ᠸᠠᠩ ᠯᠢ ᠰᠢᠶᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠢ ᠳᠤᠨᠢ ᠰᠢᠢᠳᠪᠦᠷᠢᠯᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠬᠠᠷᠢᠭᠤᠴᠠᠯᠭᠠᠳᠤ ᠤᠪᠤᠷ ᠢᠶᠠᠨ ᠪᠠᠳᠤᠯᠠᠵᠤ ᠬᠠᠷᠢᠭᠤᠴᠠᠯᠭᠠᠳᠤ ᠰᠡᠳᠬᠢᠯᠬᠡ ᠡᠪᠤᠷᠯᠡᠵᠥ ᠢᠮᠠᠭᠲᠠ ᠴᠢᠩᠭ᠎ᠠ ᠪᠠᠷᠢᠮᠵᠢᠶ᠎ᠠ ᠴᠢᠩᠭ᠎ᠠ ᠣᠪᠣᠷ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/12/16


      12 ᠰᠠᠷ᠎ᠠ ᠶᠢᠨ 14 ᠤ ᠤᠷᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠢ ᠳᠤᠨᠢ ᠰᠢᠢᠳᠪᠦᠷᠢᠯᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠵᠤ᠂ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠪᠤᠶᠢᠮ᠎ᠠ ᠠᠰᠠᠭᠤᠳᠠᠯ ᠢ ᠲᠤᠬᠢᠷᠠᠭᠤᠯᠤᠨ ᠰᠢᠢᠳᠪᠦᠷᠢᠯᠡᠪᠡ᠃ ᠲᠡᠷᠡ᠂ ᠬᠠᠷᠢᠭᠤᠴᠠᠯᠭᠠᠳᠤ ᠤᠪᠤᠷ ᠢᠶᠠᠨ ᠪᠠᠳᠤᠯᠠᠵᠤ᠂ ᠬᠠᠷᠢᠭᠤᠴᠠᠯᠭᠠᠳᠤ ᠰᠡᠳᠬᠢᠯᠬᠡ ᠡᠪᠦᠷᠯᠡᠵᠥ᠂ ᠢᠮᠠᠭᠲᠠ ᠴᠢᠩᠭ᠎ᠠ ᠪᠠᠷᠢᠮᠵᠢᠶ᠎ᠠ ᠴᠢᠩᠭ᠎ᠠ ᠣᠪᠣᠷ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠬᠡᠵᠥ ᠴᠢᠬᠤᠯᠠᠴᠢᠯᠠᠪᠠ᠃
      ᠸᠠᠩ ᠯᠢ ᠰᠢᠶᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠦᠴᠦᠭᠡᠨ ᠴᠤ ᠭᠤᠷᠢᠳᠠᠬᠤ ᠪᠤᠳᠤᠯ ᠲᠠᠢ ᠪᠠᠶᠢᠵᠤ ᠪᠣᠯᠬᠤ ᠦᠭᠡᠢ᠂ ᠥᠴᠦᠬᠡᠨ ᠳᠡᠳᠤᠢ ᠴᠤ ᠠᠯᠮᠠᠶᠢᠷᠠᠨ ᠲᠠᠶᠢᠪᠤᠰᠢᠷᠠᠵᠤ ᠪᠣᠯᠬᠤ ᠦᠭᠡᠢ᠂ ᠢᠮᠠᠭᠲᠠ ᠬᠠᠮᠤᠭ ᠤᠨ ᠲᠥᠪ ᠴᠢᠩᠭ᠎ᠠ ᠣᠪᠣᠷ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠨᠢᠭᠲᠠ ᠴᠢᠩᠭ᠎ᠠ ᠠᠷᠭ᠎ᠠ ᠬᠡᠮᠵᠢᠶ᠎ᠡ ᠪᠠᠷ ᠪᠦᠬᠦ ᠬᠥᠮᠦᠰ ᠢ ᠪᠠᠶᠢᠷᠢᠯᠠᠭᠤᠯᠤᠨ ᠡᠵᠡᠮᠳᠡᠵᠦ᠂ ᠪᠦᠬᠦ ᠲᠠᠯ᠎ᠠ ᠪᠠᠷ ᠰᠡᠷᠭᠡᠶᠢᠯᠡᠨ ᠡᠵᠡᠮᠳᠡᠵᠦ᠂ ᠪᠦᠬᠦ ᠬᠦᠴᠦ ᠪᠠᠷ ᠢᠶᠠᠨ ᠪᠣᠭᠤᠮᠲᠠ ᠰᠢᠪᠲᠤᠯᠵᠤ᠂ ᠪᠦᠬᠦ ᠬᠦᠴᠦ ᠪᠠᠷ ᠢᠶᠠᠨ ᠡᠪᠡᠳᠴᠢᠳᠠᠨ ᠢ ᠴᠦᠬᠡᠳᠬᠡᠵᠥ᠂ ᠨᠡᠮᠡᠭᠳᠡᠬᠦ ᠶᠢ ᠬᠤᠷᠢᠭᠯᠠᠵᠤ᠂ ᠬᠤᠪᠢᠷᠠᠯᠲᠠ ᠭᠠᠷᠬᠤ ᠶᠢ ᠰᠡᠷᠭᠡᠶᠢᠯᠡᠵᠦ᠂ ᠭᠠᠳᠠᠭᠰᠢ ᠳᠠᠷᠬᠠᠨ ᠳᠡᠯᠬᠡᠷᠡᠬᠦ ᠶᠢ ᠰᠡᠷᠭᠡᠶᠢᠯᠡᠬᠦ ᠬᠡᠷᠡᠭᠲᠡᠢ ᠬᠡᠵᠥ ᠵᠢᠭᠠᠵᠥ ᠭᠠᠷᠭᠠᠪᠠ᠃ ᠲᠡᠷᠡ᠂ ᠨᠡᠶᠢᠭᠡᠮ ᠤᠨ ᠬᠠᠯᠳᠠᠪᠤᠷᠢᠯᠠᠯ ᠤᠨ ᠡᠬᠢ ᠡᠭᠦᠰᠦᠯ ᠢ ᠡᠷᠡᠰ ᠲᠠᠰᠤᠯᠵᠤ᠂ ᠨᠢᠭᠲᠠ ᠦᠢᠷᠠᠳᠤᠬᠰᠠᠳ ᠪᠠ ᠦᠢᠷᠠᠳᠤᠬᠰᠠᠨ ᠬᠦᠮᠦᠨ ᠲᠠᠢ ᠦᠢᠷᠠᠳᠤᠬᠰᠠᠳ ᠢ ᠴᠢᠩᠭ᠎ᠠ ᠵᠢᠭᠰᠠᠭᠠᠨ ᠪᠠᠶᠢᠴᠠᠭᠠᠵᠤ᠂ ᠪᠥᠭᠡᠮ ᠬᠦᠴᠢᠯ ᠤᠨ ᠪᠠᠶᠢᠴᠠᠭᠠᠯᠲᠠ ᠳᠤ ᠡᠷᠬᠡᠪᠰᠢ

︽ᠪᠠᠷᠢᠮᠵᠢᠶ᠎ᠠ ᠶᠢ ᠳᠡᠭᠡᠭᠰᠢᠯᠡᠭᠦᠯᠦᠨ ᠬᠤᠷᠳᠤᠴᠠ ᠶᠢ ᠲᠦᠷᠭᠡᠳᠭᠡᠵᠦ︾᠂ ᠠᠪᠬᠤ᠂ ᠬᠦᠷᠭᠡᠬᠦ᠂ ᠪᠠᠶᠢᠴᠠᠭᠠᠬᠤ᠂ ᠮᠡᠳᠡᠭᠦᠯᠬᠦ᠂ ᠨᠠᠶᠢᠳᠠᠪᠤᠷᠢᠳᠠᠢ᠂ ᠬᠠᠮᠢᠶᠠᠷᠬᠤ ᠶᠢ ᠨᠢᠭᠡ ᠴᠤᠬᠴᠠᠵᠢᠭᠤᠯᠬᠤ ᠬᠡᠷᠡᠭᠲᠡᠶ᠃ ᠡᠳ᠋ ᠪᠣᠳᠠᠰ ᠢᠶᠠᠷ ᠬᠠᠯᠳᠠᠪᠤᠷᠢᠯᠠᠬᠤ ᠡᠬᠢ ᠰᠤᠷᠪᠤᠯᠵᠢ ᠶᠢ ᠡᠷᠡᠰ ᠲᠠᠰᠤᠯᠵᠤ᠂ ᠣᠷᠴᠢᠨ ᠲᠣᠭᠤᠷᠢᠨ ᠢ ᠠᠷᠢᠭᠤᠳᠬᠠᠬᠤ ᠠᠵᠢᠯ ᠢ ᠴᠢᠩᠭ᠎ᠠ ᠬᠢᠵᠦ᠂ ᠡᠳ᠋ ᠪᠣᠳᠠᠰ ᠪᠣᠯᠤᠨ ᠬᠤᠭ ᠨᠣᠪᠰᠢ ᠶᠢ ᠪᠦᠬᠦ ᠬᠡᠯᠬᠢᠶ᠎ᠡ ᠪᠠᠷ ᠪᠢᠲᠡᠭᠦᠮᠵᠢᠯᠡᠨ ᠬᠠᠮᠢᠶᠠᠷᠬᠤ ᠬᠡᠷᠡᠭᠲᠡᠢ᠃ ᠰᠣᠯᠪᠢᠴᠠᠨ ᠬᠠᠯᠳᠠᠪᠤᠷᠢᠯᠠᠬᠤ ᠡᠬᠢ ᠡᠭᠦᠰᠦᠯ ᠢ ᠡᠷᠡᠰ ᠲᠡᠰᠦᠯᠵᠦ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠪᠢᠲᠡᠭᠦᠮᠵᠢᠯᠡᠨ ᠡᠵᠡᠮᠳᠡᠬᠦ ᠣᠷᠣᠨ ᠪᠣᠯᠤᠨ ᠬᠠᠮᠢᠶᠠᠷᠤᠨ ᠡᠵᠡᠮᠳᠡᠬᠦ ᠣᠷᠣᠨ ᠢ ᠴᠥᠮ ᠡᠷᠦᠬᠡ ᠳᠤ ᠬᠦᠷᠲᠡᠯ᠎ᠡ ᠠᠩᠬᠠᠷᠴᠤ᠂ ᠬᠥᠮᠦᠨ ᠳᠤ ᠬᠦᠷᠲᠡᠯ᠎ᠡ ᠬᠠᠮᠢᠶᠠᠷᠴᠤ᠂ ᠴᠠᠭ ᠲᠤᠬᠠᠢ ᠳᠤᠨᠢ ᠲᠣᠭᠤᠷᠢᠨ ᠪᠠᠶᠢᠴᠠᠭᠠᠵᠤ᠂ ᠴᠠᠭ ᠲᠤᠬᠳᠠᠭᠠᠨ ᠰᠤᠭᠤᠴᠢᠨ ᠪᠠᠶᠢᠴᠠᠭᠠᠬᠤ ᠬᠡᠷᠡᠭᠲᠡᠢ᠃ ᠡᠮᠨᠡᠯᠭᠡ ᠶᠢᠨ ᠬᠤᠷᠢᠶᠠᠨ ᠳᠠᠬᠢ ᠬᠠᠯᠳᠠᠪᠤᠷᠢᠯᠠᠯ ᠤᠨ ᠡᠬᠢ ᠰᠤᠷᠪᠤᠯᠵᠢ ᠶᠢ ᠡᠷᠡᠰ ᠲᠠᠰᠤᠯᠵᠤ᠂ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠶᠢᠨ ᠲᠤᠬᠢᠷᠠᠭᠤᠯᠤᠯᠳᠠ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠳᠣᠲᠣᠭᠠᠳᠤ ᠶᠢᠨ ᠠᠶᠤᠯ ᠲᠦᠭᠰᠢᠭᠦᠷᠢ ᠭᠡᠮ ᠰᠣᠭᠤᠭ ᠢ ᠨᠡᠶᠢᠳᠡᠮ ᠵᠢᠭᠰᠠᠭᠠᠨ ᠪᠠᠶᠢᠴᠠᠭᠠᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ︽ᠪᠠᠭ᠎ᠠ ᠠᠰᠠᠭᠤᠳᠠᠯ ᠠᠴᠠ ᠪᠤᠯᠵᠥ ᠶᠡᠭᠡ ᠪᠠᠷ ᠳᠠᠷᠬᠠᠨ ᠳᠡᠯᠬᠡᠷᠡᠬᠦ︾ ᠶᠢᠨ ᠡᠬᠢ ᠰᠤᠷᠪᠤᠯᠵᠢ ᠶᠢ ᠡᠷᠡᠰ ᠲᠠᠰᠤᠯᠵᠤ᠂ ᠪᠦᠬᠦ ᠬᠡᠯᠬᠢᠶ᠎ᠡ ᠳᠤ ᠥᠨᠴᠥᠭ ᠪᠤᠯᠤᠩ ᠦᠯᠡᠳᠡᠭᠡᠯ ᠦᠭᠡᠢ ᠪᠠᠷ ᠳᠤᠳᠠᠬᠳᠠᠯ ᠢᠶᠠᠨ ᠪᠠᠶᠢᠴᠠᠭᠠᠨ ᠳᠤᠲᠠᠭᠤᠳᠠᠯ ᠢᠶᠠᠨ ᠨᠥᠬᠦᠪᠥᠷᠢᠯᠡᠵᠦ᠂ ᠬᠡᠮ ᠰᠣᠭᠤᠭ ᠢ ᠠᠳᠡᠯ ᠢᠶᠠᠷ ᠦᠵᠡᠵᠦ᠂ ᠠᠰᠠᠭᠤᠳᠠᠯ ᠢ ᠢᠯᠡᠷᠡᠭᠦᠯᠪᠡᠯ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠡᠷᠡᠰ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠬᠡᠵᠥ ᠴᠢᠬᠤᠯᠠᠴᠢᠯᠠᠪᠠ᠃
      ᠸᠠᠩ ᠯᠢ ᠰᠢᠶᠠ᠂ ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠵᠤ᠂ ᠵᠠᠷᠯᠢᠭ ᠢ ᠳᠠᠭᠠᠵᠤ᠂ ᠵᠢᠯᠣᠭᠤᠳᠣᠯᠭ᠎ᠠ ᠶᠢ ᠳᠠᠭᠠᠬᠤ ᠬᠡᠷᠡᠭᠲᠡᠶ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠠᠨᠳᠤ ᠶᠢ ᠲᠣᠭᠯᠠᠭᠠᠮ ᠢᠶᠠᠷ ᠦᠵᠡᠵᠦ ᠣᠭᠲᠣ ᠪᠣᠯᠬᠤ ᠥᠬᠡᠶ᠂ ᠶᠡᠭᠡ ᠲᠠᠯ᠎ᠠ ᠶᠢ ᠬᠠᠮᠠᠭᠠᠯᠠᠵᠥ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠶᠢ ᠲᠣᠭᠯᠠᠭᠠᠮ ᠢᠶᠠᠷ ᠦᠵᠡᠵᠦ ᠣᠭᠲᠣ ᠪᠣᠯᠬᠤ ᠥᠬᠡᠶ᠃ ᠵᠣᠬᠢᠶᠠᠨ ᠪᠠᠶᠢᠭᠤᠯᠵᠤ ᠳᠠᠶᠢᠴᠢᠯᠠᠬᠤ ᠪᠠ ᠬᠦᠴᠦᠨ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠨᠢᠭᠡ ᠲᠠᠯ᠎ᠠ ᠪᠠᠷ ᠴᠡᠭ ᠢ ᠠᠳᠬᠤᠨ ᠨᠦᠬᠦᠬᠡ ᠳᠠᠯ᠎ᠠ ᠪᠠᠷ ᠪᠦᠬᠦᠨ ᠢ ᠠᠳᠬᠤᠬᠤ᠂ ᠨᠢᠭᠡ ᠲᠠᠯ᠎ᠠ ᠪᠠᠷ ᠰᠡᠷᠭᠡᠶᠢᠯᠡᠨ ᠡᠵᠡᠮᠳᠡᠬᠦ ᠶᠢ ᠠᠳᠬᠤᠨ ᠨᠦᠬᠦᠭᠡ ᠲᠠᠯ᠎ᠠ ᠪᠠᠷ ᠲᠤᠩᠭᠠᠨ ᠪᠤᠳᠤᠬᠤ ᠶᠢ ᠠᠳᠬᠤᠵᠤ᠂ ᠠᠯᠳᠠᠰᠢ ᠶᠢ ᠳ᠋ᠦᠩᠨᠡᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠨᠢᠭᠡ ᠠᠴᠠ ᠨᠦᠬᠦᠭᠡ ᠶᠢ ᠵᠦᠢᠴᠢᠯᠡᠵᠥ ᠪᠠᠶᠢᠭᠠᠳ ᠠᠰᠠᠭᠤᠳᠠᠯ ᠢ ᠶᠡᠭᠡ ᠪᠠᠷ ᠵᠢᠭᠰᠠᠭᠠᠨ ᠪᠠᠶᠢᠴᠠᠭᠠᠵᠤ᠂ ᠰᠤᠷᠲᠠᠯ ᠢ ᠶᠡᠭᠡ ᠪᠠᠷ ᠴᠡᠭᠴᠡᠯᠡᠨ ᠵᠠᠰᠠᠵᠤ᠂ ᠠᠵᠢᠯ ᠢ ᠶᠡᠭᠡ ᠪᠠᠷ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠤᠨ ᠦᠷᠪᠢᠰᠦᠨ ᠳᠡᠯᠭᠡᠷᠡᠬᠦ ᠬᠡᠯᠬᠢᠶ᠎ᠡ ᠶᠢ ᠲᠦᠷᠭᠡᠨ ᠲᠠᠰᠤᠯᠬᠤ ᠬᠡᠷᠡᠭᠲᠡᠢ ᠬᠡᠵᠥ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ᠂ ᠡᠸᠤ ᠶᠠᠩ ᠰᠢᠶᠤᠤ ᠬᠤᠢ ᠬᠤᠷᠠᠯ ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ