ᠱᠢ ᠲᠠᠢ ᠹᠧᠩ ᠪᠠᠶᠢᠭ᠎ᠠ ᠨᠠᠮ ᠤᠨ ᠡᠭᠦᠷ ᠤᠨ ᠢᠶᠠᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ ᠣᠷᠣᠯᠴᠠᠵᠤ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2021/12/14

      12 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠲᠡᠭᠦᠨ ᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠶᠡᠷᠦᠩᠬᠡᠢ ᠨᠢᠭᠡᠳᠦᠭᠡᠷ ᠭᠠᠵᠠᠷ ᠤᠨ ᠨᠠᠮ ᠤᠨ ᠡᠭᠦᠷ ᠤᠨ ᠢᠶᠠᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ ᠣᠷᠣᠯᠴᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠠᠮᠢᠳᠤᠯᠢᠭ ᠰᠠᠶᠢᠬᠠᠨ ᠦᠭᠡ ᠬᠡᠯᠡᠯᠬᠡ ᠪᠣᠯᠤᠨ ᠪᠣᠳᠠᠲᠤ ᠵᠢᠱᠢᠶ᠎ᠡ ᠪᠠᠷ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠬᠢᠴᠢᠶᠡᠯ ᠣᠷᠣᠪᠠ᠃

1.jpg

1.jpg


      ᠬᠤᠷᠠᠯ ᠳᠡᠭᠡᠷ᠎ᠡ᠂ ᠨᠠᠮ ᠤᠨ ᠡᠭᠦᠷ ᠤᠨ 4 ᠨᠠᠮ ᠤᠨ ᠭᠡᠰᠢᠭᠦᠨ ᠭᠤᠤᠯ ᠰᠡᠳᠦᠪ ᠤᠨ ᠲᠣᠭᠤᠷᠢᠨ ᠳᠤ ᠲᠠᠷᠠᠭᠠᠯᠠᠨ ᠦᠭᠡ ᠬᠡᠯᠡᠵᠥ᠂ ᠠᠳᠠᠯᠢ ᠪᠤᠰᠤ ᠬᠠᠷᠠᠭᠠᠰᠤ ᠠᠴᠠ ᠰᠤᠷᠤᠯᠴᠠᠯᠭ᠎ᠠ ᠶᠢᠨ ᠣᠯᠤᠯᠲᠠ ᠲᠥᠷᠥᠭᠳᠡᠯ ᠢᠶᠠᠨ ᠰᠤᠯᠢᠯᠴᠠᠨ ᠠᠭᠤᠵᠢᠷᠠᠲᠠᠯ᠎ᠠ ᠶᠠᠷᠢᠯᠴᠠᠪᠠ᠃ ᠱᠢ ᠲᠠᠢ ᠹᠧᠩ ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠵᠤ ᠪᠠᠶᠢᠯ᠎ᠠ᠃

      ᠱᠢ ᠲᠠᠢ ᠹᠧᠩ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠪᠣᠯ ᠮᠠᠨ ᠤ ᠨᠠᠮ ᠤᠨ ᠴᠢᠬᠤᠯᠠ ᠶᠡᠭᠡ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠤᠯᠤᠭᠰᠠᠨ ᠨᠢᠭᠡ ᠤᠳᠠᠭ᠎ᠠ ᠶᠢᠨ ᠬᠥᠰᠢᠶ᠎ᠡ ᠳᠤᠷᠠᠰᠬᠠᠯ ᠪᠣᠯᠬᠤᠶᠢᠴᠠ ᠠᠴᠢ ᠬᠤᠯᠪᠣᠭᠳᠠᠯ ᠲᠠᠢ ᠬᠤᠷᠠᠯ ᠪᠣᠯᠤᠨ᠎ᠠ᠂ ᠶᠡᠭᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠰᠢᠶᠳᠪᠦᠷᠢ︾ ᠶᠢᠨ ᠦᠵᠡᠯ ᠰᠠᠨᠠᠭᠠᠨ ᠤ ᠠᠭᠤᠯᠤᠭᠳᠠᠬᠤᠨ᠂ ᠮᠡᠳᠡᠯᠭᠡ ᠶᠢᠨ ᠠᠭᠤᠯᠤᠭᠳᠠᠬᠤᠨ ᠮᠠᠰᠢ ᠪᠠᠶᠠᠯᠢᠭ ᠪᠠᠶᠢᠵᠥ᠂ ᠤᠯᠤᠰ ᠲᠥᠷᠥ ᠶᠢᠨ ᠬᠦᠨᠳᠦ ᠶᠢᠨ ᠵᠢᠩ᠂ ᠲᠡᠦᠬᠡ ᠶᠢᠨ ᠦᠨ᠎ᠡ ᠥᠷᠲᠡᠭ᠂ ᠠᠯᠤᠰ ᠬᠡᠲᠦ ᠶᠢᠨ ᠨᠥᠯᠥᠭᠡ ᠨᠢ ᠶᠡᠷᠦ ᠪᠤᠰᠤ ᠶᠢᠨ ᠶᠤᠮ᠃ ᠪᠢᠳᠡ ᠪᠥᠬᠦᠳᠡ ᠬᠤᠷᠠᠯ ᠤᠨ ᠰᠢᠶᠳᠪᠦᠷᠢ ᠶᠢ ᠰᠤᠷᠤᠯᠴᠠᠵᠤ᠂ ᠵᠠᠭᠤᠨ ᠵᠢᠯ ᠤᠨ ᠨᠠᠮ ᠤᠨ ᠲᠡᠦᠬᠡ ᠶᠢ ᠰᠤᠷᠤᠯᠴᠠᠬᠤ ᠳᠠᠭᠠᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠪᠠᠷ ᠳᠡᠮᠵᠢᠨ ᠮᠠᠨ ᠤ ᠨᠠᠮ ᠭᠡᠭᠴᠢ ᠶᠠᠭᠤ ᠪᠣᠯᠬᠤ᠂ ᠶᠠᠭᠤ ᠬᠢᠬᠦ ᠡᠨᠡ ᠬᠦ ᠦᠨᠳᠦᠰᠦᠨ ᠴᠢᠨᠠᠷᠲᠠᠶ ᠠᠰᠠᠭᠤᠳᠠᠯ ᠢ ᠭᠦᠨᠵᠡᠭᠡᠶ ᠣᠶᠢᠯᠠᠭᠠᠵᠤ᠂ ᠡᠭᠦᠨ ᠤ ᠳᠤᠮᠳᠠ ᠠᠴᠠ ᠦᠨᠡᠨ ᠬᠦ ᠲᠡᠦᠬᠡ ᠶᠢᠨ ᠣᠮᠣᠭᠰᠢᠯᠲᠤ ᠰᠡᠳᠭᠢᠯᠭᠡ ᠪᠠ ᠳᠡᠭᠡᠳᠦ ᠬᠡᠮᠵᠢᠶᠡᠨ ᠤ ᠲᠡᠦᠬᠡ ᠶᠢᠨ ᠢᠲᠡᠭᠡᠯ ᠬᠦᠷᠳᠡᠵᠤ᠂ ᠨᠠᠮ ᠳᠠᠭᠠᠨ ᠬᠠᠷᠢᠴᠠᠯᠠᠰᠢ ᠥᠬᠡᠶ ᠦᠨᠡᠨᠴᠢ ᠰᠢᠳᠤᠷᠭᠤ ᠪᠠᠶᠢᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠦᠶᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ ᠬᠡᠪᠡ᠃

      ᠱᠢ ᠲᠠᠢ ᠹᠧᠩ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠳᠦᠮᠵᠢ ᠶᠢ ᠮᠠᠨ ᠤ ᠨᠠᠮ ᠠᠷᠠᠳ ᠲᠦᠮᠡᠨ ᠢ ᠬᠦᠳᠦᠯᠦᠨ ᠳᠠᠭᠠᠭᠤᠯᠵᠥ ᠯᠤᠲᠤ ᠶᠡᠭᠡ ᠦᠷᠡᠭᠳᠡᠯ ᠰᠦᠢᠳᠤᠯ ᠭᠠᠷᠭᠠᠵᠤ ᠪᠠᠶᠢᠭᠠᠳ ᠲᠡᠮᠡᠴᠡᠵᠤ ᠣᠯᠤᠭᠰᠠᠨ ᠶᠤᠮ᠃ ᠮᠠᠨ ᠤ ᠨᠠᠮ ᠤᠨ ᠶᠠᠪᠤᠵᠤ ᠥᠩᠭᠡᠷᠡᠭᠦᠯᠦᠭᠰᠡᠨ ᠪᠡᠷᠬᠡ ᠬᠠᠲᠠᠭᠤᠵᠢᠯᠲᠠᠢ ᠥᠩᠭᠡᠷᠡᠯᠲᠡ᠂ ᠥᠩᠭᠡᠷᠡᠭᠦᠯᠦᠭᠰᠡᠨ ᠪᠡᠷᠬᠡ ᠬᠠᠲᠠᠭᠤ ᠭᠡᠷᠡᠯ ᠰᠠᠴᠤᠷᠠᠩᠭᠤᠢ ᠶᠠᠪᠤᠳᠠᠯ ᠨᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ᠂ ᠨᠠᠮ ᠤᠨ ᠭᠤᠣᠯᠯᠠᠭᠴᠢ ᠶᠢ ᠡᠷᠡᠰ ᠬᠠᠮᠠᠭᠠᠯᠠᠬᠤ ᠶᠢᠨ ᠲᠤᠶᠢᠯ ᠤᠨ ᠴᠢᠬᠤᠯᠠ ᠴᠢᠨᠠᠷ ᠢ ᠭᠦᠢᠴᠡᠳ ᠭᠡᠷᠡᠴᠢᠯᠡᠪᠡ᠂ ᠡᠨᠡ ᠪᠣᠯ ᠵᠠᠭᠤᠨ ᠵᠢᠯ ᠤᠨ ᠨᠠᠮ ᠤᠨ ᠲᠡᠦᠬᠡ ᠠᠴᠠ ᠪᠢᠳᠡᠨ ᠳᠤ ᠣᠯᠭᠤᠭᠰᠠᠨ ᠭᠦᠨᠵᠡᠭᠡᠢ ᠰᠡᠩᠬᠡᠷᠡᠭᠦᠯᠦᠯ ᠮᠥᠨ᠂ ᠪᠠᠰᠠ ᠴᠤ ᠪᠢᠳᠡᠨ ᠤ ᠵᠠᠭᠤᠨ ᠵᠢᠯ ᠤᠨ ᠨᠠᠮ ᠤᠨ ᠲᠡᠦᠬᠡ ᠶᠢ ᠡᠷᠭᠢᠴᠡᠭᠦᠯᠬᠦ ᠳᠤ ᠬᠠᠮᠤᠭ ᠠᠴᠠ ᠢᠯᠡᠭᠦᠦ ᠣᠶᠢᠯᠠᠭᠠᠵᠤ ᠡᠵᠡᠮᠰᠢᠬᠦ ᠴᠢᠬᠤᠯᠠᠲᠠᠢ ᠵᠦᠢᠯ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠪᠣᠯᠤᠨ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠭᠠᠵᠠᠢ᠂ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠪᠣᠯᠬᠤ ᠶᠢ ᠪᠢᠳᠡ ᠭᠦᠨᠵᠡᠭᠡᠢ ᠲᠠᠨᠢᠬᠤ ᠬᠡᠷᠡᠭᠲᠡᠢ᠃ ᠦᠵᠡᠯ ᠰᠠᠨᠠᠭᠠᠨ ᠤ ᠲᠠᠯ᠎ᠠ ᠪᠠᠷ ᠢᠳᠡᠭᠡᠯ ᠲᠠᠢ ᠪᠠᠶᠢᠮᠠᠨᠵᠢᠨ ᠰᠠᠶ᠋ᠢ ᠦᠢᠯᠡ ᠠᠵᠢᠯᠯᠠᠭ᠎ᠠ ᠶᠢᠨ ᠲᠠᠯ᠎ᠠ ᠪᠠᠷ ᠠᠮᠵᠢᠯᠳᠠ ᠪᠦᠳᠦᠮᠵᠢ ᠭᠠᠷᠭᠠᠵᠤ᠂ ᠮᠡᠳᠡᠬᠦ ᠬᠢᠬᠦ ᠪᠠᠨ ᠨᠢᠭᠡᠳᠭᠡᠵᠦ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠨᠢᠭᠡᠳᠭᠡᠵᠦ ᠴᠢᠳᠠᠨ᠎ᠠ᠃ ᠪᠢᠳᠡ ᠵᠠᠪᠠᠯ ᠨᠠᠮ ᠪᠣᠯᠤᠨ ᠤᠯᠤᠰ ᠤᠨ ᠢᠷᠡᠭᠡᠳᠦᠶ ᠬᠤᠪᠢ ᠵᠠᠶᠠᠭ᠎ᠠ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠰᠢᠨ᠎ᠡ ᠴᠠᠭ ᠦᠶ᠎ᠡ ᠶᠢᠨ ᠨᠠᠮ ᠪᠣᠯᠤᠨ ᠤᠯᠤᠰ ᠤᠨ ᠠᠵᠢᠯ ᠦᠶᠯᠡᠰ ᠤᠨ ᠬᠥᠭᠵᠢᠯᠲᠡ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡᠨ ᠠᠬᠢᠴᠠ ᠶᠢ ᠠᠬᠢᠭᠤᠯᠬᠤ ᠳᠤ ᠦᠵᠡᠭᠦᠯᠬᠦ ︽ᠬᠤᠶᠠᠷ ᠢ ᠲᠣᠭᠲᠠᠭᠠᠬᠤ︾ ᠶᠢᠨ ᠰᠢᠶᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ ᠶᠢ ᠦᠵᠡᠯ ᠰᠠᠨᠠᠭᠠᠨ ᠳᠤ ᠪᠠᠲᠤ ᠪᠠᠬᠢ ᠦᠨᠳᠦᠰᠦᠯᠡᠭᠦᠯᠵᠦ᠂ ᠦᠶᠯᠡ ᠠᠵᠢᠯᠯᠠᠭ᠎ᠠ ᠲᠡᠭᠡᠷ᠎ᠠ ᠡᠷᠡᠰ ᠨᠠᠶᠢᠳᠠᠪᠤᠷᠢᠵᠢᠭᠤᠯᠵᠤ᠂ ᠢᠮᠠᠭᠲᠠ ᠨᠠᠮ ᠢᠶᠠᠨ ᠳᠠᠭᠠᠵᠤ᠂ ᠥᠭᠦᠪᠡᠴᠦ ᠬᠠᠷᠠᠮᠰᠠᠬᠤ ᠥᠬᠡᠶ ᠪᠠᠶᠢᠬᠤ ᠬᠡᠷᠡᠭᠲᠡᠶ᠃ ᠤᠬᠠᠮᠰᠠᠷ ᠠᠴᠠ ᠪᠠᠨ ︽ᠬᠤᠶᠠᠷ ᠢ ᠲᠣᠭᠲᠠᠭᠠᠬᠤ︾ ᠦᠶᠯᠡᠳᠦᠯᠭᠡ ᠶᠢᠨ ᠱᠠᠭᠠᠷᠳᠠᠯᠭ᠎ᠠ ᠶᠢ ᠰᠡᠳᠭᠢᠯ ᠳᠡᠭᠡᠨ ᠬᠠᠳᠠᠩᠰᠢᠭᠤᠯᠵᠤ᠂ ᠠᠵᠢᠯᠯᠠᠭ᠎ᠠ ᠲᠡᠭᠡᠷ᠎ᠠ ᠪᠠᠨ ᠢᠯᠡᠷᠡᠭᠦᠯᠵᠦ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠭᠡᠬᠦ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠪᠣᠳᠠᠲᠤ ᠦᠷ᠎ᠡ ᠪᠦᠲᠦᠮᠵᠢ ᠳᠡᠭᠡᠷ᠎ᠡ ᠪᠠᠨ ᠢᠯᠡᠷᠡᠭᠦᠯᠵᠦ᠂ ᠪᠢᠴᠢᠭ ᠮᠠᠲ᠋ᠧᠷᠢᠶᠠᠯ ᠰᠢᠶᠳᠪᠦᠷᠢᠯᠡᠬᠦ ᠬᠤᠷᠠᠯ ᠡᠷᠭᠢᠯᠡᠬᠦ ᠠᠵᠢᠯ ᠤᠨ ᠨᠠᠷᠢᠨ ᠵᠦᠶᠯᠡᠰ ᠪᠣᠯᠭᠠᠨ ᠳᠡᠭᠡᠷ᠎ᠡ ᠪᠠᠨ ᠢᠯᠡᠷᠡᠭᠦᠯᠵᠦ᠂ ᠡᠳᠦᠷ ᠲᠤᠲᠤᠮ ᠤᠨ ᠦᠭᠡ ᠶᠠᠷᠢᠶ᠎ᠠ ᠦᠶᠯᠡ ᠠᠵᠢᠯᠯᠠᠭ᠎ᠠ ᠪᠣᠯᠭᠠᠨ ᠳᠡᠭᠡᠷ᠎ᠡ ᠪᠠᠨ ᠢᠯᠡᠷᠡᠭᠦᠯᠵᠦ᠂ ︽ᠬᠤᠶᠠᠷ ᠢ ᠬᠠᠮᠠᠭᠠᠯᠠᠬᠤ︾ ᠠᠵᠢᠯ ᠤᠨ ᠵᠦᠭᠯᠡᠭᠦᠷ᠂ ᠲᠦᠷᠭᠡᠳᠭᠡᠭᠦᠷ ᠪᠣᠯᠵᠣ᠂ ᠪᠣᠭᠤᠮᠲᠠ ᠰᠠᠬᠢᠭᠴᠢ᠂ ᠬᠢᠨᠠᠯᠲᠠ ᠲᠠᠯᠪᠢᠭᠴᠢ ᠪᠣᠯᠬᠤ ᠬᠡᠷᠡᠭᠲᠡᠶ᠃ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠪᠠᠷ ᠪᠠᠶᠢᠳᠠᠯ ᠢ ᠵᠥᠪ ᠮᠠᠭᠠᠳᠯᠠᠬᠤ᠂ ᠢᠷᠡᠭᠡᠳᠦᠢ ᠶᠢ ᠰᠢᠨᠵᠢᠯᠡᠬᠦ ᠤᠬᠠᠭᠠᠨᠴᠢ ᠪᠠᠷ ᠲᠥᠰᠦᠭᠡᠯᠡᠬᠦ᠂ ᠲᠡᠦᠬᠡ ᠶᠢᠨ ᠰᠠᠨᠠᠭᠠᠴᠢᠯᠠᠭᠠᠲᠤ ᠴᠢᠨᠠᠷ ᠢ ᠡᠵᠡᠮᠳᠡᠬᠦ ᠴᠢᠬᠤᠯᠠ ᠦᠵᠡᠯ ᠰᠠᠨᠠᠭᠠᠨ ᠤ ᠵᠡᠪᠰᠡᠭ ᠪᠣᠯᠭᠠᠵᠤ᠂ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠤᠳᠤᠯᠭ᠎ᠠ ᠭᠠᠷᠭᠠᠬᠤ᠂ ᠠᠵᠢᠯ ᠶᠠᠪᠤᠳᠠᠯ ᠬᠢᠬᠦ ᠴᠢᠬᠤᠯᠠ ᠵᠢᠷᠤᠮᠯᠠᠯ ᠪᠣᠯᠭᠠᠵᠤ᠂ ᠴᠢᠬᠤᠯᠠ ᠶᠡᠭᠡ ᠤᠯᠤᠰ ᠲᠦᠷᠦ ᠶᠢᠨ ᠵᠥᠪ ᠪᠤᠷᠤᠭᠤ ᠶᠢ ᠮᠠᠭᠠᠳᠯᠠᠬᠤ ᠴᠢᠬᠤᠯᠠ ᠦᠨᠳᠦᠰᠦᠯᠡᠯ ᠪᠣᠯᠭᠠᠵᠤ᠂ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠬᠤ ᠴᠢᠬᠤᠯᠠ ᠵᠢᠯᠤᠭᠤᠳᠤᠯᠭ᠎ᠠ ᠪᠣᠯᠭᠠᠵᠤ᠂ ᠦᠨᠡᠨ ᠬᠦ ᠤᠶᠤᠨ ᠤᠬᠠᠭᠠᠨ ᠢ ᠰᠡᠩᠬᠡᠷᠡᠭᠦᠯᠬᠦ᠂ ᠵᠠᠩ ᠴᠢᠨᠠᠷ ᠢ ᠪᠣᠯᠪᠠᠰᠤᠷᠠᠭᠤᠯᠬᠤ᠂ ᠴᠢᠳᠠᠪᠤᠷᠢ ᠶᠢ ᠳᠡᠭᠡᠭᠰᠢᠯᠡᠭᠦᠯᠬᠦ ᠲᠡᠭᠡᠷ᠎ᠠ ᠬᠡᠷᠡᠭᠯᠡᠵᠦ᠂ ᠠᠵᠢᠯ ᠢᠶᠠᠨ ᠰᠠᠶᠢᠲᠤᠷ ᠬᠢᠬᠦ ᠶᠢᠨ ᠰᠢᠰᠲ᠋ᠧᠮᠲᠦ ᠴᠢᠨᠠᠷ᠂ ᠤᠷᠢᠳᠴᠢᠯᠠᠨ ᠮᠡᠳᠡᠬᠦ ᠴᠢᠨᠠᠷ᠂ ᠪᠦᠲᠦᠭᠡᠯᠴᠢ ᠴᠢᠨᠠᠷ ᠢᠶᠠᠨ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ ᠬᠡᠪᠡ᠃

      ᠱᠢ ᠲᠠᠢ ᠹᠧᠩ᠂ ᠨᠢᠭᠡ ᠴᠠᠬ ᠦᠶ᠎ᠡ ᠨᠢ ᠨᠢᠭᠡ ᠴᠠᠭ ᠦᠶ᠎ᠡ ᠶᠢᠨ ᠢᠶᠠᠨ ᠲᠡᠦᠬᠡᠲᠦ ᠡᠭᠦᠷᠭᠡ ᠬᠠᠷᠢᠭᠤᠴᠠᠯᠭ᠎ᠠ ᠪᠤᠢ᠂ ᠨᠢᠭᠡ ᠦᠶ᠎ᠡ ᠶᠢᠨ ᠬᠥᠮᠦᠰ ᠲᠤ ᠨᠢᠭᠡ ᠦᠶ᠎ᠡ ᠶᠢᠨ ᠬᠥᠮᠦᠰ ᠤᠨ ᠲᠡᠦᠬᠡ ᠶᠢᠨ ᠬᠠᠷᠢᠭᠤᠴᠠᠯᠭ᠎ᠠ ᠡᠭᠦᠷᠭᠡᠯᠡᠯ ᠪᠤᠢ᠃ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠦᠢᠯᠡᠳᠦᠯᠭᠡᠵᠢᠭᠦᠯᠬᠦ ᠶᠢᠨ ᠵᠠᠩᠭᠢᠯᠠᠭ᠎ᠠ ᠨᠢ ᠪᠣᠳᠠᠲᠤ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠪᠣᠳᠠᠲᠠᠢ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠬᠤ ᠳᠤ ᠪᠤᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠨᠢ ᠨᠠᠮ ᠤᠨ ᠬᠤᠷᠢᠶᠠᠨ ᠤ ᠶᠡᠷᠦᠩᠬᠡᠶᠢᠯᠡᠭᠰᠡᠨ ᠬᠡᠷᠡᠭ ᠡᠷᠭᠢᠯᠡᠬᠦ ᠪᠠᠶᠢᠭᠤᠯᠤᠮᠵᠢ ᠪᠣᠯᠤᠭᠰᠠᠨ ᠤ ᠬᠤᠪᠢ ᠳᠤ᠂ ︽ᠳᠥᠷᠪᠡᠨ ᠬᠠᠮᠤᠭ ᠨᠢᠭᠡ ᠭᠤᠤᠯ︾ ᠤᠨ ᠦᠶᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠱᠠᠲᠤ ᠡᠯ᠎ᠡ ᠲᠠᠯ᠎ᠠ ᠶᠢᠨ ᠬᠢᠨ ᠤ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠠᠬᠢᠭᠤᠯᠬᠤ ᠭᠡᠷᠡᠭᠲᠡᠢ᠃ ᠰᠠᠨᠠᠭᠠᠴᠢᠯᠠᠭ᠎ᠠ ᠠᠴᠠ ᠪᠠᠨ ᠶᠡᠭᠡ ᠲᠠᠯ᠎ᠠ ᠶᠢᠨ ᠲᠣᠭᠤᠷᠢᠨ ᠳᠤ᠂ ᠭᠤᠣᠯᠳᠠᠯᠭ᠎ᠠ ᠶᠢᠨ ᠲᠣᠭᠤᠷᠢᠨ ᠳᠤ ᠠᠵᠢᠯ ᠢᠶᠠᠨ ᠪᠣᠳᠣᠯᠬᠢᠯᠠᠨ ᠲᠥᠯᠥᠪᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠳᠣᠷᠬᠠᠶᠢᠯᠠᠭᠰᠠᠨ ᠶᠡᠭᠡ ᠶᠠᠪᠤᠳᠠᠯ ᠴᠢᠬᠤᠯᠠ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠬᠤ ᠭᠡᠷᠡᠭᠲᠡᠢ᠃ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠠᠵᠢᠯ ︽ᠬᠦᠨᠳᠦ᠂ ᠪᠡᠷᠬᠡ᠂ ᠪᠤᠳᠤᠯᠢᠶᠠᠨᠳᠠᠢ᠂ ᠬᠦᠴᠢᠷ︾ ᠪᠠᠶᠢᠳᠠᠬ᠂ ᠤᠯᠠᠨ ᠢᠶᠠᠷ ᠢᠶᠠᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠂ ᠬᠦᠴᠢᠷ ᠢ ᠲᠤᠭᠤᠯᠬᠤ ᠡᠷᠴᠢ ᠵᠣᠷᠢᠭ ᠢ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠢᠶᠠᠨ ᠳᠠᠪᠲᠠᠨ ᠪᠣᠯᠪᠠᠰᠤᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠰᠦᠰᠦ ᠵᠤᠷᠢᠭ ᠢᠶᠠᠨ ᠬᠠᠳᠠᠭᠤᠵᠢᠭᠤᠯᠵᠤ᠂ ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠭᠡᠷᠡᠭᠲᠡᠢ᠃ ᠨᠠᠮ ᠤᠨ ᠬᠤᠷᠢᠶᠠᠨ ᠤ ᠠᠯᠪᠡᠨ ᠲᠢᠩᠬᠢᠮ ᠤᠨ ᠠᠵᠢᠯ ᠳᠤ ᠵᠢᠵᠢᠭ ᠶᠠᠪᠤᠳᠠᠯ ᠭᠡᠵᠦ ᠦᠭᠡᠢ᠂ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠪᠣᠳᠣᠯᠬᠢᠯᠠᠬᠤ ᠶᠢ ᠪᠠᠷᠢᠮᠲᠠᠯᠠᠵᠤ᠂ ᠵᠢᠵᠢᠭ ᠶᠠᠪᠤᠳᠠᠯ ᠢ ᠲᠤᠮᠤ ᠶᠠᠪᠤᠳᠠᠯ ᠢᠶᠠᠷ ᠦᠵᠡᠵᠦ ᠬᠠᠨᠳᠤᠬᠤ ᠶᠢ ᠪᠠᠷᠢᠮᠲᠠᠯᠠᠵᠤ᠂ ᠴᠠᠭ ᠢᠮᠠᠭᠲᠠ᠂ ᠶᠠᠪᠤᠳᠠᠯ ᠪᠣᠯᠭᠠᠨ ᠳᠤ ︽ᠨᠠᠷᠢᠨ ᠬᠢᠨᠠᠮᠠᠭᠠᠢ︾ ᠪᠠᠶᠢᠬᠤ ᠶᠢ ᠡᠷᠬᠢᠮᠯᠡᠵᠦ᠂ ᠠᠯᠢᠪᠠ ᠶᠠᠪᠤᠳᠠᠯ ᠳᠤ ᠴᠥᠮ ᠲᠡᠷᠢᠭᠦᠨ ᠤ ᠪᠠᠷᠢᠮᠵᠢᠶ᠎ᠠ ᠶᠢ ᠪᠠᠷᠢᠮᠲᠠᠯᠠᠵᠤ᠂ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠬᠠᠷᠢᠭᠤᠴᠠᠯᠭ᠎ᠠ ᠪᠠᠨ ᠭᠦᠢᠴᠡᠳᠭᠡᠵᠦ᠂ ᠠᠵᠢᠯ ᠪᠣᠯᠭᠠᠨ ᠢ ᠨᠠᠷᠢᠨ ᠨᠢᠮᠪᠠᠢ ᠰᠠᠶᠢᠲᠤᠷ ᠬᠢᠵᠦ᠂ ᠵᠢᠵᠢᠭ ᠰᠠᠵᠢᠬ ᠶᠠᠪᠤᠳᠠᠯ ᠳᠡᠭᠡᠷ᠎ᠡ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠬᠡᠷᠡᠭᠲᠡᠢ ᠭᠡᠵᠦ ᠬᠡᠯᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ