ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠨ ᠬᠤᠶᠠᠳᠤᠭᠠᠷ ᠬᠤᠷᠠᠯ ᠬᠤᠷᠠᠯᠳᠤᠭᠤᠯᠪᠠ  ᠱᠢ ᠲᠠᠢ ᠹᠸᠡᠭ ᠬᠤᠷᠠᠯ ᠢ ᠡᠷᠬᠢᠯᠡᠭᠰᠡᠨ ᠪᠦᠭᠡᠳ ᠲᠤᠰᠢᠶᠠᠯ ᠳᠤ ᠲᠤᠮᠢᠯᠠᠬᠤ ᠪᠢᠴᠢᠭ ᠭᠠᠷᠳᠠᠭᠤᠯᠵᠠᠢ  ᠯᠢᠤ ᠱᠤᠸᠠᠩ ᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠵᠦᠪᠯᠡᠯ ᠤᠨ ᠤᠷᠤᠯᠠᠬᠴᠢ ᠡᠷᠬᠢᠯᠡᠭᠴᠢ ᠪᠠᠷ ᠲᠤᠬᠳᠠᠪᠠ
ᠨᠡᠶᠢᠲᠡᠯᠡᠭᠰᠡᠨ ᠴᠠᠭ᠄
2021/12/15


      12 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠨ ᠬᠤᠶᠠᠳᠤᠭᠠᠷ ᠬᠤᠷᠠᠯ ᠬᠤᠷᠠᠯᠳᠤᠭᠤᠯᠪᠠ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ ᠬᠤᠷᠠᠯ ᠢ ᠡᠷᠬᠢᠯᠡᠭᠰᠡᠨ ᠪᠦᠭᠡᠳ ᠲᠤᠰᠢᠶᠠᠯ ᠳᠤ ᠲᠤᠮᠢᠯᠠᠬᠤ ᠪᠢᠴᠢᠭ ᠭᠠᠷᠳᠠᠭᠤᠯᠵᠠᠢ᠃

1.jpg


2.jpg


      ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠤᠳᠤ 61 ᠪᠦᠷᠢᠯᠳᠦᠬᠦᠨ ᠲᠠᠢ᠂ 47 ᠬᠦᠮᠦᠨ ᠲᠤᠰ ᠤᠳᠠᠭᠠᠨ ᠤ ᠬᠤᠷᠠᠯ ᠳᠤ ᠤᠷᠤᠯᠴᠠᠵᠤ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃
      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠡᠭᠭᠡ᠂ ᠳᠡᠳ᠋ ᠡᠷᠬᠢᠯᠡᠭᠴᠢ ᠯᠢ ᠷᠦᠡᠭ ᠰᠢ᠂ ᠯᠢᠶᠠᠨ ᠰᠸ᠂ ᠵᠠᠩ ᠶᠤᠸᠠᠨ ᠵᠥᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠡᠶᠢᠩᠭᠤ ᠶᠢᠨ ᠬᠤᠷᠢᠶᠠᠨ ᠤ ᠬᠡᠰᠢᠬᠦᠳ ᠬᠤᠷᠠᠯ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠯᠢᠨ ᠱᠤᠤ ᠴᠦᠨ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳ᠋ᠤᠸᠠᠨ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠵᠠᠢ᠃
      ᠯᠢᠶᠠᠨ ᠰᠸ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ᠂ ᠣᠷᠣᠯᠠᠭᠴᠢ ᠡᠷᠬᠢᠯᠡᠭᠴᠢ ᠶᠢᠨ ᠲᠤᠰᠢᠶᠠᠯ ᠳᠤ ᠲᠣᠮᠢᠯᠠᠬᠤ ᠪᠠᠷ ᠳᠡᠪᠰᠢᠭᠦᠯᠬᠦ ᠵᠡᠷᠭᠡ ᠵᠦᠶᠯᠡᠰ ᠤᠨ ᠲᠤᠬᠠᠶ ᠲᠣᠳᠣᠷᠬᠠᠶᠢᠯᠠᠯᠲᠠ ᠬᠢᠪᠠ᠃
      ᠳᠤᠭᠤᠶᠢᠯᠠᠩ ᠬᠤᠪᠢᠶᠠᠵᠦ ᠬᠢᠨᠠᠨ ᠵᠦᠪᠯᠡᠭᠰᠡᠨ ᠤ ᠲᠠᠷᠠᠭ᠎ᠠ᠂ ᠬᠤᠷᠠᠯ ᠠᠴᠠ ᠯᠢᠦ ᠴᠢ ᠹᠠᠨ ᠤ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠠᠴᠠ ᠪᠠᠨ ᠪᠠᠭᠤᠬᠤ ᠡᠷᠬᠦᠳᠡᠯ ᠢ ᠭᠥᠯᠢᠶᠡᠨ ᠠᠪᠬᠤ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ᠢ ᠪᠠᠳᠤᠯᠠᠪᠠ᠃ ᠯᠢᠦ ᠱᠤᠸᠠᠩ ᠢ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠲᠡᠳ᠋ ᠡᠷᠬᠢᠯᠡᠭᠴᠢ ᠶᠢᠨ ᠲᠤᠰᠢᠶᠠᠯ ᠳᠤ ᠲᠤᠮᠢᠯᠠᠵᠤ᠂ ᠯᠢᠦ ᠱᠤᠸᠠᠩ ᠢᠶᠠᠷ ᠥᠪᠡᠷᠲᠡᠭᠡᠨ ᠵᠠᠰᠠᠬᠤ ᠣᠷᠣᠨ ᠤ ᠬᠢᠨᠡᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠶᠢᠨ ᠲᠤᠰᠢᠶᠠᠯ ᠢ ᠤᠷᠤᠯᠠᠨ ᠬᠦᠢᠴᠡᠳᠭᠡᠯᠭᠡᠭᠦ ᠪᠠᠷ ᠲᠤᠬᠳᠠᠪᠠ᠃
      ᠯᠢᠦ ᠱᠤᠸᠠᠩ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠠᠷ ᠳᠡᠪᠰᠢᠭᠦᠯᠦᠭᠰᠡᠨ ᠬᠥᠮᠦᠰ ᠤᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠬᠢᠪᠠ᠃ ᠳᠤᠭᠤᠶᠢᠯᠠᠩ ᠬᠤᠪᠢᠶᠠᠵᠤ ᠬᠢᠨᠠᠨ ᠵᠥᠪᠯᠡᠭᠰᠡᠨ ᠤ ᠳᠠᠷᠠᠭ᠎ᠠ᠂ ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠶᠯᠡᠰ ᠢ ᠪᠠᠲᠤᠯᠠᠪᠠ᠃

3.jpg


      ᠱᠢ ᠲᠠᠢ ᠹᠧᠩ ᠬᠤᠷᠠᠯ ᠠᠴᠠ ᠲᠤᠰᠢᠶᠠᠯ ᠳᠤ ᠲᠣᠮᠢᠯᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠠᠢ᠃
      ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠵᠤ᠂ ᠯᠢᠦ ᠱᠤᠸᠠᠩ ᠳᠠᠭᠠᠭᠤᠯᠤᠨ

ᠲᠠᠩᠭᠠᠷᠢᠭᠯᠠᠪᠠ᠃

4.jpg

 
      ᠬᠤᠷᠠᠯ ᠠᠴᠠ᠂ ᠬᠢᠨᠠᠨ ᠪᠠᠶᠢᠴᠠᠭᠠᠬᠤ ᠵᠥᠪᠯᠡᠯ ᠪᠣᠯ ᠤᠯᠤᠰ ᠲᠦᠷᠦ ᠶᠢᠨ ᠪᠠᠶᠢᠭᠤᠯᠭ᠎ᠠ ᠮᠥᠨ᠂ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠬᠡᠪ ᠴᠢᠨᠠᠷ ᠢᠶᠠᠨ ᠢᠮᠠᠭᠲᠠ ᠪᠠᠲᠤᠯᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ︽ᠬᠥᠲᠥᠯᠪᠦᠷᠢ︾ ᠪᠠ ︽ᠰᠦᠭ ᠰᠦᠨᠡᠰᠦ︾ ᠪᠣᠯᠭᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠭᠡᠭᠦ ᠴᠢᠳᠠᠪᠤᠷᠢ ᠪᠠᠨ ᠤᠯᠠᠮ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠬᠤ ᠬᠡᠷᠡᠭᠲᠡᠢ᠃
      ᠬᠢᠨᠠᠨ ᠪᠠᠶᠢᠴᠠᠭᠠᠬᠤ ᠵᠥᠪᠯᠡᠯ ᠪᠣᠯ ᠤᠯᠤᠰ ᠤᠨ ᠬᠢᠨᠠᠨ ᠪᠠᠶᠢᠴᠠᠭᠠᠬᠤ ᠡᠭᠦᠷᠭᠡ ᠴᠢᠳᠠᠪᠬᠢ ᠶᠢ ᠬᠦᠢᠴᠡᠳᠭᠡᠭᠦ ᠲᠤᠰᠬᠠᠢ ᠬᠠᠷᠢᠭᠤᠴᠠᠯᠭᠠᠳᠤ ᠪᠠᠶᠢᠭᠤᠯᠭ᠎ᠠ ᠮᠥᠨ᠂ ᠦᠨᠳᠦᠰᠦᠨ ᠬᠠᠤᠯᠢ ᠪᠠᠷ ᠠᠵᠢᠯᠯᠠᠭ᠎ᠠ ᠶᠢᠨ ᠢᠶᠠᠨ ᠦᠨᠳᠦᠰᠦᠨ ᠪᠠᠷᠢᠮᠵᠢᠶ᠎ᠠ ᠪᠣᠯᠭᠠᠵᠤ᠂ ᠬᠠᠤᠯᠢᠵᠢᠯ ᠤᠨ ᠰᠡᠳᠭᠢᠬᠦᠢ ᠪᠠ ᠬᠠᠤᠯᠢᠵᠢᠯ ᠤᠨ ᠠᠷᠭ᠎ᠠ ᠮᠠᠶ᠋ᠢᠭ ᠢ ᠬᠡᠷᠡᠭᠯᠡᠨ ᠠᠵᠢᠯ ᠢᠶᠠᠨ ᠥᠷᠨᠢᠭᠦᠯᠬᠦ ᠶᠢ ᠪᠠᠷᠢᠮᠲᠠᠯᠠᠵᠦ᠂ ᠦᠨᠳᠦᠰᠦᠨ ᠬᠠᠤᠯᠢ ᠪᠠ ᠬᠢᠨᠠᠨ ᠪᠠᠶᠢᠴᠠᠭᠠᠬᠤ ᠬᠠᠤᠯᠢ ᠳᠤ ᠲᠣᠭᠲᠠᠭᠠᠭᠰᠠᠨ ᠡᠷᠬᠡ ᠶᠢᠨ ᠬᠡᠪᠴᠢᠶ᠎ᠡ᠂ ᠲᠠᠷᠠᠭᠠᠯᠠᠯ ᠢ ᠴᠢᠩᠭ᠎ᠠ ᠵᠢᠷᠤᠮᠯᠠᠨ ᠡᠷᠬᠡ ᠪᠠᠨ ᠬᠡᠷᠡᠭᠵᠢᠭᠦᠯᠵᠦ᠂ ᠬᠢᠨᠠᠨ ᠪᠠᠶᠢᠴᠠᠭᠠᠬᠤ ᠡᠷᠬᠡ ᠶᠢᠨ ᠢᠮᠠᠭᠲᠠ ᠬᠠᠤᠯᠢᠵᠢᠯ ᠤᠨ ᠵᠠᠮ ᠢᠶᠠᠷ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠵᠢᠴᠢ ᠪᠤᠰᠤᠳ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ ᠦᠭᠡᠢ ᠪᠠᠶᠢᠬᠤ᠂ ᠮᠠᠭᠤ ᠶᠢ ᠵᠠᠯᠬᠠᠭᠠᠵᠤ ᠰᠠᠶᠢᠨ ᠢ ᠬᠦᠬᠢᠬᠦᠯᠬᠦ ᠬᠤᠷᠴᠠ ᠰᠡᠯᠡᠮ᠎ᠡ ᠶᠢᠨ ᠡᠭᠦᠷᠢᠳᠡ ᠲᠤᠭᠤᠰᠤᠨ ᠳᠤ ᠲᠠᠷᠤᠬᠳᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ ᠠᠴᠠ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠨᠥᠬᠦᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠳᠣᠣᠷ᠎ᠠ᠂ ᠨᠠᠮ ᠤᠨ ᠳᠦᠷᠢᠮ ᠪᠠ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠶᠯ ᠤᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠶᠴᠡᠳᠭᠡᠵᠦ᠂ ᠴᠢᠷᠮᠠᠶᠢᠨ ᠰᠤᠷᠤᠯᠴᠠᠵᠤ ᠦᠶᠯᠡᠳᠦᠯᠭᠡᠵᠢᠭᠦᠯᠦᠨ ᠤᠶᠢᠯᠠᠭᠠᠵᠤ᠂ ᠵᠣᠷᠢᠭᠲᠠᠶ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠢᠨᠠᠯᠲᠠ ᠲᠠᠯᠪᠢᠵᠤ ᠵᠠᠰᠠᠯᠳᠠ ᠶᠢᠨ ᠦᠷ᠎ᠠ ᠪᠦᠳᠦᠮᠵᠢ ᠪᠠᠨ ᠳᠡᠭᠡᠭᠰᠢᠯᠡᠭᠦᠯᠵᠦ᠂ ᠰᠢᠨ᠎ᠡ ᠡᠬᠢᠯᠡᠯᠲᠡ ᠳᠡᠭᠡᠷ᠎ᠡ ᠨᠠᠩ ᠰᠢᠨᠵᠢᠯᠡᠬᠦ ᠤᠬᠠᠭᠠᠨᠴᠢ᠂ ᠨᠠᠩ ᠨᠢᠭᠲᠠ ᠴᠢᠩᠭ᠎ᠠ᠂ ᠨᠡᠩ ᠪᠦᠳᠦᠮᠵᠢᠳᠡᠢ ᠪᠠᠷ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠣᠳᠣᠬᠢᠴᠢᠯᠠᠭᠰᠠᠨ ᠥᠪᠥᠷ ᠮᠣᠩᠭᠤᠯ ᠢ ᠪᠥᠲᠥᠭᠡᠨ ᠪᠠᠶᠢᠭᠤᠯᠬᠤ ᠬᠡᠷᠡᠭᠴᠡᠭᠡ ᠳᠤ ᠨᠠᠩ ᠰᠠᠶᠢᠲᠤᠷ ᠵᠣᠬᠢᠴᠠᠭᠤᠯᠵᠦ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠳᠤᠷ ᠵᠠᠮᠨᠠᠬᠤ ᠳᠤ ᠬᠦᠴᠦᠲᠡᠢ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠳᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠡᠷᠬᠡ ᠪᠠᠨ ᠬᠡᠷᠡᠭᠵᠢᠭᠦᠯᠬᠦ ᠲᠠᠯ᠎ᠠ ᠪᠠᠷ ᠪᠣᠯᠭᠤᠮᠵᠢᠲᠠᠢ ᠪᠠᠶᠢᠵᠤ᠂ ᠥᠪᠡᠷ ᠢ ᠪᠠᠨ ᠬᠢᠵᠠᠭᠠᠷᠯᠠᠬᠤ ᠲᠠᠯ᠎ᠠ ᠪᠠᠷ ᠴᠢᠩᠭ᠎ᠠ ᠪᠠᠶᠢᠵᠤ᠂ ᠠᠵᠢᠯ ᠤᠨ ᠵᠢᠷᠤᠮᠵᠢᠯᠲᠠ᠂ ᠬᠠᠤᠯᠢᠵᠢᠯᠲᠠ᠂ ᠵᠢᠩᠬᠢᠨᠢᠴᠢᠯᠡᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ