ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2021ᠣᠨ ᠤ 24 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/2


      11 ᠰᠠᠷ᠎ᠠ ᠶᠢᠨ 25᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 11 ᠰᠠᠷ᠎ᠠ ᠶᠢᠨ 18᠎ ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠣᠷᠣᠨ ᠤ ︽ᠬᠤᠶᠠᠷ ᠢ ᠬᠦᠩᠭᠡᠷᠡᠭᠦᠯᠬᠦ︾ ᠪᠠ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠵᠢᠷᠤᠮᠵᠢᠭᠤᠯᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃
      ᠬᠤᠷᠠᠯ ᠠᠴᠠ᠂ ᠥᠪᠥᠷ ᠮᠣᠩᠭᠤᠯ ᠡᠭᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠤᠭᠰᠠᠨ ᠤ ᠬᠤᠪᠢ ᠳᠤ᠂ ᠤᠯᠤᠰ ᠤᠨ ᠠᠮᠤᠷ ᠲᠦᠪᠰᠢᠨ ᠤ ᠶᠡᠭᠡ ᠲᠠᠯ᠎ᠠ ᠶᠢ ᠬᠠᠮᠠᠭᠠᠯᠠᠬᠤ ᠳᠤᠮᠳᠠ ᠴᠢᠬᠤᠯᠠ ᠶᠡᠭᠡ ᠡᠭᠦᠷᠭᠡ ᠪᠠ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠠᠨᠠᠭᠠᠰᠢᠷᠠᠬᠤ ᠤᠬᠠᠮᠰᠠᠷ ᠢᠶᠠᠨ ᠨᠡᠮᠡᠭᠳᠡᠭᠦᠯᠵᠦ᠂ ᠬᠤᠷᠢᠭ᠎ᠠ ᠱᠤᠭᠤᠮ ᠤᠨ ᠰᠡᠳᠭᠢᠬᠦᠶ ᠪᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠡᠯ᠎ᠡ ᠬᠦᠷᠢᠶᠡᠨ ᠤ ᠤᠯᠤᠰ ᠤᠨ ᠠᠮᠤᠷ ᠲᠦᠪᠰᠢᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠥᠭᠵᠢᠯᠲᠡ ᠪᠠ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠳᠠᠯᠳᠠ ᠬᠡᠮ ᠢ ᠴᠠᠭ ᠲᠤᠬᠠᠶ ᠳᠤᠨᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ ᠴᠢᠷᠮᠠᠶᠢᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ ᠠᠴᠠ᠂ ︽ᠬᠤᠶᠠᠷ ᠢ ᠬᠦᠩᠭᠡᠷᠡᠭᠦᠯᠬᠦ︾ ᠪᠣᠯ ᠨᠠᠮ ᠤᠨ ᠲᠥᠪ ᠬᠤᠷᠢᠶ᠎ᠠ ᠠᠴᠠ ᠬᠠᠯᠠᠮᠵᠢᠯᠠᠵᠤ ᠪᠠᠶᠢᠭ᠎ᠠ᠂ ᠣᠯᠠᠨ ᠲᠦᠮᠡᠨ ᠤ ᠠᠩᠬᠠᠷᠴᠤ ᠪᠠᠶᠢᠭ᠎ᠠ᠂ ᠨᠡᠶᠢᠭᠡᠮ ᠨᠡᠶᠢᠲᠡ ᠶᠢᠨ ᠠᠩᠬᠠᠷᠤᠯ ᠲᠦᠪᠯᠡᠷᠡᠵᠤ ᠪᠠᠶᠢᠭ᠎ᠠ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ︽ᠬᠤᠶᠠᠷ ᠢ ᠬᠦᠩᠭᠡᠷᠡᠭᠦᠯᠬᠦ︾ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠰᠤᠷᠭᠠᠭᠤᠯᠢ ᠶᠢᠨ ᠭᠠᠳᠠᠨᠠᠬᠢ ᠪᠠᠶᠢᠭᠤᠯᠤᠮᠵᠢ ᠶᠢᠨ ᠪᠣᠯᠪᠠᠰᠤᠷᠠᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠤᠨ᠂ ᠵᠢᠭᠠᠨ ᠰᠤᠷᠭᠠᠯᠲᠠ ᠪᠣᠯᠪᠠᠰᠤᠷᠠᠯ ᠤᠨ ᠡᠮᠬᠢ ᠵᠢᠷᠤᠮ ᠢ ᠬᠠᠤᠯᠢ ᠲᠣᠭᠲᠠᠭᠠᠯ ᠶᠣᠰᠣᠭᠠᠷ ᠬᠠᠮᠠᠭᠠᠯᠠᠵᠤ᠂ ᠡᠷᠡᠰ ᠣᠪᠣᠷ᠂ ᠬᠦᠴᠦᠲᠡᠶ ᠠᠷᠭ᠎ᠠ ᠬᠡᠮᠵᠢᠶ᠎ᠡ ᠪᠠᠷ ︽ᠬᠤᠶᠠᠷ ᠢ ᠬᠦᠩᠭᠡᠷᠡᠭᠦᠯᠬᠦ︾ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠶᠯ ᠤᠨ ᠡᠭᠦᠷᠭᠡ ᠶᠢᠨ ᠯᠠᠪᠳᠠᠭᠤᠨ ᠪᠥᠭᠡᠳ ᠡᠮᠬᠢ ᠵᠢᠷᠤᠮ ᠲᠠᠢ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃
      ᠬᠤᠷᠠᠯ ᠠᠴᠠ᠂ ᠠᠷᠠᠳ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠵᠢᠷᠤᠮᠵᠢᠭᠤᠯᠬᠤ ᠨᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠲᠠᠢ ᠬᠤᠯᠪᠣᠭᠳᠠᠵᠤ᠂ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠬᠦ ᠲᠠᠢ ᠬᠤᠯᠪᠣᠭᠳᠠᠨ᠎ᠠ᠃ ᠨᠠᠮ ᠠᠴᠠ ᠰᠤᠷᠭᠠᠭᠤᠯᠢ ᠡᠷᠬᠢᠯᠡᠬᠦ ᠴᠢᠭᠯᠡᠯ ᠢ ᠬᠠᠮᠢᠶᠠᠷᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠪᠠᠷᠢᠮᠲᠠᠯᠠᠵᠤ᠂ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠷᠤᠮᠵᠢᠭᠰᠠᠨ ᠬᠥᠭᠵᠢᠯᠲᠡ ᠶᠢ ᠨᠠᠷᠢᠯᠢᠭ ᠣᠨᠣᠪᠴᠢᠲᠠᠢ᠂ ᠬᠦᠴᠦᠲᠡᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠲᠥᠯᠥᠪᠵᠢᠭᠦᠯᠭᠡ ᠬᠢᠵᠤ ᠬᠥᠲᠥᠯᠥᠨ ᠳᠠᠭᠠᠭᠤᠯᠬᠤ᠂ ᠨᠢᠭᠡᠳᠦᠯᠲᠡᠶ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠪᠠᠷᠢᠮᠲᠠᠯᠠᠨ᠂ ᠬᠥᠮᠦᠨ ᠠᠮᠠ ᠶᠢᠨ ᠪᠦᠲᠦᠴᠡ ᠪᠣᠯᠤᠨ ᠰᠢᠯᠵᠢᠯᠳᠡ᠂ ᠰᠤᠷᠭᠠᠭᠤᠯᠢ ᠶᠢᠨ ᠨᠠᠰᠤᠨ ᠤ ᠬᠡᠦᠬᠡᠳ ᠪᠠᠭᠠᠴᠤᠳ ᠤᠨ ᠬᠡᠪᠴᠢᠶ᠎ᠡ ᠵᠡᠷᠭᠡ ᠡᠯᠧᠮᠧᠨ᠋ᠲ ᠢ ᠭᠦᠢᠴᠡᠳ ᠪᠣᠳᠣᠯᠬᠢᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠦᠲᠦᠴᠡ ᠶᠢᠨ ᠲᠣᠬᠢᠷᠠᠭᠤᠯᠤᠯᠲᠠ ᠪᠣᠯᠤᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠬᠦ ᠶᠢ ᠲᠦᠷᠭᠡᠳᠭᠡᠨ᠂ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠢᠳᠡᠪᠬᠢᠲᠡᠶ ᠪᠠᠷ ᠥᠷᠭᠡᠳᠭᠡᠬᠦ ᠬᠡᠷᠡᠭᠲᠡᠶ᠃ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠂ ᠪᠡᠯᠡ ᠣᠷᠣᠭᠤᠯᠤᠯᠲᠠ ᠶᠢᠨ ᠡᠷᠴᠢᠮ ᠢ ᠤᠯᠠᠮ ᠴᠢᠨᠠᠭᠰᠢᠳᠠ ᠴᠢᠩᠭᠠᠷᠠᠭᠤᠯᠵᠤ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠶᠢᠬᠤ ᠪᠠ ᠬᠤᠳᠠ ᠬᠥᠳᠡᠭᠡ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠰᠤᠷᠤᠭᠴᠢᠳ ᠤᠨ ᠪᠦᠬᠦ ᠲᠠᠯ᠎ᠠ ᠪᠠᠷ ᠬᠥᠭᠵᠢᠬᠦ ᠪᠠ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠤᠨ᠂ ᠠᠷᠠᠳ ᠲᠦᠮᠡᠨ ᠤ ᠰᠡᠳᠭᠢᠯ ᠬᠠᠨᠤᠮᠵᠢᠲᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃
      ᠬᠤᠷᠠᠯ ᠠᠴᠠ ᠪᠠᠰᠠ ︽ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021 — 2030 ᠣᠨ︶︾ ᠪᠣᠯᠤᠨ ︽ᠥᠪᠡᠷᠲᠡᠭᠡᠨ ᠵᠠᠰᠠᠬᠤ ᠣᠷᠣᠨ ᠤ ᠬᠡᠦᠬᠡᠳ ᠪᠠᠭᠠᠴᠤᠳ ᠤᠨ ᠬᠥᠭᠵᠢᠯᠲᠡ ᠶᠢᠨ ᠬᠥᠲᠥᠯᠪᠦᠷᠢ ︵2021 — 2030 ᠣᠨ︶︾᠎ ᠶᠢ ᠰᠤᠳᠤᠯᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ