ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠥᠪᠥᠷ ᠮᠣᠩᠭᠤᠯ ᠤᠨ ᠬᠤᠶᠠᠳᠤᠭᠠᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ︽ᠡᠷᠬᠢᠨ ᠬᠠᠷᠠᠬᠤ︾ ᠠᠵᠢᠯ ᠢ ᠱᠠᠯᠠᠪᠳᠠᠭᠤᠯᠤᠨ ᠵᠢᠯᠣᠭᠤᠳᠬᠤ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/20

      ᡁᠢ ᠱᠣ᠋ ᠫᠢᠩ ᠶᠠᠷᠢᠶ᠎ᠠ ᠲᠠᠯᠪᠢᠵᠤ  ᠱᠢ ᠲᠠᠢ ᠹᠧᠩ ᠠᠵᠢᠯ ᠢᠶᠠᠨ ᠬᠠᠷᠢᠭᠤ ᠮᠡᠳᠡᠭᠦᠯᠦᠭᠰᠡᠨ ᠪᠥᠭᠡᠳ ᠣᠪᠣᠷ ᠢᠶᠠᠨ ᠢᠯᠡᠳᠭᠡᠬᠦ ᠶᠠᠷᠢᠶ᠎ᠠ ᠲᠠᠯᠪᠢᠵᠠᠢ

      12 ᠰᠠᠷ᠎ᠠ ᠶᠢᠨ 18 ᠤ ᠡᠳᠦᠷ᠂ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠥᠪᠥᠷ ᠮᠣᠩᠭᠤᠯ ᠤᠨ ᠬᠤᠶᠠᠳᠤᠭᠠᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ︽ᠡᠷᠬᠢᠨ ᠬᠠᠷᠠᠬᠤ︾ ᠠᠵᠢᠯ ᠢ ᠱᠠᠯᠠᠪᠳᠠᠭᠤᠯᠤᠨ ᠵᠢᠯᠣᠭᠤᠳᠬᠤ ᠬᠠᠷᠢᠭᠤ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠰᠠᠨᠠᠯ ᠳᠤᠷᠠᠳᠤᠯᠭ᠎ᠠ ᠶᠢᠨ ᠵᠥᠪᠯᠡᠯ ᠤᠨ ᠳᠡᠳ᠋ ᠡᠷᠬᠢᠯᠡᠭᠴᠢ ᡁᠢ ᠱᠣ᠋ ᠫᠢᠩ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠮᠦᠨ᠎ᠡ ᠠᠴᠠ ᠥᠪᠥᠷ ᠮᠣᠩᠭᠤᠯ ᠤᠨ ᠬᠤᠶᠠᠳᠤᠭᠠᠷ ᠪᠦᠯᠦᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ︽ᠡᠷᠬᠢᠨ ᠬᠠᠷᠠᠬᠤ︾ ᠪᠠ ᠬᠤᠤᠷ ᠨᠥᠯᠥᠭᠡ ᠶᠢ ᠠᠷᠢᠯᠭᠠᠬᠤ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠬᠦ ᠶᠢᠨ ᠬᠠᠮᠲᠤ ᠣᠪᠣᠷ ᠢᠶᠠᠨ ᠢᠯᠡᠳᠭᠡᠬᠦ ᠶᠠᠷᠢᠶ᠎ᠠ ᠲᠠᠯᠪᠢᠪᠠ᠃ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠦᠨᠳᠦᠰᠦᠲᠡᠨ ᠪᠠ ᠱᠠᠰᠢᠨ ᠰᠤᠷᠲᠠᠬᠤᠨ ᠤ ᠵᠥᠪᠯᠡᠯ ᠤᠨ ᠭᠡᠰᠢᠭᠦᠨ ᠹᠠᠨ ᠰᠢᠤᠢ ᠶᠢᠨ ᠣᠷᠣᠯᠴᠠᠪᠠ᠃

1.jpg

 

      ᡁᠢ ᠱᠣ᠋ ᠫᠢᠩ᠂ ᠥᠪᠡᠷᠲᠡᠭᠡᠨ ᠵᠠᠰᠠᠬᠤ ᠣᠷᠣᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠵᠤ ᠤᠳᠤᠷᠢᠳᠤᠭᠰᠠᠨ ᠨᠢ ᠬᠦᠴᠦᠲᠡᠶ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠵᠢᠴᠢ ᠠᠯᠪᠠᠨ ᠬᠡᠷ ᠬᠦᠷᠲᠡᠯ᠎ᠡ᠂ ᠳᠠᠬᠢᠭᠠᠳ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠢ ᠬᠦᠷᠲᠡᠯ᠎ᠡ᠂ ᠴᠥᠮ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢ ᠪᠠᠷᠢᠮᠳᠠᠯᠠᠵᠤ᠂ ᠪᠦᠬᠦᠶᠢᠯᠡ ︽ᠡᠷᠬᠢᠨ ᠬᠠᠷᠠᠬᠤ︾ ᠠᠵᠢᠯ ᠰᠢᠨᠵᠢᠯᠡᠬᠦ ᠤᠬᠠᠭᠠᠨᠴᠢ ᠪᠠᠷ ᠲᠥᠰᠦᠯ ᠲᠣᠭᠲᠠᠭᠠᠵᠤ᠂ ᠵᠦᠶᠯ ᠳᠠᠷᠠᠭᠠᠯᠠᠨ ᠨᠠᠷᠢᠯᠢᠬᠵᠢᠭᠤᠯᠤᠨ ᠪᠣᠳᠠᠲᠠᠶᠢᠵᠢᠭᠤᠯᠤᠭᠰᠠᠨ ᠠᠵᠢᠯ ᠤᠨ ᠠᠷᠭ᠎ᠠ ᠬᠡᠮᠵᠢᠶ᠎ᠡ ᠶᠢ ᠪᠡᠶᠡᠯᠡᠭᠦᠯᠪᠡ᠃ ︽ᠡᠷᠬᠢᠨ ᠬᠠᠷᠠᠬᠤ︾ ᠠᠵᠠ ᠲᠣᠬᠢᠶᠠᠯ ᠢ ᠠᠳᠬᠤᠵᠤ᠂ ᠥᠪᠡᠷᠲᠡᠭᠡᠨ ᠵᠠᠰᠠᠬᠤ ᠣᠷᠣᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ᠂ ᠬᠡᠷᠡᠭ ᠤᠨ ᠰᠦᠪᠡᠭᠴᠢ ᠶᠢ ᠲᠤᠶᠢᠯᠪᠤᠷᠢᠲᠠᠶ ᠪᠠᠶᠢᠴᠠᠭᠠᠬᠤ᠂ ᠠᠷᠬᠠᠭ ᠬᠡᠮ ᠢ ᠴᠡᠭᠴᠡᠯᠡᠨ ᠵᠠᠰᠠᠬᠤ᠂ ᠲᠦᠷᠢᠮ ᠲᠣᠭᠲᠠᠭᠠᠯ ᠲᠣᠭᠲᠠᠭᠠᠬᠤ ᠶᠢ ᠴᠢᠩᠭᠠᠳᠬᠠᠬᠤ ᠵᠡᠷᠭᠡ ᠣᠯᠠᠨ ᠲᠠᠯ᠎ᠠ ᠪᠠᠷ ᠦᠷᠭᠦᠯᠵᠢᠯᠡᠨ ᠳᠠᠷᠤᠯᠲᠠ ᠥᠭᠴᠦ ᠬᠦᠴᠦᠯᠡᠬᠦ ᠶᠢ ᠪᠠᠲᠤᠯᠠᠵᠤ᠂ ᠬᠥᠮᠦᠵᠢᠯ ᠴᠡᠭᠴᠡᠯᠡᠯᠲᠡ ᠶᠢᠨ ᠡᠯ᠎ᠡ ᠵᠦᠶᠯ ᠤᠨ ᠠᠵᠢᠯ ᠤᠨ ᠨᠠᠩ ᠢᠯᠡᠷᠬᠡᠶ ᠦᠷ᠎ᠡ ᠪᠦᠲᠦᠮᠵᠢ ᠤᠯᠬᠤ ᠶᠢ ᠠᠬᠢᠭᠤᠯᠪᠠ᠃ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠦᠨᠳᠦᠰᠦᠯᠡᠨ᠂ ᠤᠯᠤᠰ ᠲᠥᠷᠥ ᠶᠢᠨ ᠦᠨᠡᠨᠴᠢ ᠰᠢᠳᠤᠷᠭᠤ ᠪᠠᠶᠢᠬᠤ ᠬᠥᠮᠦᠵᠢᠯ ᠢ ︽ᠡᠷᠬᠢᠨ ᠬᠠᠷᠠᠬᠤ︾ ᠠᠵᠢᠯ ᠤᠨ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠦᠨᠡᠨᠴᠢ ᠰᠢᠳᠤᠷᠭᠤ ᠪᠠᠶᠢᠬᠤ ᠬᠥᠮᠦᠵᠢᠯ ᠢᠶᠠᠷ ︽ᠡᠷᠬᠢᠨ ᠬᠠᠷᠠᠬᠤ︾ ᠡᠯ᠎ᠡ ᠵᠦᠶᠯ ᠤᠨ ᠠᠵᠢᠯ ᠢ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠵᠤ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠤᠯᠤᠰ ᠲᠥᠷᠥ ᠶᠢᠨ ᠦᠨᠡᠨᠴᠢ ᠰᠢᠳᠤᠷᠭᠤ ᠪᠠᠶᠢᠬᠤ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠰᠢᠭᠦᠬᠦ ᠬᠤᠷᠢᠶ᠎ᠠ ᠶᠢᠨ ᠰᠢᠰᠲ᠋ᠧᠮ᠂ ᠪᠠᠶᠢᠴᠠᠭᠠᠬᠤ ᠬᠤᠷᠢᠶ᠎ᠠ ᠶᠢᠨ ᠰᠢᠰᠲ᠋ᠧᠮ᠂ ᠳᠣᠲᠣᠭᠠᠳᠤ ᠶᠢ ᠬᠠᠮᠠᠭᠠᠯᠠᠬᠤ ᠰᠢᠰᠲ᠋ᠧᠮ᠂ ᠬᠠᠤᠯᠢ ᠴᠠᠭᠠᠵᠠ ᠵᠠᠰᠠᠭ ᠵᠠᠬᠢᠷᠭᠠᠨ ᠤ ᠰᠢᠰᠲ᠋ᠧᠮ ᠵᠡᠷᠭᠡ ᠭᠤᠤᠯᠳᠠᠯᠭ᠎ᠠ ᠲᠠᠢ ᠨᠢᠭᠡᠴᠢ ᠶᠢᠨ ᠭᠤᠤᠯᠳᠠᠯᠭ᠎ᠠ ᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢᠯᠡᠳᠲᠡ ᠳᠠᠪᠰᠢᠯᠲᠠ ᠲᠠᠢ ᠪᠣᠯᠪᠠ ᠭᠡᠵᠦ ᠵᠢᠭᠠᠵᠤ ᠭᠠᠷᠭᠠᠪᠠ᠃

2.jpg


      ᡁᠢ ᠱᠣ᠋ ᠫᠢᠩ᠂ ᠠᠮᠵᠢᠯᠲᠠ ᠪᠠᠨ ᠣᠯᠵᠤ ᠬᠠᠷᠠᠬᠤ ᠶᠢᠨ ᠵᠡᠷᠭᠡ ᠪᠠᠷ ᠪᠠᠰᠠ ᠣᠷᠣᠰᠢᠵᠤ ᠪᠠᠶᠢᠭ᠎ᠠ ᠠᠰᠠᠭᠤᠳᠠᠯ ᠳᠤ ᠵᠥᠪ ᠢᠶᠠᠷ ᠬᠠᠨᠳᠤᠵᠤ᠂ ᠬᠤᠶᠢᠰᠢᠳᠠ ᠶᠢᠨ ᠨᠡᠩ ᠪᠡᠷᠬᠡ ᠬᠠᠲᠠᠭᠤᠵᠢᠯᠲᠠᠢ ᠡᠭᠦᠷᠭᠡ ᠶᠢ ᠣᠯᠵᠤ ᠬᠠᠷᠠᠬᠤ ᠬᠡᠷᠡᠭᠲᠡᠢ᠃ ᠦᠷᠭᠦᠯᠵᠢᠯᠡᠨ ᠬᠦᠴᠦᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠷᠢᠨ ᠢᠯᠠᠯᠲᠠ ᠤᠯᠬᠤ ᠪᠠᠷ ᠴᠢᠷᠮᠠᠶᠢᠬᠤ ᠬᠡᠷᠡᠭᠲᠡᠢ᠃ ᠬᠥᠮᠦᠵᠢᠯ ᠴᠡᠭᠴᠡᠯᠡᠯᠲᠡ ᠠᠴᠠ ᠨᠠᠭᠠᠰᠢ ᠢᠮᠠᠭᠲᠠ ᠠᠳᠬᠤᠬᠤ ᠬᠡᠷᠡᠭᠲᠡᠢ ᠭᠡᠵᠦ ᠴᠢᠬᠤᠯᠠᠴᠢᠯᠠᠭᠰᠠᠭᠠᠷ ᠢᠷᠡᠭᠰᠡᠨ ᠬᠡᠷᠡᠭ ᠢ ᠬᠠᠷᠭᠤᠭᠤᠯᠤᠨ ᠪᠠᠶᠢᠴᠠᠭᠠᠵᠤ ᠰᠢᠶᠳᠪᠦᠷᠢᠯᠡᠬᠦ᠂ ᠠᠷᠬᠠᠭ ᠬᠡᠮ ᠢ ᠴᠡᠭᠴᠡᠯᠡᠨ ᠵᠠᠰᠠᠬᠤ᠂ ᠲᠦᠷᠢᠮ ᠲᠣᠭᠲᠠᠴᠠ ᠶᠢᠨ ᠪᠠᠶᠢᠭᠤᠯᠤᠯᠲᠠ ᠢᠯᠠᠩᠭᠤᠶ᠎ᠠ ᠬᠤᠤᠷ ᠨᠥᠯᠥᠭᠡ ᠶᠢ ᠠᠷᠢᠯᠭᠠᠬᠤ ᠵᠡᠷᠭᠡ ᠪᠣᠳᠠᠲᠠᠶ ᠠᠵᠢᠯ ᠢ ᠴᠢᠨᠠᠷ ᠢ ᠪᠠᠲᠤᠯᠠᠨ ᠲᠤᠭ᠎ᠠ ᠶᠣᠰᠣᠭᠠᠷ ᠨᠢ ᠪᠡᠶᠡᠯᠡᠭᠦᠯᠵᠦ᠂ ᠣᠳᠣᠬᠠᠨ ᠳᠤ ᠪᠡᠶᠡᠯᠡᠭᠦᠯᠵᠦ ᠳᠡᠶᠢᠯᠬᠦ ᠥᠬᠡᠶ ᠪᠣᠯ ᠨᠠᠷᠢᠨ ᠲᠠᠩᠰᠠ ᠭᠠᠷᠭᠠᠵᠤ᠂ ᠴᠠᠭ ᠤᠨ ᠬᠢᠵᠠᠭᠠᠷ ᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃

      ᡁᠢ ᠱᠣ᠋ ᠫᠢᠩ᠂ ᠡᠮᠦᠨᠡᠬᠢ ᠬᠤᠭᠤᠴᠠᠭᠠᠨ ᠤ ᠬᠥᠮᠦᠵᠢᠯ ᠴᠡᠭᠴᠡᠯᠡᠯᠲᠡ ᠪᠠᠷ ᠲᠠᠮᠵᠢᠨ ᠪᠦᠷᠢᠯᠳᠦᠭᠰᠡᠨ ᠤᠨᠤᠯ ᠤᠨ ᠦᠷ᠎ᠡ ᠪᠦᠲᠦᠭᠡᠯ᠂ ᠦᠢᠯᠡᠳᠦᠯᠭᠡ ᠶᠢᠨ ᠦᠷ᠎ᠡ ᠪᠦᠲᠦᠭᠡᠯ᠂ ᠲᠦᠷᠢᠮ ᠤᠨ ᠦᠷ᠎ᠡ ᠪᠦᠲᠦᠭᠡᠯ ᠢ ᠳ᠋ᠦᠩᠨᠡᠨ ᠪᠠᠲᠤᠳᠬᠠᠬᠤ ᠶᠢᠨ ᠬᠠᠮᠲᠤ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠵᠤ᠂ ᠢᠳᠡᠪᠬᠢᠲᠡᠢ ᠪᠠᠷ ᠰᠤᠳᠤᠯᠤᠭᠤᠰᠢᠳᠠᠢ ᠰᠡᠳᠦᠪ ᠢ ᠰᠢᠢᠳᠪᠦᠷᠢᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠶᠢᠷᠡᠭᠦᠯᠬᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠰᠢᠨ᠎ᠡ ᠠᠷᠭ᠎ᠠ ᠬᠡᠮᠵᠢᠶ᠎ᠡ ᠠᠪᠬᠤ ᠬᠡᠷᠡᠭᠲᠡᠢ᠃ ᠨᠢᠭᠡ ᠳᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠲᠦᠷᠢᠮ ᠢ ᠬᠦᠴᠦᠯᠡᠨ ᠪᠦᠷᠢᠨᠰᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠤᠤᠯᠳᠠᠯᠭ᠎ᠠ ᠲᠠᠢ ᠰᠠᠶᠢᠲᠤᠷ ᠰᠤᠷᠤᠯᠴᠠᠵᠤ᠂ ᠠᠮᠢᠳᠤᠯᠢᠭ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠤᠯᠤᠰ ᠲᠥᠷᠥ ᠶᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠂ ᠪᠠᠭᠠᠲᠤᠷ ᠵᠢᠱᠢᠶᠡᠴᠢ ᠠᠴᠠ ᠰᠤᠷᠤᠯᠴᠠᠬᠤ ᠬᠥᠮᠦᠵᠢᠯ ᠢ ᠭᠦᠨᠵᠡᠭᠡᠶᠢᠷᠡᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠤᠯᠠᠨ ᠢ ᠲᠦᠢᠪᠡᠭᠡᠭᠴᠢ ᠶᠢᠨ ᠬᠤᠤᠷ ᠨᠥᠯᠥᠭᠡ ᠶᠢ ᠡᠷᠡᠰ ᠠᠷᠢᠯᠭᠠᠵᠤ᠂ ᠤᠯᠤᠰ ᠲᠥᠷᠥ ᠶᠢᠨ ᠳᠠᠯᠳᠠ ᠬᠡᠮ ᠢ ᠪᠥᠬᠦ ᠲᠠᠯ᠎ᠠ ᠪᠠᠷ ᠲᠤᠶᠢᠯᠪᠤᠷᠢᠲᠠᠶ ᠠᠷᠢᠯᠭᠠᠬᠤ ᠬᠡᠷᠡᠭᠲᠡᠶ᠃ ᠬᠤᠶᠠᠷ ᠲᠤ᠂ ᠲᠤᠰᠬᠠᠢ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠤᠪᠢᠰᠬᠠᠯᠵᠢᠬᠤ᠂ ᠵᠢᠩᠬᠢᠨᠢᠴᠢᠯᠡᠬᠦ᠂ ᠲᠤᠰᠬᠠᠶᠢᠵᠢᠬᠤ᠂ ᠮᠡᠷᠭᠡᠵᠢᠬᠦ ᠶᠢ ᠭᠦᠨᠵᠡᠭᠡᠢ ᠠᠬᠢᠭᠤᠯᠵᠤ᠂ ᠴᠢᠳᠠᠪᠤᠷᠢᠲᠠᠨ ᠢᠶᠠᠷ ᠴᠠᠭᠳᠠᠭ᠎ᠠ ᠶᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠠᠭᠳᠠᠭ᠎ᠠ ᠶᠢ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠳ᠋ᠠᠶᠢᠲ᠋ᠠ ᠶᠢᠨ ᠬᠡᠯᠪᠡᠷᠢ ᠶᠢᠨ᠂ ᠣᠶᠤᠨᠴᠢ ᠬᠡᠯᠪᠡᠷᠢ ᠶᠢᠨ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠤᠶᠤᠨᠴᠢᠯᠠᠬᠰᠠᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠰᠠᠬᠢᠯᠭ᠎ᠠ ᠪᠠᠲᠤ ᠣᠪᠣᠷ ᠰᠤᠷᠲᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠢᠵᠠᠭᠠᠷᠯᠠᠯ ᠬᠢᠨᠠᠯᠲᠠ ᠶᠢᠨ ᠰᠢᠰᠲ᠋ᠧᠮ ᠢ ᠭᠦᠨᠵᠡᠭᠡᠶᠢᠷᠡᠭᠦᠯᠦᠨ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠠᠷᠬᠠᠭ ᠭᠡᠮ ᠢ ᠪᠠᠶᠢᠩᠭᠤᠵᠢᠭᠤᠯᠤᠨ ᠵᠢᠭᠰᠠᠭᠠᠨ ᠪᠠᠶᠢᠴᠠᠭᠠᠨ ᠴᠡᠭᠴᠡᠯᠡᠨ ᠵᠠᠰᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠂ ᠠᠭᠤᠴᠢᠯᠠᠬᠤ ᠪᠠ ᠴᠢᠩᠭ᠎ᠠ ᠰᠢᠳᠭᠡᠬᠦ ᠶᠢ ᠬᠤᠣᠰᠯᠠᠭᠤᠯᠬᠤ ᠲᠦᠷᠦ ᠶᠢᠨ ᠪᠤᠳᠤᠯᠭ᠎ᠠ ᠶᠢ ᠴᠢᠳᠠᠮᠠᠭᠠᠢ ᠬᠡᠷᠡᠭᠯᠡᠵᠦ᠂ ᠺᠠᠳ᠋ᠷ ᠴᠠᠭᠳᠠᠭ᠎ᠠ ᠶᠢᠨ ᠵᠣᠷᠢᠭᠲᠠᠢ ᠪᠠᠷ ᠠᠰᠠᠭᠤᠳᠠᠯ ᠳᠤ ᠰᠢᠭᠤᠳ ᠬᠠᠨᠳᠤᠨ᠂ ᠵᠣᠷᠢᠭᠲᠠᠢ ᠪᠠᠷ ᠠᠯᠳᠠᠭ᠎ᠠ ᠪᠤᠷᠤᠭᠤ ᠪᠠᠨ ᠵᠠᠯᠠᠷᠠᠭᠤᠯᠬᠤ ᠶᠢ ᠬᠦᠳᠦᠯᠦᠨ ᠵᠢᠯᠣᠭᠤᠳᠴᠤ᠂ ᠥᠷᠭᠡᠨ ᠤᠯᠠᠨ ᠺᠠᠳ᠋ᠷ ᠴᠠᠭᠳᠠᠭ᠎ᠠ ᠶᠢᠨ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃

3.jpg


      ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠮᠦᠨ᠎ᠡ ᠠᠴᠠ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠥᠪᠥᠷ ᠮᠣᠩᠭᠤᠯ ᠤᠨ ᠬᠤᠶᠠᠳᠤᠭᠠᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠱᠠᠯᠠᠪᠳᠠᠭᠤᠯᠤᠨ ᠵᠢᠯᠣᠭᠤᠳᠬᠤ ᠬᠤᠭᠤᠴᠠᠭᠠᠨ ᠳᠤ᠂ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ ᠨᠢᠮᠪᠠᠢ ᠪᠠᠷ ᠠᠰᠠᠭᠤᠳᠠᠯ ᠢ ᠡᠷᠢᠨ ᠤᠨᠤᠰᠢᠯᠠᠵᠤ᠂ ᠶᠡᠭᠡ ᠬᠡᠮᠵᠢᠶᠡᠨ ᠤ ᠠᠵᠢᠯ ᠬᠢᠵᠦ᠂ ᠮᠠᠨ ᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠭᠦᠨᠵᠡᠭᠡᠶᠢᠷᠡᠨ ᠥᠷᠨᠢᠬᠦ ᠶᠢ ᠬᠦᠴᠦᠲᠡᠢ ᠠᠬᠢᠭᠤᠯᠪᠠ ᠭᠡᠵᠡᠢ᠃

      ᠱᠢ ᠲᠠᠢ ᠹᠧᠩ᠂ ᠪᠢᠳᠡ ᠰᠠᠨᠠᠭᠠᠴᠢᠯᠠᠭ᠎ᠠ ᠠᠴᠠ ᠪᠠᠨ ᠱᠠᠯᠠᠪᠳᠠᠭᠤᠯᠤᠨ ᠵᠢᠯᠣᠭᠤᠳᠬᠤ ᠶᠢ ᠬᠦᠯᠢᠶᠡᠵᠦ᠂ ᠱᠠᠯᠠᠪᠳᠠᠭᠤᠯᠤᠨ ᠵᠢᠯᠣᠭᠤᠳᠬᠤ ᠳᠤ ᠡᠷᠡᠰ ᠬᠠᠮᠵᠢᠯᠴᠠᠵᠤ᠂ ᠱᠠᠯᠠᠪᠳᠠᠭᠤᠯᠤᠨ ᠵᠢᠯᠣᠭᠤᠳᠬᠤ ᠶᠢ ᠬᠦᠯᠢᠶᠡᠬᠦ ᠶᠠᠪᠤᠴᠠ ᠶᠢ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠠᠪᠤᠴᠠ ᠪᠣᠯᠭᠠᠨ ᠬᠤᠪᠢᠷᠠᠭᠤᠯᠵᠤ᠂ ᠬᠥᠮᠦᠵᠢᠯ ᠴᠡᠭᠴᠡᠯᠡᠯᠲᠡ ᠶᠢᠨ ᠡᠯ᠎ᠡ ᠵᠦᠶᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ᠂ ᠳᠤᠷᠠᠳᠤᠭᠰᠠᠨ ᠰᠠᠨᠠᠯ ᠳᠤ᠂ ᠪᠢᠳᠡ ᠯᠠᠪᠲᠠᠢ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠶᠠᠪᠤᠳᠠᠯ ᠪᠣᠯᠭᠠᠨ ᠳᠤ ᠬᠠᠷᠢᠭᠤᠯᠲᠠ ᠲᠠᠢ᠂ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠤᠯᠲᠠ ᠲᠠᠢ ᠪᠠᠶᠢᠬᠤ ᠶᠢ ᠪᠠᠲᠤᠯᠠᠨ᠎ᠠ᠃ ᠪᠢᠳᠡ ᠣᠷᠭᠠᠨᠢᠭ ᠢᠶᠠᠷ ᠵᠣᠯᠭᠠᠭᠤᠯᠬᠤ ᠶᠢ ᠰᠠᠶᠢᠲᠤᠷ ᠬᠢᠬᠦ ᠶᠢ ᠴᠢᠬᠤᠯᠠᠴᠢᠯᠠᠵᠤ᠂ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ︽ᠡᠷᠬᠢᠨ ᠬᠠᠷᠠᠬᠤ︾ ᠬᠤᠭᠤᠴᠠᠭᠠᠨ ᠳᠤ ᠬᠠᠷᠢᠭᠤ ᠲᠤᠰᠬᠠᠭᠰᠠᠨ ᠠᠰᠠᠭᠤᠳᠠᠯ ᠬᠢᠭᠡᠳ ᠱᠠᠯᠠᠪᠳᠠᠭᠤᠯᠤᠨ ᠵᠢᠯᠣᠭᠤᠳᠴᠤ ᠬᠠᠷᠢᠭᠤ ᠲᠤᠰᠬᠠᠭᠰᠠᠨ ᠠᠰᠠᠭᠤᠳᠠᠯ᠂ ᠦᠨᠡᠯᠡᠨ ᠵᠢᠱᠢᠵᠦ ᠰᠢᠯᠭᠠᠨ ᠠᠪᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠵᠤ᠂ ᠨᠢᠭᠡ ᠴᠤᠬᠴᠠᠵᠢᠭᠤᠯᠤᠨ ᠠᠬᠢᠭᠤᠯᠵᠤ᠂ ᠨᠢᠭᠡ ᠴᠤᠬᠴᠠᠵᠢᠭᠤᠯᠤᠨ ᠨᠠᠶᠢᠳᠠᠪᠤᠷᠢᠵᠢᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠨ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠤ᠂ ᠠᠯᠳᠠᠭᠳᠠᠯ ᠢᠶᠠᠨ ᠬᠤᠷᠢᠭᠯᠠᠬᠤ ᠶᠢ ᠲᠦᠷᠭᠡᠳᠭᠡᠵᠦ᠂ ᠴᠡᠭᠴᠡᠯᠡᠨ ᠰᠠᠶᠢᠵᠢᠷᠠᠭᠤᠯᠬᠤ ᠲᠥᠪᠯᠡᠷᠡᠩᠭᠦᠢ ᠦᠢᠯᠡᠳᠦᠯ ᠢ ᠬᠦᠴᠦᠯᠡᠨ ᠪᠦᠷᠢᠯᠳᠦᠭᠦᠯᠵᠦ ᠶᠡᠬᠡᠰᠭᠡᠨ᠎ᠡ᠃ ᠪᠢᠳᠡ ᠯᠠᠪᠲᠠᠢ ᠬᠥᠮᠦᠵᠢᠯ ᠴᠡᠭᠴᠡᠯᠡᠯᠲᠡ ᠪᠠ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠥᠷᠨᠢᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠮᠵᠢ ᠶᠢ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠪᠣᠳᠠᠲᠠᠶ ᠠᠵᠢᠯᠯᠠᠭ᠎ᠠ ᠳᠡᠭᠡᠷ᠎ᠡ ᠢᠯᠡᠷᠡᠭᠦᠯᠵᠦ᠂ ᠮᠠᠨ ᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠶᠠᠰᠤ ᠴᠢᠨᠠᠷ ᠪᠠ ᠲᠦᠪᠰᠢᠨ ᠢ ᠲᠠᠰᠤᠷᠠᠯᠲᠠ ᠥᠬᠡᠶ ᠲᠡᠭᠡᠭᠰᠢᠯᠡᠭᠦᠯᠦᠨ᠎ᠡ ᠭᠡᠵᠦ ᠢᠯᠡᠳᠭᠡᠪᠡ᠃

      ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠦ ᠱᠤᠸᠠᠩ᠂ ᠶᠠᠩ ᠸᠧᠶ ᠳ᠋ᠦᠩ᠂ ᠳ᠋ᠢᠩ ᠰᠢᠤ ᠹᠧᠩ ᠪᠣᠯᠤᠨ ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ ᠶᠢᠨ ᠳᠠᠷᠤᠭ᠎ᠠ᠂ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ