ᠸᠠᠩ ᠯᠢ ᠰᠢᠶᠠ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠢ ᠶᠢᠨ ᠰᠢᠢᠳᠪᠦᠷᠢᠯᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠄ ᠨᠡᠶᠢᠭᠡᠮ ᠲᠡᠭᠡᠷᠡᠬᠢ ᠪᠦᠬᠦ ᠬᠦᠮᠦᠰ ᠢ ᠪᠠᠶᠢᠴᠠᠭᠠᠨ ᠲᠤᠳᠤᠷᠬᠠᠶᠢᠯᠠᠬᠤ ᠶᠢ ᠪᠡᠶᠡᠯᠡᠭᠦᠯᠬᠦ ᠬᠠᠷᠠᠯᠲᠠ ᠶᠢ ᠨᠢᠭᠲᠠ ᠠᠩᠬᠠᠷᠴᠤ ᠪᠦᠬᠦ ᠲᠠᠯ᠎ᠠ ᠪᠦᠬᠦ ᠬᠡᠯᠬᠢᠶ᠎ᠡ ᠪᠦᠬᠦ ᠶᠠᠪᠤᠴᠠ ᠳᠤ ᠠᠯᠳᠠᠬᠳᠠᠯ ᠢ ᠪᠠᠶᠢᠴᠠᠭᠠᠨ ᠲᠤᠳᠠᠬᠳᠠᠯ ᠢ ᠨᠥᠬᠦᠪᠥᠷᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2021/12/13

      12 ᠰᠠᠷ᠎ᠠ ᠶᠢᠨ 9 ᠤ ᠤᠷᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠮᠠᠨᠵᠤᠤᠷ ᠬᠤᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠢ ᠶᠢᠨ ᠰᠢᠢᠳᠪᠦᠷᠢᠯᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠤ᠂ ᠨᠡᠶᠢᠭᠡᠮ ᠲᠡᠭᠡᠷᠡᠬᠢ ᠪᠦᠬᠦ ᠬᠦᠮᠦᠰ ᠢ ᠪᠠᠶᠢᠴᠠᠭᠠᠨ ᠲᠤᠳᠤᠷᠬᠠᠶᠢᠯᠠᠬᠤ ᠶᠢ ᠪᠡᠶᠡᠯᠡᠬᠦᠯᠬᠦ ᠡᠨᠡ ᠬᠦ ᠬᠠᠮᠤᠭ ᠤᠨ ᠴᠢᠬᠤᠯᠠ ᠬᠠᠷᠠᠯᠲᠠ ᠶᠢ ᠨᠢᠭᠲᠠ ᠠᠩᠬᠠᠷᠴᠤ᠂ ᠪᠦᠬᠦ ᠲᠠᠯ᠎ᠠ ᠪᠦᠬᠦ ᠬᠡᠯᠬᠢᠶ᠎ᠡ ᠪᠦᠬᠦ ᠶᠠᠪᠤᠴᠠ ᠳᠤ ᠠᠯᠳᠠᠬᠳᠠᠯ ᠢ ᠪᠠᠶᠢᠴᠠᠭᠠᠨ ᠲᠤᠳᠠᠬᠳᠠᠯ ᠢ ᠨᠥᠬᠦᠪᠥᠷᠢᠯᠡᠵᠦ᠂ ᠡᠷᠳᠡᠬᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃
      ᠸᠠᠩ ᠯᠢ ᠰᠢᠶᠠ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠠᠶᠢᠵᠤ᠂ ᠠᠰᠠᠭᠤᠳᠠᠯ ᠮᠥᠨ ᠬᠦ ᠳᠤᠪᠤᠶᠢᠮ᠎ᠠ ᠪᠠᠶᠢᠨ᠎ᠠ᠂ ᠲᠤᠰᠠᠭᠠᠷᠯᠠᠬᠤ ᠴᠡᠭ ᠤᠨ ᠬᠠᠮᠢᠶᠠᠷᠤᠯᠲᠠ ᠡᠵᠡᠮᠳᠡᠯ ᠤᠨ ᠠᠯᠳᠠᠬᠳᠠᠯ ᠢ ᠪᠠᠶᠢᠴᠠᠭᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠳᠠᠬᠢ ᠵᠢᠭᠠᠨ ᠵᠢᠯᠤᠭᠤᠳᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠢᠯᠡᠷᠡᠭᠦᠯᠦᠭᠰᠡᠨ ᠠᠰᠠᠭᠤᠳᠠᠯ᠂ ᠳᠠᠯᠳᠠᠭᠤᠷ ᠪᠠᠶᠢᠴᠠᠭᠠᠨ ᠰᠤᠳᠤᠯᠵᠤ ᠢᠯᠡᠷᠡᠭᠦᠯᠦᠭᠰᠡᠨ ᠠᠰᠠᠭᠤᠳᠠᠯ ᠢ ᠪᠦᠬᠦ ᠲᠠᠯ᠎ᠠ ᠪᠠᠷ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠬᠠᠮᠢᠶᠠᠷᠤᠯᠲᠠ ᠡᠵᠡᠮᠳᠡᠯ ᠢ ᠴᠢᠨᠠᠭᠰᠢᠳᠠ ᠴᠢᠩᠭᠠᠳᠬᠠᠵᠤ᠂ ᠰᠣᠯᠪᠢᠴᠠᠨ ᠬᠠᠯᠳᠠᠪᠤᠷᠢᠯᠠᠬᠤ ᠪᠠᠶᠢᠳᠠᠯ ᠡᠬᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠡᠵᠡᠮᠳᠡᠯ ᠤᠨ ᠠᠯᠳᠠᠬᠳᠠᠯ ᠢ ᠪᠠᠶᠢᠴᠠᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠣᠳᠠᠲᠠᠶ ᠰᠠᠭᠤᠭ᠎ᠠ ᠬᠥᠮᠦᠰ ᠤᠨ ᠮᠡᠳᠡᠭᠡ ᠵᠠᠩᠭᠢ ᠶᠢᠨ ᠡᠬᠡ ᠲᠠᠩᠰᠠ᠂ ᠨᠡᠶᠢᠭᠡᠮ ᠲᠣᠭᠤᠷᠢᠭ ᠤᠨ ᠬᠦᠮᠦᠰ ᠤᠨ ᠡᠳᠦᠷ ᠪᠦᠷᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠲᠠᠩᠰᠠᠯᠠᠬᠤ ᠡᠬᠡ ᠲᠠᠩᠰᠠ᠂ ᠬᠠᠰᠢᠯᠲᠠ ᠶᠢᠨ ᠴᠡᠭ ᠪᠣᠯᠤᠨ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡ ᠪᠠᠷ ᠣᠷᠣᠵᠤ ᠭᠠᠷᠬᠤ ᠶᠢ ᠲᠠᠩᠰᠠᠯᠠᠬᠤ ᠡᠬᠡ ᠲᠠᠩᠰᠠ᠂ ᠣᠨᠴᠠᠭᠠᠶ ᠬᠥᠮᠦᠰ ᠪᠣᠯᠤᠨ ᠬᠦᠴᠢᠷᠳᠡᠯᠲᠡᠶ ᠬᠥᠮᠦᠰ ᠢ ᠲᠠᠩᠰᠠᠯᠠᠬᠤ ᠡᠬᠡ ᠲᠠᠩᠰᠠ ᠶᠢ ᠤᠨᠤᠴᠠᠲᠠᠢ ᠪᠠᠶᠢᠭᠤᠯᠵᠤ᠂ ᠨᠠᠷᠢᠯᠢᠭ ᠦᠶᠯᠡᠴᠢᠯᠡᠭᠡ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠰᠠᠭᠤᠭᠠᠯᠢ ᠠᠷᠠᠳ ᠤᠨ ᠲᠣᠭᠤᠷᠢᠭ ᠢ ᠪᠢᠲᠡᠭᠦᠮᠵᠢᠯᠡᠨ ᠡᠵᠡᠮᠳᠡᠬᠦ ᠬᠠᠮᠢᠶᠠᠷᠤᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠰᠢᠯᠵᠢᠭᠦᠯᠦᠨ ᠲᠡᠭᠡᠭᠡᠪᠦᠷᠢᠯᠡᠬᠦ ᠠᠵᠢᠯ ᠤᠨ ᠠᠯᠳᠠᠬᠳᠠᠯ ᠢ ᠪᠠᠶᠢᠴᠠᠭᠠᠵᠤ᠂ ᠠᠷᠭ᠎ᠠ ᠬᠡᠮᠵᠢᠶ᠎ᠡ ᠪᠠᠨ ᠴᠢᠨᠠᠭᠰᠢᠳᠠ ᠨᠠᠷᠢᠯᠢᠬᠵᠢᠭᠤᠯᠤᠨ᠂ ᠪᠢᠲᠡᠭᠦᠦ ᠭᠤᠬᠴᠤᠭᠠᠳᠤ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠯᠵᠢᠭᠦᠯᠦᠨ ᠲᠡᠭᠡᠭᠡᠪᠦᠷᠢᠯᠡᠬᠦ ᠲᠡᠷᠭᠡᠨ ᠲᠡᠭᠡᠷᠡᠬᠢ ᠬᠠᠮᠲᠤ ᠶᠠᠪᠤᠭ᠎ᠠ ᠬᠥᠮᠦᠰ ᠤᠨ ᠬᠠᠯᠳᠠᠪᠤᠷᠢᠯᠠᠬᠤ ᠲᠦᠭᠰᠢᠭᠦᠷᠢ᠂ ᠰᠢᠯᠵᠢᠭᠦᠯᠦᠨ ᠲᠡᠭᠡᠭᠡᠪᠦᠷᠢᠯᠡᠬᠦ ᠳᠤ ᠣᠷᠣᠯᠴᠠᠬᠤ ᠬᠥᠮᠦᠰ ᠤᠨ ᠬᠠᠯᠳᠠᠪᠤᠷᠢᠯᠠᠬᠤ ᠲᠦᠭᠰᠢᠭᠦᠷᠢ᠂ ᠰᠢᠯᠵᠢᠭᠦᠯᠦᠨ ᠲᠡᠭᠡᠭᠡᠪᠦᠷᠢᠯᠡᠵᠦ ᠬᠦᠷᠭᠡᠬᠦ ᠭᠠᠵᠠᠷ ᠣᠷᠣᠨ ᠤ ᠬᠢᠵᠢᠭ ᠤᠨ ᠪᠠᠶᠢᠳᠠᠯ ᠭᠠᠳᠠᠭᠰᠢ ᠬᠠᠯᠳᠠᠪᠤᠷᠢᠯᠠᠬᠤ ᠲᠦᠭᠰᠢᠭᠦᠷᠢ ᠶᠢ ᠡᠷᠡᠰ ᠬᠤᠷᠢᠭᠯᠠᠵᠤ᠂ ︽ᠨᠢᠭᠡ ᠲᠠᠯ᠎ᠠ ᠪᠠᠷ ᠰᠢᠯᠵᠢᠭᠦᠯᠦᠨ᠂ ᠨᠢᠭᠡ ᠲᠠᠯ᠎ᠠ ᠪᠠᠷ ᠬᠠᠯᠳᠠᠪᠤᠷᠢᠯᠠᠬᠤ︾ ᠶᠢ ᠡᠷᠡᠰ ᠬᠤᠷᠢᠭᠯᠠᠬᠤ ᠬᠡᠷᠡᠭᠲᠡᠢ᠃ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠯᠳᠠᠬᠳᠠᠯ ᠢ ᠪᠠᠶᠢᠴᠠᠭᠠᠵᠤ᠂ ᠪᠠᠷᠢᠯᠭ᠎ᠠ ᠶᠢᠨ ᠭᠠᠵᠠᠷ ᠤᠨ ᠠᠵᠢᠯᠴᠢᠨ ᠪᠣᠯᠤᠨ

︽ᠰᠦᠯᠵᠢᠶᠡᠨ ᠳᠡᠭᠡᠷ᠎ᠡ ᠡᠭᠦᠳᠡ ᠲᠣᠭᠰᠢᠬᠤ︾ ᠠᠵᠢᠯᠯᠠᠭ᠎ᠠ ᠵᠡᠷᠭᠡ ᠠᠴᠠ ᠢᠯᠡᠷᠡᠭᠦᠯᠦᠭᠰᠡᠨ ᠭᠤᠣᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠦᠳᠳᠡᠷ ᠲᠦᠷᠭᠡᠨ ᠰᠠᠶᠢᠲᠤᠷ ᠬᠢᠵᠦ᠂ ᠠᠵᠢᠯ ᠤᠨ ᠳᠡᠰ ᠳᠠᠷᠠᠭᠠᠯᠠᠯ ᠢᠶᠠᠨ ᠴᠢᠨᠠᠭᠰᠢᠳᠠ ᠰᠢᠯᠢᠳᠡᠭᠵᠢᠭᠦᠯᠵᠦ᠂ ᠦᠯᠢᠭᠡᠷ ᠠᠪᠬᠤ᠂ ᠬᠦᠷᠭᠡᠬᠦ᠂ ᠰᠢᠯᠭᠠᠨ ᠪᠠᠶᠢᠴᠠᠭᠠᠬᠤ᠂ ᠮᠡᠳᠡᠭᠦᠯᠬᠦ ᠶᠢ ᠨᠢᠭᠡ ᠴᠤᠬᠴᠠᠵᠢᠭᠤᠯᠬᠤ ᠬᠤᠷᠳᠤᠴᠠ ᠶᠢ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠳᠡᠰ ᠳᠠᠷᠠᠭᠠᠯᠠᠯ ᠤᠨ ᠠᠯᠳᠠᠬᠳᠠᠯ ᠢ ᠪᠠᠶᠢᠴᠠᠭᠠᠵᠤ᠂ ᠠᠵᠢᠯ ᠤᠨ ᠳᠡᠰ ᠳᠠᠷᠠᠭᠠᠯᠠᠯ ᠢ ᠲᠠᠬᠢᠨ ᠰᠢᠯᠢᠳᠡᠭᠵᠢᠭᠦᠯᠵᠦ᠂ ᠴᠤᠮᠬᠠᠳᠬᠠᠨ ᠲᠡᠭᠰᠢᠯᠡᠭᠰᠡᠨ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢᠯᠠᠭᠤᠯᠤᠯᠲᠠ ᠶᠢ ᠡᠴᠦᠰ ᠲᠤᠨᠢ ᠲᠤᠯᠲᠠᠯ᠎ᠠ ᠬᠢᠬᠦ᠂ ᠡᠴᠦᠰ ᠲᠤᠨᠢ ᠲᠤᠯᠳᠠᠯ᠎ᠠ ᠳᠠᠮᠵᠢᠭᠤᠯᠬᠤ ᠶᠢ ᠪᠠᠳᠤᠯᠠᠵᠤ᠂ ᠳᠡᠭᠡᠳᠤ ᠳᠤᠤᠷᠠᠳᠤ ᠱᠠᠳᠤ ᠪᠠᠷ ᠢᠶᠠᠨ ᠠᠯᠬᠤᠮ ᠨᠢᠭᠡᠳᠠᠢ᠂ ᠠᠵᠢᠯᠯᠠᠭ᠎ᠠ ᠨᠢᠭᠡᠳᠠᠢ ᠪᠠᠶᠢᠬᠤ ᠶᠢ ᠪᠠᠲᠤᠯᠠᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠬᠢᠵᠢᠭ ᠲᠠᠢ ᠲᠡᠮᠡᠴᠡᠬᠦ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠬᠢ ᠠᠯᠳᠠᠬᠳᠠᠯ ᠢ ᠪᠠᠶᠢᠴᠠᠭᠠᠵᠤ᠂ ᠭᠤᠣᠯᠳᠠᠯᠭ᠎ᠠ ᠶᠢ ᠠᠳᠬᠤᠬᠤ ᠳᠡᠭᠡᠷ᠎ᠡ ᠬᠦᠴᠦ ᠲᠠᠯᠪᠢᠵᠤ᠂ ᠨᠠᠷᠢᠨ ᠬᠢᠨᠠᠮᠠᠭᠠᠢ ᠪᠠᠶᠢᠬᠤ ᠳᠡᠭᠡᠷ᠎ᠡ ᠬᠦᠴᠦ ᠲᠠᠯᠪᠢᠵᠤ᠂ ︽ᠬᠥᠮᠦᠨ ᠤ ᠲᠤᠭ᠎ᠠ ᠲᠣᠳᠣᠷᠬᠠᠢ᠂ ᠬᠦᠮᠦᠨ ᠬᠠᠷ᠎ᠠ ᠲᠤᠳᠤᠷᠬᠠᠢ᠂ ᠣᠷᠣᠨ ᠪᠠᠶᠢᠷᠢ ᠲᠣᠳᠣᠷᠬᠠᠢ᠂ ᠠᠰᠠᠭᠤᠳᠠᠯ ᠲᠣᠳᠣᠷᠬᠠᠢ︾ ᠪᠠᠶᠢᠬᠤ ᠱᠠᠭᠠᠷᠳᠠᠯᠭ᠎ᠠ ᠶᠣᠰᠣᠭᠠᠷ᠂ ᠨᠢᠭᠡᠳ ᠨᠢᠭᠡ ᠪᠠᠷ ᠡᠬᠡ ᠲᠠᠩᠰᠠ ᠪᠠᠶᠢᠭᠤᠯᠵᠤ᠂ ᠲᠡᠷᠡ ᠶᠤᠰᠤᠭᠠᠷ ᠨᠢ ᠨᠠᠶᠢᠳᠠᠪᠤᠷᠢᠵᠢᠭᠤᠯᠤᠯᠲᠠ ᠶᠢ ᠠᠳᠬᠤᠵᠤ᠂ ᠶᠠᠰᠤ ᠴᠢᠨᠠᠷ ᠲᠤᠭ᠎ᠠ ᠬᠡᠮᠵᠢᠶ᠎ᠠ ᠶᠢ ᠪᠠᠳᠤᠯᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ ᠭᠡᠵᠤ ᠴᠢᠬᠤᠯᠠᠴᠢᠯᠠᠵᠠᠢ᠃
      ᠲᠤᠰ ᠡᠳᠦᠷ᠂ ᠸᠠᠩ ᠯᠢ ᠰᠢᠶᠠ ᠪᠠᠰᠠ ᠬᠤᠸᠠ ᠺᠠᠶ ᠰᠠᠭᠤᠭᠠᠯᠢ ᠠᠷᠠᠳ ᠤᠨ ᠲᠣᠭᠤᠷᠢᠭ᠂ ᠵᠢᠶᠠᠨ ᠺᠠᠩ ᠰᠠᠭᠤᠭᠠᠯᠢ ᠠᠷᠠᠳ ᠤᠨ ᠲᠣᠭᠤᠷᠢᠭ᠂ ᠮᠠᠨᠵᠤᠤᠷ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠲᠦᠩ ᠰᠢᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠳᠠᠯᠳᠠᠭᠤᠷ ᠰᠤᠷᠪᠤᠯᠵᠢᠯᠠᠵᠤ ᠱᠠᠯᠠᠪᠳᠠᠭᠤᠯᠤᠨ ᠪᠠᠶᠢᠴᠠᠭᠠᠪᠠ᠃
      ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠳᠠᠷᠤᠭ᠎ᠠ ᠸᠠᠩ ᠾᠧ ᠱᠧᠩ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ᠂ ᠡᠸᠤ ᠶᠠᠩ ᠰᠢᠶᠤᠤ ᠬᠤᠶ᠂ ᠾᠧᠩ ᠰᠢᠶᠤᠤ ᠹᠠᠨ ᠬᠤᠷᠠᠯ ᠳᠤ ᠣᠷᠣᠯᠴᠠᠵᠠᠶ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠳᠠᠬᠢ ᠵᠢᠭᠠᠨ ᠵᠢᠯᠤᠭᠤᠳᠬᠤ ᠳᠤᠭᠤᠶᠢᠯᠠᠩ ᠤᠨ ᠬᠡᠰᠡᠭ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠢ ᠶᠢᠨ ᠰᠢᠢᠳᠪᠦᠷᠢᠯᠡᠬᠦ ᠲᠤᠰᠬᠠᠢ ᠠᠩᠬᠢ ᠶᠢᠨ ᠡᠯ᠎ᠡ ᠠᠵᠢᠯᠯᠠᠬᠤ ᠳᠤᠭᠤᠶᠢᠯᠠᠩ ᠤᠨ ᠳᠠᠷᠤᠭ᠎ᠠ ᠨᠡᠷ ᠬᠤᠷᠠᠯ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ