ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2021 ᠣᠨ ᠤ 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/14
      12 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠰᠢᠨ᠎ᠡ ᠬᠡᠯᠪᠡᠷᠢ ᠶᠢᠨ ᠨᠥᠭᠡᠴᠡ ᠡᠨᠧᠷᠭᠢ ᠶᠢᠨ ᠬᠥᠭᠵᠢᠯᠲᠡ ᠶᠢ ᠲᠦᠷᠭᠡᠳᠭᠡᠨ ᠠᠬᠢᠭᠤᠯᠬᠤ ᠵᠡᠷᠭᠡ ᠵᠦᠢᠯ ᠢ ᠰᠤᠳᠤᠯᠤᠨ ᠪᠠᠶᠢᠷᠢᠯᠠᠭᠤᠯᠪᠠ᠃ ᠮᠠᠨᠵᠤᠤᠷ ᠬᠤᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠭᠠᠨ ᠵᠢᠯᠣᠭᠤᠳᠴᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠭᠢᠯᠡᠪᠡ᠃      ᠬᠤᠷᠠᠯ ᠠᠴᠠ᠂ ᠡᠨᠡ ᠤᠳᠠᠭ᠎ᠠ ᠶᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠳᠠᠷᠠᠭ᠎ᠠ ᠨᠠᠮ ᠤᠨ ᠲᠥᠪ ᠬᠤᠷᠢᠶᠠᠨ ᠤ ᠬᠤᠷᠠᠯᠳᠤᠭᠤᠯᠤᠭᠰᠠᠨ ᠨᠢᠭᠡ ᠤᠳᠠᠭ᠎ᠠ ᠶᠢᠨ ᠮᠠᠰᠢ ᠴᠢᠬᠤᠯᠠ ᠬᠤᠷᠠᠯ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠦᠳᠲᠡᠷ ᠲᠦᠷᠭᠡᠨ ᠢᠶᠠᠷ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠭᠡᠵᠦ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠰᠠᠶᠢᠲᠤᠷ ᠵᠠᠮᠨᠠᠵᠤ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠨᠠᠩ ᠰᠠᠶᠢᠲᠤᠷ ᠡᠵᠡᠮᠳᠡᠬᠦ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠠᠵᠤ ᠠᠬᠤᠶ ᠶᠢᠨ ᠠᠵᠢᠯ ᠤᠨ ᠳᠤᠬᠠᠢ ᠵᠢᠮ᠎ᠡ ᠶᠣᠰᠣᠴᠢ ᠴᠢᠨᠠᠷᠲᠠᠶ ᠲᠠᠨᠢᠯᠲᠠ ᠵᠢᠴᠢ ᠴᠢᠬᠤᠯᠠ ᠶᠡᠭᠡ ᠣᠨᠣᠯ ᠪᠠ ᠦᠶᠯᠡᠳᠦᠯᠭᠡ ᠶᠢᠨ ᠠᠰᠠᠭᠤᠳᠠᠯ ᠢ ᠵᠥᠪ ᠲᠠᠨᠢᠵᠤ ᠡᠵᠡᠮᠰᠢᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠢᠷᠡᠬᠦ ᠵᠢᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠬᠤᠷᠸ᠎ᠠ ᠠᠵᠤ ᠠᠬᠤᠶ ᠶᠢ ᠲᠣᠭᠲᠠᠪᠤᠷᠢᠵᠢᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠠᠵᠤ ᠠᠬᠤᠶ ᠶᠢᠨ ᠡᠷᠭᠢᠯᠲᠡ ᠵᠣᠬᠢᠰᠲᠠᠶ ᠬᠡᠪᠴᠢᠶᠡᠨ ᠳᠤ ᠪᠠᠶᠢᠬᠤ ᠶᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠶ᠃ ᠵᠢᠯ ᠤᠨ ᠡᠴᠦᠰ ᠣᠨ ᠤ ᠡᠬᠢᠨ ᠤ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠮᠠᠨᠵᠤᠤᠷ ᠤᠨ ᠬᠢᠵᠢᠭ ᠤᠨ ᠪᠠᠶᠢᠳᠠᠯ ᠤᠨ ᠰᠦᠨᠦᠬᠡᠯᠳᠡ ᠶᠢᠨ ᠳᠠᠶᠢᠯᠠᠯᠳᠤᠭᠠᠨ ᠤ ᠢᠯᠠᠯᠲᠠ ᠤᠯᠬᠤ ᠶᠢ ᠲᠦᠷᠭᠡᠳᠭᠡᠵᠦ᠂ ᠨᠡᠭᠦᠷᠡᠰᠦ ᠴᠠᠬᠢᠯᠭᠠᠨ ᠲᠤᠰᠤ ᠬᠡᠢ ᠲᠡᠭᠡᠭᠡᠪᠦᠷᠢ ᠶᠢᠨ ᠪᠠᠲᠤᠯᠠᠭ᠎ᠠ᠂ ᠭᠤᠣᠯ ᠪᠣᠯᠬᠤ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠠᠶᠤᠯᠭᠦᠢ ᠦᠢᠯᠡᠳᠪᠦᠷᠢᠯᠡᠯ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠦᠢᠯᠡᠴᠢᠯᠡᠭᠡᠨ ᠤ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠨᠡ ᠵᠢᠯ ᠤᠨ ᠠᠵᠢᠯ ᠠᠮᠵᠢᠯᠳᠠ ᠲᠠᠢ ᠰᠡᠬᠦᠯ ᠬᠤᠷᠢᠶᠠᠵᠤ᠂ ᠢᠷᠡᠬᠦ ᠵᠢᠯ ᠰᠠᠶᠢᠨ ᠡᠬᠢᠯᠡᠯᠲᠡ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠰᠢᠲᠠᠮᠠᠬᠠᠶ ᠬᠡᠶ ᠶᠢᠨ ᠠᠮᠤᠷ ᠲᠦᠪᠰᠢᠨ ᠨᠢ ᠲᠦᠭ ᠲᠦᠮᠡᠨ ᠠᠶᠢᠯ ᠡᠷᠦᠬᠡ ᠪᠣᠯᠤᠨ ᠠᠷᠠᠳ ᠤᠨ ᠠᠮᠢᠳᠤᠷᠠᠯ ᠤᠨ ᠶᠡᠭᠡ ᠪᠣᠳᠣᠯᠭ᠎ᠠ ᠲᠠᠢ ᠬᠤᠯᠪᠣᠭᠳᠠᠨ᠎ᠠ᠂ ᠶᠠᠭᠠᠬᠢᠭᠰᠠᠨ ᠴᠤ ᠬᠥᠩᠭᠡᠨ ᠬᠠᠭᠤᠮᠠᠭᠠᠶ ᠬᠠᠨᠳᠤᠵᠤ ᠪᠣᠯᠬᠤ ᠥᠬᠡᠶ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠶᠳᠪᠦᠷᠢᠯᠡᠬᠦ ᠶᠢᠨ ᠨᠢᠭᠲᠠ ᠳᠤᠭᠤᠷᠢᠨ ᠳᠤ᠂ ᠪᠥᠬᠦ ᠲᠠᠯ᠎ᠠ ᠪᠠᠷ ᠪᠠᠶᠢᠴᠠᠭᠠᠨ ᠵᠢᠭᠰᠠᠭᠠᠬᠤ ᠶᠢ ᠱᠠᠯᠠᠪᠳᠠᠭᠤᠯᠤᠨ ᠥᠷᠨᠢᠭᠦᠯᠵᠦ᠂ ᠠᠮᠤᠷ ᠲᠦᠪᠰᠢᠨ ᠤ ᠬᠡᠮ ᠰᠣᠭᠤᠭ ᠢ ᠭᠦᠨᠵᠡᠭᠡᠶ ᠴᠡᠭᠴᠡᠯᠡᠨ ᠵᠠᠰᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠦᠨᠳᠦ ᠣᠨᠴᠠ ᠶᠡᠭᠡ ᠠᠳᠡᠯ ᠡᠭᠦᠰᠭᠦ ᠶᠢ ᠡᠷᠡᠰ ᠰᠡᠷᠭᠡᠶᠢᠯᠡᠨ ᠬᠤᠷᠢᠭᠯᠠᠵᠤ᠂ ᠲᠤᠰᠬᠠᠶ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠬᠠᠲᠠᠭᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠰᠢᠨ᠎ᠡ ᠬᠡᠯᠪᠡᠷᠢ ᠶᠢᠨ ᠨᠥᠭᠡᠴᠡ ᠡᠨᠧᠷᠭᠢ ᠨᠢ ᠮᠠᠨ ᠤ ᠣᠷᠣᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠴᠢᠨᠠᠭᠰᠢᠳᠠ ᠰᠠᠶᠢᠲᠤᠷ ᠬᠢᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠧᠷᠭᠢ ᠨᠥᠭᠡᠴᠡᠯᠡᠬᠦ ᠲᠤᠰᠬᠠᠶ ᠲᠥᠯᠥᠪᠵᠢᠭᠦᠯᠭᠡ ᠶᠢ ᠨᠢᠭᠡᠳᠦᠯᠲᠡᠶ ᠲᠥ᠋ᠯᠥᠪᠵᠢᠭᠦᠯᠦᠨ ᠥᠷᠨᠢᠭᠦᠯᠵᠦ᠂ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠶᠢ ᠪᠥᠬᠦ ᠬᠦᠴᠦᠨ ᠢᠶᠠᠷ ᠠᠬᠢᠭᠤᠯᠵᠤ᠂ ᠴᠠᠬᠢᠯᠭᠠᠨ ᠤ ᠰᠤᠷᠪᠤᠯᠵᠢ ᠲᠤᠤᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ ᠲᠥᠷᠥᠯ ᠵᠦᠶᠯ ᠢ ᠲᠦᠷᠭᠡᠳᠭᠡᠨ ᠠᠬᠢᠭᠤᠯᠵᠤ᠂ ᠰᠢᠨ᠎ᠡ ᠬᠡᠯᠪᠡᠷᠢ ᠶᠢᠨ ᠡᠨᠧᠷᠭᠢ ᠨᠥᠭᠡᠴᠡᠯᠡᠬᠦ ᠬᠤᠳᠠᠯᠳᠤᠭᠠᠴᠢᠯᠠᠭᠰᠠᠨ ᠬᠥᠭᠵᠢᠯᠲᠡ ᠶᠢ ᠵᠢᠱᠢᠶ᠎ᠡ ᠦᠵᠡᠭᠦᠯᠦᠨ ᠳᠠᠶᠢᠴᠢᠯᠠᠬᠤ ᠬᠡᠷᠡᠭᠲᠡᠶ ᠬᠡᠵᠥ ᠴᠢᠬᠤᠯᠠᠴᠢᠯᠠᠪᠠ᠃      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠯᠪᠣᠭᠳᠠᠯ ᠪᠥᠬᠦᠶ ᠲᠤᠰᠬᠠᠶ ᠲᠥᠯᠥᠪᠵᠢᠭᠦᠯᠭᠡ ᠵᠡᠷᠭᠡ ᠵᠦᠶᠯ ᠢ ᠰᠤᠳᠤᠯᠵᠠᠶ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ