ᠤᠯᠠᠭᠠᠨᠴᠠᠪ ᠬᠤᠲᠠ ᠮᠥᠩᠭᠦᠨ‌‍ᠭᠦ᠋ᠢᠯᠭᠡᠭᠡᠨ ᠢᠶᠠᠷ ︽ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠢ ᠲᠡᠳᠬᠦᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/17

      ᠤᠯᠠᠭᠠᠨᠴᠠᠪ ᠬᠤᠲᠠ ᠶᠢᠨ ᠮᠥᠩᠭᠦᠨ ᠭᠦᠢᠯᠭᠡᠭᠡᠨ ᠢᠶᠠᠷ ︽ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠢ ᠲᠡᠳᠬᠦᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ᠃ ᠬᠤᠷᠠᠯ ᠨᠢ᠂ 21 ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ᠂ ︽ᠲᠠᠷᠢᠶᠠᠯᠠᠩ ᠮᠠᠯ ᠤᠨ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠤ ᠭᠤᠣᠯᠳᠠᠯᠭ᠎ᠠ ᠲᠠᠢ ᠲᠦᠷᠦᠯ ᠵᠦᠢᠯ ᠢ ᠰᠠᠶᠢᠲᠤᠷ ᠲᠥᠯᠥᠪᠵᠢᠭᠦᠯᠬᠦ᠂ ᠮᠥᠩᠭᠦᠨ ᠭᠦᠢᠯᠭᠡᠭᠡᠨ ᠢᠶᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠳᠡᠮᠵᠢᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠲᠠᠯ᠎ᠠ ᠪᠠᠷ ᠨᠡᠪᠲᠡᠷᠡᠯᠴᠡᠨ ᠵᠣᠯᠭᠠᠭᠤᠯᠵᠤ᠂ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠪᠣᠯᠤᠨ ᠠᠷᠭ᠎ᠠ ᠬᠡᠮᠵᠢᠶ᠎ᠡ ᠶᠢ ᠳᠤᠷᠠᠳᠴᠠᠢ᠃
      ᠬᠤᠷᠠᠯ ᠠᠴᠠ ᠵᠢᠭᠠᠬᠤ ᠳᠤ ᠪᠠᠨ᠂ ᠤᠢᠢᠷ᠎ᠠ ᠶᠢᠨ ᠵᠢᠯ ᠳᠤ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠮᠥᠩᠭᠦᠨ ᠭᠦᠢᠯᠭᠡᠭᠡᠨ ᠤ ᠨᠡᠷᠡᠳᠬᠦᠨ ᠢ ᠰᠢᠨᠡᠴᠢᠯᠡᠵᠦ᠂ ᠲᠦᠭᠡᠮᠡᠯ ᠠᠰᠢᠭᠲᠤ ᠮᠥᠩᠭᠦᠨ ᠭᠦᠢᠯᠭᠡᠭᠡ ᠶᠢ ᠬᠥᠭᠵᠢᠭᠦᠯᠵᠦ᠂ ᠮᠥᠩᠭᠦᠨ ᠭᠦᠢᠯᠭᠡᠭᠡᠨ ᠤ ︽ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠳᠤ ᠦᠢᠯᠡᠴᠢᠯᠡᠬᠦ ᠠᠵᠢᠯ ᠤᠨ ᠲᠠᠯ᠎ᠠ ᠪᠠᠷ ᠮᠡᠳᠡᠭᠳᠡᠮ᠎ᠡ ᠦᠷ᠎ᠡ ᠪᠦᠲᠦᠮᠵᠢ ᠣᠯᠵᠤ᠂ ᠮᠠᠨ ᠤ ᠬᠤᠳᠠ ᠶᠢᠨ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠵᠤ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ ᠭᠡᠵᠡᠢ᠃
      ᠬᠤᠷᠠᠯ ᠠᠴᠠ ᠴᠢᠬᠤᠯᠠᠴᠢᠯᠠᠬᠤ ᠳᠤ ᠪᠠᠨ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠪᠣᠯᠤᠨ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠰᠣᠯᠢᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ᠂ ᠲᠤᠭ᠎ᠠ ᠪᠠᠷᠢᠮᠲᠠ᠂ ᠲᠦᠷᠦᠯ ᠵᠦᠢᠯ᠂ ᠲᠦᠷᠦ ᠶᠢᠨ ᠪᠤᠳᠤᠯᠭ᠎ᠠ ᠵᠡᠷᠭᠡ ᠲᠠᠯ᠎ᠠ ᠪᠠᠷ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ᠂ ᠪᠦᠬᠦ ᠲᠠᠯ᠎ᠠ ᠪᠠᠷ᠂ ᠵᠥᠪ ᠣᠨᠣᠪᠴᠢᠲᠠᠢ ᠡᠵᠡᠮᠰᠢᠭᠦᠯᠵᠦ᠂ ᠪᠦᠬᠦ ᠬᠤᠳᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠢ ᠨᠡᠩ ᠰᠠᠶᠢᠲᠤᠷ ᠤᠢᠢᠯᠠᠭᠠᠭᠤᠯᠬᠤ ᠬᠡᠷᠡᠭᠲᠡᠢ᠃ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠨᠢᠭᠡᠳᠦᠯᠲᠡᠢ ᠲᠥᠯᠥᠪᠵᠢᠭᠦᠯᠵᠦ᠂ ︽ᠲᠠᠪᠤᠨ ᠶᠡᠭᠡ ᠠᠵᠤ ᠠᠬᠤᠢ︾᠂ ᠠᠷᠪᠠᠨ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠪᠦᠷᠢᠯᠡᠬᠦ ᠬᠡᠯᠬᠢᠶ᠎ᠡ ᠶᠢ ᠴᠢᠩᠭᠠᠳᠬᠠᠬᠤ ᠲᠠᠯ᠎ᠠ ᠪᠠᠷ ᠠᠵᠤ ᠦᠢᠯᠡᠰ ᠤᠨ ᠲᠦᠷᠦᠯ ᠵᠦᠢᠯ ᠢ ᠲᠥᠯᠥᠪᠵᠢᠭᠦᠯᠵᠦ᠂ ᠲᠠᠷᠢᠶᠠᠯᠠᠩ ᠮᠠᠯ ᠤᠨ ᠠᠵᠤ ᠦᠢᠯᠡᠰ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠵᠢᠴᠢ ᠲᠠᠪᠤ ᠶᠢ ᠬᠥᠭᠵᠢᠭᠦᠯᠦᠨ ᠮᠠᠨᠳᠤᠭᠤᠯᠬᠤ ᠲᠠᠯ᠎ᠠ ᠳᠤ ᠬᠠᠮᠵᠢᠯᠴᠠᠨ ᠬᠥᠳᠡᠯᠦᠯᠴᠡᠵᠦ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠥᠷᠭᠡᠴᠡ ᠪᠠ ᠭᠦᠨᠴᠡ ᠶᠢ ᠥᠷᠭᠡᠳᠬᠡᠬᠦ ᠬᠡᠷᠡᠭᠲᠡᠢ᠃ ᠬᠡᠪ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡ᠂ ᠳᠠᠭᠠᠳᠬᠠᠯ᠂ ᠬᠤᠭᠤᠴᠠᠭᠠᠲᠤ ᠪᠠᠷᠠᠭ᠎ᠠ᠂ ᠳᠠᠭᠠᠭᠠᠯᠲᠠ ᠵᠢᠴᠢ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠯᠳᠣᠭᠠᠨ ᠤ ᠲᠠᠯ᠎ᠠ ᠪᠠᠷ ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠪᠣᠯᠤᠨ ᠮᠠᠯᠵᠢᠬᠤ ᠲᠠᠷᠢᠶᠠᠯᠠᠬᠤ ᠡᠷᠦᠬᠡ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠦᠨᠡᠨ ᠬᠦ ᠨᠡᠮᠡᠷᠢᠯᠡᠬᠦ ᠬᠡᠷᠡᠭᠲᠡᠢ᠃ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠪᠠᠩᠬᠢ ᠪᠠ ᠵᠠᠰᠠᠭ᠂ ᠪᠠᠩᠬᠢ ᠪᠠ ᠠᠵᠤ ᠠᠬᠤᠶᠢᠯᠠᠯ᠂ ᠪᠠᠩᠬᠢ ᠪᠠ ᠳᠠᠭᠠᠳᠬᠠᠯ ᠵᠡᠷᠭᠡ ᠤᠯᠠᠨ ᠲᠠᠯ᠎ᠠ ᠪᠠᠷ ᠬᠠᠮᠳ᠋᠊ ᠳᠤ ᠪᠠᠨ ᠠᠰᠢᠭ ᠬᠦᠷᠳᠡᠬᠦ ᠲᠠᠪᠴᠠᠩ ᠢ ᠢᠳᠡᠪᠬᠢᠲᠡᠢ ᠪᠠᠶᠢᠭᠤᠯᠵᠤ᠂ ᠬᠠᠤᠯᠢ ᠴᠠᠭᠠᠵᠠ ᠶᠢᠨ ᠪᠠᠶᠢᠭᠤᠯᠭ᠎ᠠ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠬᠠᠤᠯᠢᠵᠢᠭᠰᠠᠨ ᠮᠥᠩᠭᠦᠨ ᠭᠦᠢᠯᠭᠡᠭᠡᠨ ᠤ ᠣᠷᠴᠢᠨ ᠨᠥᠬᠦᠴᠡᠯ ᠢ ᠪᠤᠢ ᠪᠣᠯᠭᠠᠵᠤ᠂ ᠨᠡᠩ ᠤᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠳᠠᠳᠠᠨ ᠠᠪᠴᠢᠷᠠᠵᠤ ︽ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠢ ᠳᠡᠮᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠳᠡ ᠦᠭᠡᠢ

︽ᠮᠥᠩᠭᠦᠨ ᠭᠦᠢᠯᠭᠡᠭᠡᠨ ᠤ ᠠᠮᠢᠵᠢᠷᠠᠯ ᠤᠨ ᠷᠠᠰᠢᠶᠠᠨ︾ ᠢ ᠨᠡᠮᠡᠷᠢᠯᠡᠬᠦ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ