ᠰᠢᠯᠢ ᠶᠢᠨ ᠭᠤᠣᠯ ᠠᠶᠢᠮᠠᠭ ᠤᠨ ᠲᠤᠯᠤᠨ ᠨᠠᠭᠤᠷ ᠰᠢᠶᠠᠨ ᠤ ᠲᠤᠯᠤᠨ ᠨᠠᠭᠤᠷ ᠪᠠᠯᠭᠠᠰᠤᠨ ᠤ ᠱᠤᠸᠠᠩ ᠵᠢᠩ ᠽᠢ ᠲᠣᠰᠬᠤᠨ ᠤ ᠬᠢᠨ ︽ᠨᠠᠮ ᠤᠨ | ᠪᠠᠶᠢᠭᠤᠯᠤᠯᠲᠠ ᠪᠠᠷ ᠲᠣᠰᠬᠤᠨ ᠢᠶᠠᠨ ᠬᠦᠴᠦᠷᠬᠡᠭᠵᠢᠭᠦᠯᠵᠦ᠂ ᠠᠵᠤ ᠦᠢᠯᠡᠰ ᠢᠶᠠᠷ ᠲᠣᠰᠬᠤᠨ ᠢᠶᠠᠨ ᠪᠠᠶᠠᠵᠢᠭᠤᠯᠬᠤ︾ ᠬᠥᠭᠵᠢᠯᠲᠡ ᠶᠢᠨ ᠰᠡᠳᠬᠢᠮᠵᠢ ᠶᠢ ᠪᠠᠷᠢᠮᠲᠠᠯᠠᠵᠤ᠂ | ᠨᠠᠮ ᠤᠨ ᠪᠠᠶᠢᠭᠤᠯᠤᠯᠲᠠ ᠶᠢ ᠠᠳᠬᠤᠬᠤ ᠪᠠᠷ ᠳᠠᠮᠵᠢᠭᠤᠯᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠠᠬᠢᠭᠤᠯᠵᠤ᠂ ︽ᠨᠠᠮ ᠤᠨ ᠡᠭᠦᠷ + ᠬᠤᠷᠰᠢᠶ᠎ᠠ + | ᠶᠠᠳᠠᠭᠤ ᠬᠦᠴᠢᠷᠳᠡᠯᠲᠡᠢ ᠡᠷᠦᠬᠡ + ᠲᠠᠷᠢᠶᠠᠴᠢᠨ ᠡᠷᠦᠬᠡ︾ ᠶᠢᠨ ᠵᠠᠭᠪᠤᠷ ᠢ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠤᠨ ᠢᠳᠡᠰᠢᠨ ᠨᠣᠭᠤᠭ᠎ᠠ᠂ | ᠪᠡᠯᠡᠳᠬᠡᠮᠵᠢᠲᠦ ᠲᠠᠷᠢᠶᠠᠯᠠᠩ᠂ ᠤᠨᠴᠠᠯᠢᠬᠳᠤ ᠴᠢᠬᠢ ᠪᠤᠶᠢᠵᠢᠭᠤᠯᠬᠤ ᠦᠢᠯᠡᠰ ᠢ ᠬᠥᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠭᠡᠨ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠠᠬᠢᠭᠤᠯᠵᠤ᠂ ᠪᠣᠯᠪᠠᠰᠤᠨ ᠰᠢᠨ᠎ᠡ ᠲᠣᠰᠬᠤᠨ᠂ ᠪᠠᠶᠠᠨ ᠴᠢᠨᠡᠭᠡᠯᠢᠭ ᠰᠢᠨ᠎ᠡ ᠲᠣᠰᠬᠤᠨ᠂ ᠵᠣᠯ ᠵᠢᠷᠭᠠᠯᠲᠤ ᠰᠢᠨ᠎ᠡ ᠲᠣᠰᠬᠤᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢ ᠳᠡᠪᠢᠰᠦᠯ᠎ᠡ᠃ | ︽ᠲᠥᠪᠡᠳ ᠬᠠᠰᠢ ᠪᠠᠷ ᠠᠪᠴᠤ ᠬᠡᠯᠡᠪᠡᠯ᠂ ᠡᠨᠡ ᠬᠦ᠋ ᠨᠢᠭᠡ ᠮᠦ ᠲᠠᠯᠠᠪᠠᠢ ᠲᠠᠢ ᠨᠡᠷᠡᠨ ᠤ ᠭᠡᠷᠡᠯ ᠤᠨ ᠬᠦᠯᠡᠮᠵᠢ ᠠᠴᠠ ᠤᠯᠠᠷᠢᠯ ᠪᠦᠷᠢ ᠳᠤ 1 ᠲᠦᠮᠡ ᠭᠠᠷᠤᠢ | ᠵᠢᠩ ᠲᠥᠪᠡᠳ ᠬᠠᠰᠢ ᠬᠤᠷᠢᠶᠠᠳᠠᠭ᠂ ᠵᠢᠩ ᠪᠦᠷᠢ 5 ᠲᠥᠭᠦᠷᠢᠭ ᠢᠶᠠᠷ ᠪᠤᠳᠤᠪᠠᠯ᠂ ᠡᠯ᠎ᠡ ᠵᠦᠢᠯ ᠤᠨ ᠵᠠᠷᠤᠳᠠᠯ ᠢ ᠭᠠᠷᠭᠠᠪᠠᠯ ᠴᠡᠪᠡᠷ ᠣᠷᠣᠯᠭ᠎ᠠ ᠨᠢ 3 ᠲᠦᠮᠡ ᠭᠠᠷᠤᠢ | ᠲᠥᠭᠦᠷᠢᠭ ᠲᠤ ᠬᠦᠷᠳᠡᠭ︾ ᠭᠡᠵᠦ ᠱᠤᠸᠠᠩ ᠵᠢᠩ ᠽᠢ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠵᠠᠩ ᠢᠦᠢ | ᠹᠠ ᠪᠠᠶᠠᠷᠲᠠᠢ ᠬᠡᠯᠡᠪᠡ᠃ | ᠨᠡᠷᠡᠨ ᠤ ᠭᠡᠷᠡᠯ ᠤᠨ ᠬᠦᠯᠡᠮᠵᠢ ᠳᠤ ᠤᠷᠭᠤᠴᠠ ᠨᠢ ᠬᠥᠮᠦᠨ ᠢ ᠪᠠᠶᠠᠷᠯᠠᠭᠤᠯᠤᠮ᠎ᠠ᠂ ᠤᠯᠠᠭᠠᠨ ᠳ᠋ᠧᠩᠯᠦ ᠮᠡᠲᠦ ᠪᠠᠭᠰᠢᠷᠠᠲᠠᠯ᠎ᠠ ᠰᠠᠭᠤᠭᠰᠠᠨ ᠲᠥᠪᠡᠳ ᠬᠠᠰᠢ ᠨᠢ | ᠲᠣᠰᠬᠤᠨ ᠤ ᠠᠷᠠᠳ ᠤᠨ ᠤᠯᠠᠮ ᠠᠴᠠ ᠤᠯᠠᠮ ᠥᠭᠡᠳᠡᠯᠡᠵᠦ ᠪᠠᠶᠢᠭ᠎ᠠ ᠠᠮᠢᠳᠤᠷᠠᠯ ᠠᠬᠤᠢ ᠶᠢ ᠲᠤᠰᠬᠠᠵᠤ᠂ ᠲᠣᠰᠬᠤᠨ ᠤ ᠬᠥᠳᠡᠭᠡ ᠠᠵᠤ ᠠᠬᠤᠢ ᠶᠢᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠭᠦᠯᠬᠦ ᠪᠠᠶᠠᠵᠢᠯ ᠤᠨ ᠵᠠᠮ ᠢ ᠭᠡᠷᠡᠯᠲᠦᠭᠦᠯᠵᠦ ᠪᠠᠶᠢᠯ᠎ᠠ᠃ 65 ᠨᠠᠰᠤᠲᠠᠢ ᠰᠢᠨ ᠶᠤᠸᠠᠢ ᠯᠢᠶᠠᠨ ᠤᠤᠯ ᠨᠢ ᠲᠣᠰᠬᠤᠨ ᠤ ᠶᠠᠳᠠᠭᠤ | ᠬᠦᠴᠢᠷᠳᠡᠯᠲᠡᠢ ᠡᠷᠦᠬᠡ ᠪᠠᠶᠢᠵᠠᠢ᠂ ᠲᠣᠰᠬᠤᠨ ᠤ ᠬᠢᠨ ᠪᠣᠬᠢᠷᠲᠤᠯ ᠦᠭᠡᠢ ᠠᠵᠤ ᠦᠢᠯᠡᠰ ᠢ ᠬᠥᠭᠵᠢᠭᠦᠯᠦᠭᠰᠡᠨ ᠠᠴᠠ ᠠᠪᠤᠭᠠᠳ ᠲᠡᠳᠡᠨ ᠤ ᠬᠢᠨ ᠶᠠᠳᠠᠭᠤ | ᠬᠦᠴᠢᠷᠳᠡᠯᠲᠡᠢ ᠠᠮᠢᠳᠤᠷᠠᠯ ᠠᠴᠠ ᠪᠠᠨ ᠠᠩᠭᠢᠵᠢᠷᠠᠵᠤ᠂ ᠲᠤᠬᠠᠢ ᠶᠢᠨ ᠵᠢᠯ ᠳᠤ ᠶᠠᠳᠠᠭᠤ ᠬᠦᠴᠢᠷᠳᠡᠯᠲᠡᠢ ᠡᠷᠦᠬᠡ ᠪᠠᠶᠢᠭᠰᠠᠨ ᠠᠴᠠ ᠪᠠᠨ ᠶᠠᠳᠠᠭᠤ ᠠᠴᠠ ᠠᠩᠭᠢᠵᠢᠷᠠᠭᠰᠠᠨ | ᠡᠷᠦᠬᠡ ᠪᠤᠯᠵᠤ᠂ ᠠᠮᠢᠳᠤᠷᠠᠯ ᠨᠢ ᠡᠳᠦᠷ ᠠᠴᠠ ᠡᠳᠦᠷ ᠥᠭᠡᠳᠡᠯᠡᠵᠦ ᠡᠬᠢᠯᠡᠪᠡ᠃ ᠰᠢᠨ ᠶᠤᠸᠠᠢ ᠯᠢᠶᠠᠨ ᠨᠡᠷᠡᠨ ᠤ ᠭᠡᠷᠡᠯ ᠤᠨ ᠬᠦᠯᠡᠮᠵᠢ ᠳᠤ ᠬᠥᠯᠥᠰᠥᠨ ᠠᠵᠢᠯ ᠬᠢᠵᠦ᠂ | ᠲᠣᠰᠬᠤᠨ ᠨᠢ ᠲᠡᠭᠦᠨ ᠳᠤ ᠰᠠᠷ᠎ᠠ ᠪᠦᠷᠢ 3000 ᠲᠥᠭᠦᠷᠢᠭ ᠤᠨ ᠴᠠᠯᠢᠩ ᠥᠭᠴᠦ᠂ ᠵᠢᠯ ᠤᠨ ᠡᠴᠦᠰ ᠲᠤ ᠪᠠᠰᠠ ᠠᠰᠢᠭ ᠬᠤᠪᠢᠶᠠᠳᠠᠭ᠃ ᠰᠢᠨ ᠶᠤᠸᠠᠢ ᠯᠢᠶᠠᠨ | ᠲᠥᠪᠡᠳ ᠬᠠᠰᠢ ᠲᠡᠭᠦᠬᠦ ᠶᠢᠨ ᠳᠠᠭᠠᠤ᠄ ︽ᠣᠳᠣ ᠶᠢᠨ ᠰᠠᠶᠢᠨ ᠠᠮᠢᠳᠤᠷᠠᠯ ᠴᠥᠮ ᠨᠠᠮ ᠪᠣᠯᠤᠨ ᠵᠠᠰᠠᠭ ᠤᠨ ᠣᠷᠳᠣᠨ ᠤ ᠰᠠᠶᠢᠨ ᠲᠥᠷᠥ ᠶᠢᠨ ᠪᠣᠳᠣᠯᠭ᠎ᠠ ᠠᠴᠠ | ᠢᠷᠡᠭᠰᠡᠨ ᠶᠤᠮ᠂ ᠵᠠᠰᠠᠭ ᠤᠨ ᠣᠷᠳᠣᠨ ᠤ ᠳᠡᠮᠵᠢᠯᠭᠡ ᠪᠣᠯᠤᠨ ᠲᠣᠰᠬᠤᠨ ᠤ ᠳᠡᠮᠵᠢᠯᠭᠡ ᠨᠢ ᠮᠠᠨ ᠤ ᠭᠡᠷ ᠪᠦᠯᠢ ᠶᠢᠨ ᠬᠢᠨ ᠳᠤ ᠲᠦᠢᠯ ᠤᠨ ᠬᠠᠯᠠᠭᠤᠨ ᠳᠤᠯᠠᠭᠠᠨ | ᠰᠠᠨᠠᠭᠳᠠᠵᠤ ᠪᠠᠶᠢᠨ᠎ᠠ︾ ᠭᠡᠵᠦ ᠪᠠᠶᠠᠷᠲᠠᠶ ᠪᠠᠷ ᠬᠡᠯᠡᠵᠡᠶ᠃ | ᠱᠤᠸᠠᠩ ᠵᠢᠩ ᠽᠢ ᠲᠣᠰᠬᠤᠨ ᠳᠤ ᠣᠳᠣᠬᠠᠨ ᠳᠤ 8 ᠰᠠᠭᠤᠷᠢ ᠡᠶᠢᠮᠦᠷᠬᠦᠦ ᠨᠡᠷᠡᠨ ᠤ ᠭᠡᠷᠡᠯ ᠤᠨ ᠬᠦᠯᠡᠮᠵᠢ ᠪᠠᠶᠢᠵᠤ᠂ ᠲᠣᠰᠬᠤᠨ ᠳᠤ ᠪᠠᠰᠠ 36 ᠰᠠᠭᠤᠷᠢ | ᠬᠤᠯᠪᠣᠯᠳᠤᠭᠰᠠᠨ ᠪᠤᠯᠤᠳ ᠪᠦᠲᠦᠴᠡ ᠲᠠᠢ ᠰᠦᠯᠢᠶᠣᠣ ᠭᠤᠯᠳᠤᠩ ᠰᠠᠷᠠᠪᠴᠢ ᠪᠠ 500m2 ᠤᠨ ᠲᠣᠭᠲᠠᠮᠠᠯ ᠳᠤᠯᠠᠭᠠᠨ ᠢ ᠪᠠᠲᠤᠯᠠᠬᠤ ᠬᠥᠮᠥᠷᠭᠡ ᠪᠤᠢ᠃ 2017 | ᠣᠨ ᠠᠴᠠ ᠡᠬᠢᠯᠡᠨ᠂ ᠱᠤᠸᠠᠩ ᠵᠢᠩ ᠽᠢ ᠲᠣᠰᠬᠤᠨ ᠤ ᠬᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠲᠠᠷᠢᠶᠠᠨ ᠭᠠᠵᠠᠷ ᠤᠨ ᠢᠳᠡᠰᠢᠨ ᠨᠣᠭᠤᠭ᠎ᠠ᠂ | ᠪᠡᠯᠡᠳᠬᠡᠮᠵᠢᠲᠦ ᠲᠠᠷᠢᠶᠠᠯᠠᠩ᠂ ᠤᠨᠴᠠᠯᠢᠬᠳᠤ ᠴᠢᠬᠢ ᠪᠤᠶᠢᠵᠢᠭᠤᠯᠬᠤ ᠵᠡᠷᠭᠡ ᠠᠵᠤ ᠦᠢᠯᠡᠰ ᠢ ᠬᠥᠭᠵᠢᠭᠦᠯᠵᠦ᠂ ᠱᠤᠸᠠᠩ ᠵᠢᠩ ᠽᠢ ᠲᠣᠰᠬᠤᠨ ᠤ ᠣᠲᠣ ᠶᠢᠨ ᠪᠠᠶᠢᠭ᠎ᠠ | ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠡᠳ᠋ ᠤᠨ ᠵᠠᠰᠠᠭ ᠤᠨ ᠨᠥᠬᠦᠪᠥᠷᠢ ᠥᠭᠬᠦ᠂ ᠲᠣᠰᠬᠤᠨ ᠤ ᠠᠷᠠᠳ ᠤᠨ ᠵᠥᠪᠯᠡᠯ ᠪᠠᠯᠠ ᠴᠤᠭᠯᠠᠭᠤᠯᠬᠤ ᠪᠠ | ᠲᠣᠰᠬᠤᠨ ᠤ ᠠᠷᠠᠳ ᠬᠤᠪᠢ ᠣᠷᠣᠭᠤᠯᠬᠤ ᠵᠡᠷᠭᠡ ᠬᠡᠯᠪᠡᠷᠢ ᠪᠠᠷ ᠳᠠᠮᠵᠢᠨ ᠲᠤᠯᠤᠨ ᠨᠠᠭᠤᠷ ᠰᠢᠶᠠᠨ ᠤ ᠱᠤᠸᠠᠩ ᠵᠢᠩ ᠽᠢ ᠲᠣᠰᠬᠤᠨ ᠤ ᠬᠤᠪᠢ ᠣᠷᠣᠭᠤᠯᠤᠭᠰᠠᠨ | ᠠᠵᠤ ᠠᠬᠤᠶ ᠶᠢᠨ ᠬᠤᠷᠰᠢᠶᠠᠵᠢᠯ ᠢ ᠪᠠᠶᠢᠭᠤᠯᠵᠤ᠂ ᠰᠡᠭᠦᠯᠡᠷ ᠨᠢ ᠪᠠᠰᠠ ᠲᠤᠯᠤᠨ ᠨᠠᠭᠤᠷ ᠪᠠᠯᠭᠠᠰᠤᠨ ᠤ ᠪᠸᠢ ᠼᠦᠨ ᠲᠣᠰᠬᠤᠨ᠂ ᠨᠠᠨ ᠼᠦᠨ ᠲᠣᠰᠬᠤᠨ᠂ ᠰᠢᠨ | ᠼᠠᠩ ᠲᠣᠰᠬᠤᠨ ᠲᠠᠢ ᠬᠤᠯᠪᠣᠭᠠᠯᠠᠨ ᠲᠤᠯᠤᠨ ᠨᠠᠭᠤᠷ ᠰᠢᠶᠠᠨ ᠤ ᠳ᠋ᠧ ᠱᠧᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ | ᠪᠠᠶᠢᠭᠤᠯᠪᠠ᠃ | ︽ᠮᠠᠨ ᠤ ᠲᠣᠰᠬᠤᠨ ᠤ ᠤᠰᠤ ᠪᠠ ᠬᠥᠷᠥᠰᠥᠨ ᠤ ᠴᠢᠨᠠᠷ ᠪᠦᠷ ᠰᠠᠶᠢᠨ ᠪᠣᠯᠬᠤᠷ ᠲᠠᠷᠢᠵᠤ ᠭᠠᠷᠭᠠᠭᠰᠠᠨ ᠢᠳᠡᠰᠢᠨ ᠨᠣᠭᠤᠭ᠎ᠠ ᠶᠢᠨ ᠴᠢᠨᠠᠷ ᠰᠠᠶᠢᠨ ᠮᠥᠷᠲᠡᠭᠡᠨ | ᠮᠠᠰᠢ ᠠᠮᠲᠠᠲᠠᠢ ᠪᠠᠶᠢᠳᠠᠭ᠃ ᠪᠡᠭᠡᠵᠢᠩ᠂ ᠡᡁᠧᠪᠸᠢ ᠵᠡᠷᠭᠡ ᠭᠠᠵᠠᠷ ᠤᠨ ᠳᠠᠭᠠᠭᠠᠮᠠᠯ ᠲᠤᠰᠬᠠᠶᠢᠯᠠᠨ ᠵᠠᠬᠢᠶᠠᠯᠠᠬᠤ ᠪᠠᠷ ᠢᠷᠡᠳᠡᠭ᠂ ᠪᠢᠳᠡ ᠰᠦᠯᠵᠢᠶᠡᠨ ᠳᠡᠭᠡᠷ᠎ᠡ | ᠵᠠᠬᠢᠶᠠᠯᠠᠬᠤ ᠪᠣᠷᠣᠯᠠᠭᠤᠯᠭ᠎ᠠ ᠶᠢᠨ ᠠᠷᠭ᠎ᠠ ᠶᠢ ᠠᠪᠤᠭᠰᠠᠨ ᠠᠴᠠ ᠢᠳᠡᠰᠢᠨ ᠨᠣᠭᠤᠭ᠎ᠠ ᠶᠢᠨ ᠬᠠᠩᠭᠠᠯᠭ᠎ᠠ ᠨᠢ ᠬᠡᠷᠡᠭᠴᠡᠭᠡᠨ ᠳᠤ ᠪᠠᠨ ᠬᠦᠷᠬᠦ ᠦᠭᠡᠢ ᠪᠣᠯᠵᠤ ᠪᠠᠶᠢᠨ᠎ᠠ᠃︾ | ᠭᠡᠵᠦ ᠪᠣᠷᠣᠯᠠᠭᠤᠯᠭ᠎ᠠ ᠶᠢᠨ ᠵᠠᠮ ᠢ ᠶᠠᠷᠢᠬᠤ ᠳᠤ ᠪᠠᠨ ᠲᠣᠰᠬᠤᠨ ᠤ ᠠᠷᠠᠳ ᠮᠠᠰᠢ ᠣᠮᠣᠭᠰᠢᠯ ᠲᠠᠢ ᠪᠠᠶᠢᠯ᠎ᠠ᠃ | ᠱᠤᠸᠠᠩ ᠵᠢᠩ ᠽᠢ ᠲᠣᠰᠬᠤᠨ ᠢᠳᠡᠰᠢᠨ ᠨᠣᠭᠤᠭ᠎ᠠ ᠲᠠᠷᠢᠬᠤ ᠪᠠᠷ ᠭᠤᠣᠯ ᠠᠵᠤ ᠦᠢᠯᠡᠰ ᠪᠣᠯᠭᠠᠵᠤ᠂ ᠬᠠᠮᠲᠤ ᠶᠢᠨ ᠠᠵᠤ ᠠᠬᠤᠢ ᠶᠢ ᠬᠥᠭᠵᠢᠭᠦᠯᠦᠨ | ᠪᠤᠵᠠᠭᠠᠶᠢᠷᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ᠂ ᠡᠨᠡ ᠵᠢᠯ ᠨᠡᠶᠢᠳᠡ 4600 ᠮᠦ ᠢᠳᠡᠰᠢᠨ | ᠨᠣᠭᠤᠭ᠎ᠠ ᠲᠠᠷᠢᠵᠠᠢ᠃ 2020 ᠣᠨ ᠳᠤ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠪᠠᠨ 20 ᠲᠦᠮᠡᠨ ᠲᠥᠭᠦᠷᠢᠭ ᠲᠤ ᠬᠦᠷᠭᠡᠵᠦ᠂ ᠬᠥᠮᠦᠨ | ᠪᠦᠷᠢ ᠶᠢᠨ ᠳᠤᠮᠳᠠᠴᠢ ᠴᠡᠪᠡᠷ ᠣᠷᠣᠯᠭ᠎ᠠ ᠶᠢ 2 ᠲᠦᠮᠡᠨ ᠲᠥᠭᠦᠷᠢᠭ ᠲᠤ ᠬᠦᠷᠭᠡᠪᠡ᠃ ᠲᠣᠰᠬᠤᠨ ᠤ ᠲᠠᠰ ᠤᠨ ᠲᠣᠭᠲᠠᠮᠠᠯ ᠬᠥᠷᠥᠩᠭᠡ ᠨᠢ ᠨᠡᠶᠢᠲᠡ 1000 ᠲᠦᠮᠡᠨ | ᠲᠥᠭᠦᠷᠢᠭ ᠰᠢᠬᠠᠮ ᠪᠣᠯᠪᠠ᠃ 2021 ᠣᠨ ᠳᠤ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠨᠢ ᠵᠢᠱᠢᠯᠲᠡ ᠪᠠᠷ 25 ᠲᠦᠮᠡᠨ ᠲᠥᠭᠦᠷᠢᠭ ᠲᠤ ᠬᠦᠷᠬᠦ | ᠪᠣᠯᠤᠨ᠎ᠠ᠃ | ᠡᠨᠡ ᠵᠢᠯ ᠠᠴᠠ ᠨᠠᠭᠠᠰᠢ᠂ ᠱᠤᠸᠠᠩ ᠵᠢᠩ ᠽᠢ ᠲᠣᠰᠬᠤᠨ ᠲᠠᠷᠢᠶᠠᠨ ᠭᠠᠵᠠᠷ ᠤᠨ ᠢᠳᠡᠰᠢᠨ ᠨᠣᠭᠤᠭ᠎ᠠ᠂ ᠪᠡᠯᠡᠳᠬᠡᠮᠵᠢᠲᠦ ᠢᠳᠡᠰᠢᠨ ᠨᠣᠭᠤᠭ᠎ᠠ ᠲᠠᠷᠢᠵᠤ | ᠬᠥᠭᠵᠢᠭᠦᠯᠬᠦ ᠪᠠᠷ ᠭᠤᠣᠯ ᠦᠢᠯᠡᠰ ᠪᠣᠯᠭᠠᠵᠤ᠂ ᠵᠡᠭᠦᠨ ᠬᠡᠰᠡᠭ ᠤᠨ ᠨᠡᠷᠡᠨ ᠤ ᠭᠡᠷᠡᠯ ᠤᠨ ᠬᠦᠯᠡᠮᠵᠢ ᠶᠢᠨ ᠢᠳᠡᠰᠢᠨ ᠨᠣᠭᠤᠭ᠎ᠠ ᠶᠢᠨ ᠲᠠᠷᠢᠮᠠᠯ ᠤᠨ ᠭᠠᠷᠤᠯᠲᠠ ᠶᠢᠨ | ᠣᠷᠣᠨ᠂ ᠪᠠᠷᠠᠭᠤᠨ ᠬᠡᠰᠡᠭ ᠤᠨ ᠾᠧᠢ ᠫᠢᠩ ᠮᠥᠭᠦ ᠶᠢᠨ ᠲᠠᠷᠢᠮᠠᠯ ᠤᠨ ᠣᠷᠣᠨ᠂ ᠤᠨᠴᠠᠯᠢᠬᠳᠤ ᠴᠢᠬᠢ ᠪᠤᠶᠢᠵᠢᠭᠤᠯᠬᠤ ᠭᠠᠷᠤᠯᠲᠠ ᠶᠢᠨ ᠣᠷᠣᠨ ᠪᠣᠯᠤᠨ ᠪᠠᠶᠢᠭᠠᠯᠢ ᠶᠢᠨ | ᠨᠤᠭᠤ ᠭᠠᠵᠠᠷ ᠤᠨ ᠦᠵᠡᠮᠵᠢ ᠶᠢᠨ ᠬᠠᠮᠠᠭᠠᠯᠠᠯᠲᠠ ᠶᠢᠨ ᠣᠷᠣᠨ ᠭᠡᠬᠦ ︽ᠲᠦᠷᠪᠡᠨ ᠶᠡᠭᠡ ᠠᠵᠤ ᠦᠢᠯᠡᠰ︾ ᠤᠨ ᠣᠷᠣᠨ ᠤ ᠪᠦᠳᠦᠭᠡᠨ ᠪᠠᠶᠢᠭᠤᠯᠤᠯᠲᠠ ᠶᠢ ᠶᠡᠭᠡ ᠪᠠᠷ | ᠠᠬᠢᠭᠤᠯᠵᠠᠢ᠃ ᠵᠠᠩ ᠢᠦᠢ ᠹᠠ᠄ ︽︿ᠬᠤᠣᠰ ᠵᠠᠭᠤᠨ﹀ ᠤ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠦᠬᠦ ᠲᠣᠰᠬᠤᠨ ᠢᠶᠠᠷ ᠢᠶᠠᠨ | ᠢᠷᠡᠭᠡᠳᠦᠢ ᠳᠤ ᠨᠡᠩ ᠢᠲᠡᠭᠡᠯ ᠲᠡᠭᠦᠯᠳᠡᠷ ᠪᠣᠯᠪᠠ᠂ ᠳᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠬᠠᠮᠤᠭ ᠤᠨ ᠬᠦᠴᠦᠷᠬᠡᠭ ᠨᠠᠮ ᠤᠨ ᠡᠭᠦᠷ ᠢ | ᠪᠠᠶᠢᠭᠤᠯᠬᠤ ᠪᠠᠷ ᠬᠠᠷᠠᠯᠲᠠ ᠪᠣᠯᠭᠠᠵᠤ᠂ ᠭᠠᠳᠠᠭᠰᠢ ᠭᠠᠷᠬᠤ᠂ ᠤᠷᠢᠵᠤ ᠠᠪᠴᠢᠷᠠᠬᠤ ᠬᠡᠯᠪᠡᠷᠢ ᠪᠠᠷ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ | ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠦᠵᠡᠰᠬᠦᠯᠡᠩᠲᠦ ᠰᠠᠶᠢᠬᠠᠨ ᠪᠠ ᠲᠣᠰᠬᠤᠨ ᠤ ᠠᠷᠠᠳ ᠢ ᠪᠠᠶᠠᠵᠢᠭᠤᠯᠬᠤ ᠬᠠᠷᠠᠯᠲᠠ ᠶᠢ ᠪᠡᠶᠡᠯᠡᠭᠦᠯᠦᠨ᠎ᠡ︾ ᠭᠡᠵᠦ ᠢᠲᠡᠭᠡᠯ | ᠳᠦᠭᠦᠷᠡᠩ ᠬᠡᠯᠡᠪᠡ᠃ |