᠠᠷ ᠬᠢᠯᠢ ᠶᠢᠨ ᠪᠣᠭᠤᠮᠲᠠ ᠶᠢᠨ ᠠᠵᠢᠯᠯᠠᠬᠤ ᠲᠣᠭᠤᠷᠢᠭ ᠪᠣᠯᠣᠨ ᠬᠤᠲᠠ ᠶᠢᠨ ᠠᠮᠢᠳᠤᠷᠠᠯ ᠤᠨ ᠲᠣᠭᠤᠷᠢᠭ ᠢ ᠲᠤᠰᠠᠭᠠᠷᠯᠠᠬᠤ ᠬᠡᠷᠡᠭᠲᠡᠢ᠃ ᠰᠠᠶᠢᠲᠤᠷ ︽ᠬᠠᠮᠢᠶᠠᠷᠴᠤ︾᠂ ᠪᠠᠷᠢᠮᠵᠢᠶ᠎ᠠ ᠪᠠ ᠵᠢᠷᠤᠮᠵᠢᠯ ᠶᠣᠰᠣᠭᠠᠷ ᠬᠢᠯᠢ ᠶᠢᠨ ᠪᠣᠭᠤᠮᠲᠠ ᠶᠢᠨ ᠠᠵᠢᠯᠯᠠᠬᠤ ᠲᠣᠭᠤᠷᠢᠭ ᠤᠨ ᠬᠥᠮᠥᠰ ᠢ ᠨᠢᠭᠡᠳᠦᠯᠲᠡᠢ ᠬᠠᠮᠢᠶᠠᠷᠬᠤ ᠬᠡᠷᠡᠭᠲᠡᠢ᠃ ᠰᠠᠶᠢᠲᠤᠷ ︽ᠬᠠᠷᠠᠵᠤ︾᠂ ᠮᠡᠳᠡᠭᠡ ᠵᠠᠩᠭᠢ ᠶᠢᠨ ᠠᠷᠭ᠎ᠠ ᠪᠠᠷᠢᠯ ᠢ ᠬᠡᠷᠡᠭᠯᠡᠨ᠂ ᠬᠥᠮᠥᠨ ᠰᠡᠷᠭᠡᠶᠢᠯᠡᠬᠦ ᠪᠠ ᠮᠡᠷᠭᠡᠵᠢᠯ ᠢᠶᠠᠷ ᠰᠡᠷᠭᠡᠶᠢᠯᠡᠬᠦ ᠶᠢ ᠬᠠᠷᠢᠯᠴᠠᠨ ᠤᠶᠠᠯᠳᠤᠭᠤᠯᠵᠤ᠂ ᠬᠢᠯᠢ ᠶᠢᠨ ᠪᠣᠭᠤᠮᠲᠠ ᠶᠢᠨ ᠠᠵᠢᠯᠯᠠᠬᠤ ᠲᠣᠭᠤᠷᠢᠭ ᠲᠤ ᠬᠢᠨᠠᠯᠲᠠ ᠬᠠᠮᠢᠶᠠᠷᠤᠯᠲᠠ ᠶᠢ ᠪᠦᠬᠦᠨ ᠢ ᠪᠦᠷᠬᠦᠭᠦᠯᠬᠦ ᠶᠢ ᠬᠡᠷᠡᠭᠵᠢᠭᠦᠯᠬᠦ ᠬᠡᠷᠡᠭᠲᠡᠢ᠃ ᠰᠠᠶᠢᠲᠤᠷ ︽ᠳᠡᠭᠡᠭᠰᠢᠯᠡᠭᠦᠯᠵᠦ︾᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷᠢᠮᠵᠢᠶ᠎ᠠ᠂ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠠᠷᠢᠮᠵᠢᠶ᠎ᠠ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠰᠠᠶᠢᠲᠤᠷ ︽ᠰᠡᠷᠭᠡᠶᠢᠯᠡᠵᠦ︾᠂ ᠬᠢᠯᠢ ᠶᠢᠨ ᠪᠣᠭᠤᠮᠲᠠ ᠶᠢᠨ ᠠᠵᠢᠯᠯᠠᠬᠤ ᠲᠣᠭᠤᠷᠢᠭ ᠪᠠ ᠬᠤᠲᠠ ᠶᠢᠨ ᠬᠤᠭᠤᠷᠣᠨᠳᠤ ᠲᠤᠰᠠᠭᠠᠷᠯᠠᠬᠤ ᠣᠷᠣᠨ ᠢ ᠪᠠᠶᠢᠭᠤᠯᠬᠤ ᠬᠡᠷᠡᠭᠲᠡᠢ᠃ ᠰᠠᠶᠢᠲᠤᠷ ︽ᠴᠢᠩᠭᠠᠷᠠᠭᠤᠯᠵᠤ︾᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠰᠢᠢᠳᠪᠦᠷᠢᠯᠡᠬᠦ ᠴᠢᠳᠠᠪᠤᠷᠢ ᠪᠣᠯᠣᠨ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ︽ᠨᠢᠭᠡᠳᠦᠯᠲᠡᠢ ᠲᠥᠯᠥᠪᠵᠢᠭᠦᠯᠵᠦ︾᠂ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠰᠡᠷᠭᠡᠶᠢᠯᠡᠨ ᠡᠵᠡᠮᠳᠡᠬᠦ ᠶᠢ ᠬᠠᠮᠢᠶᠠᠷᠬᠤ ᠤᠬᠠᠮᠰᠠᠷ ᠢ ᠪᠠᠲᠤ ᠪᠤᠢ ᠪᠣᠯᠭᠠᠵᠤ᠂ ᠬᠥᠭᠵᠢᠯᠲᠡ ᠶᠢᠨ ᠠᠷᠭ᠎ᠠ ᠬᠡᠯᠪᠡᠷᠢ᠂ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠣᠨ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠭᠠᠷᠮᠠᠭᠠᠢ ᠰᠢᠯᠢᠳᠡᠭ ᠬᠦᠴᠦᠨ ᠢ ᠲᠠᠲᠠᠵᠤ ᠲᠤᠰᠬᠠᠢ ᠠᠩᠭᠢ ᠶᠢ ᠪᠦᠷᠢᠯᠳᠦᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠤᠰᠬᠠᠢ ᠬᠠᠷᠢᠭᠤᠴᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ