ᠬᠠᠲᠤᠨ ᠭᠤᠤᠯ ᠤᠨ ᠪᠠᠶᠠᠨᠨᠠᠭᠤᠷ ᠤᠨ ᠬᠡᠰᠡᠭ ᠡᠬᠢᠯᠡᠵᠦ ᠬᠥᠯᠳᠡᠪᠡ
ᠨᠡᠶᠢᠲᠡᠯᠡᠭᠰᠡᠨ ᠴᠠᠭ᠄
2021/12/20
      ᠰᠤᠷᠪᠤᠯᠵᠢᠯᠠᠭᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠠᠭᠠᠷ ᠤᠨ ᠳᠤᠯᠠᠭᠠᠨ ᠤ ᠰᠢᠷᠦᠭᠦᠨ ᠪᠠᠭᠤᠷᠠᠯᠲᠠ ᠶᠢᠨ ᠨᠥᠯᠥᠭᠡ ᠪᠠᠷ᠂ 12 ᠳ᠋ᠤᠭᠠᠷ ᠰᠠᠷ᠎ᠠ ᠶᠢᠨ 17 ᠤ ᠡᠳᠦᠷ ᠤᠨ 17 ᠴᠠᠭ ᠲᠤ᠂ ᠬᠠᠲᠤᠨ ᠭᠤᠤᠯ ᠤᠨ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠰᠠᠨ ᠬᠤ᠋ ᠭᠤᠤᠯ ᠤᠨ ᠠᠳᠠᠭ ᠤᠨ ᠬᠡᠰᠡᠭ ᠠᠩᠬ᠎ᠠ ᠤᠳᠠᠭ᠎ᠠ ᠬᠥᠯᠳᠡᠪᠡ᠃      ᠠᠩᠬᠠᠨ ᠤ ᠬᠥᠯᠳᠡᠭᠰᠡᠨ ᠬᠡᠰᠡᠭ ᠤᠨ ᠳᠡᠭᠡᠳᠦ ᠤᠷᠤᠰᠬᠠᠯ ᠤᠨ ᠬᠥᠯᠳᠡᠭᠰᠡᠨ ᠭᠤᠣᠯ ᠤᠨ ᠵᠠᠭᠠᠭ ᠭᠠᠳᠠᠷᠭᠤ ᠨᠢ ᠳᠠᠯᠠᠩ ᠤᠨ ᠱᠣᠩ ᠤᠨ ᠨᠣᠮᠧᠷ 208 ᠺᠢᠯᠣᠮᠧᠲᠷ ᠲᠤ ᠪᠠᠶᠢᠵᠤ᠂ ᠰᠠᠨ ᠬᠤ᠋ ᠲᠣᠰᠬᠤᠨ ᠤ ᠵᠤᠤ ᠬᠦᠢ ᠳᠤᠭᠤᠶᠢᠯᠠᠩ ᠳᠤ ᠪᠠᠭᠲᠠᠵᠤ᠂ ᠳᠤᠤᠷᠠᠳᠤ ᠤᠷᠤᠰᠬᠠᠯ ᠤᠨ ᠬᠥᠯᠳᠡᠭᠰᠡᠨ ᠭᠤᠣᠯ ᠤᠨ ᠵᠠᠭᠠᠭ ᠭᠠᠳᠠᠷᠭᠤ ᠨᠢ ᠳᠠᠯᠠᠩ ᠤᠨ ᠱᠣᠩ ᠤᠨ ᠨᠣᠮᠧᠷ 213 ᠺᠢᠯᠣᠮᠧᠲᠷ ᠲᠤ ᠪᠠᠶᠢᠵᠤ᠂ ᠰᠠᠨ ᠬᠤ᠋ ᠲᠣᠰᠬᠤᠨ ᠤ ᠨᠢᠭᠡᠳᠦᠭᠡᠷ ᠳᠤᠭᠤᠶᠢᠯᠠᠩ ᠳᠤ ᠪᠠᠭᠲᠠᠵᠤ᠂ ᠬᠥᠯᠳᠡᠭᠰᠡᠨ ᠭᠤᠣᠯ ᠤᠨ ᠤᠷᠳᠤ ᠨᠢ 5 ᠺᠢᠯᠣᠮᠧᠲᠷ ᠪᠣᠯᠤᠨ᠎ᠠ᠃ ᠰᠠᠨ ᠬᠤ᠋ ᠭᠤᠤᠯ ᠤᠨ ᠠᠳᠠᠭ ᠤᠨ ᠤᠰᠤᠨ ᠲᠦᠪᠰᠢᠨ 1017.14 ᠮᠧᠲᠷ᠂ ᠤᠷᠤᠰᠬᠠᠯ ᠤᠨ ᠬᠡᠮᠵᠢᠶ᠎ᠡ ᠨᠢ 817 m3/s ᠲᠤ ᠬᠦᠷᠴᠦ᠂ ᠬᠥᠯᠳᠡᠭᠰᠡᠨ ᠭᠤᠤᠯ ᠤᠨ ᠤᠰᠤᠨ ᠤ ᠪᠠᠶᠢᠳᠠᠯ ᠲᠣᠭᠲᠠᠭᠤᠨ ᠪᠠᠶᠢᠵᠤ᠂ ᠲᠦᠷ ᠠᠶᠤᠯ ᠲᠦᠭᠰᠢᠭᠦᠷᠢ ᠡᠭᠦᠰᠦᠭᠰᠡᠨ ᠥᠬᠡᠶ᠃      ᠡᠨᠡ ᠵᠢᠯ ᠤᠨ ᠠᠩᠬᠠᠨ ᠤ ᠬᠥᠯᠳᠡᠭᠰᠡᠨ ᠬᠤᠭᠤᠴᠠᠭ᠎ᠠ ᠨᠢ ᠨᠢᠳᠤᠨᠤᠨ ᠤ ᠬᠢ ᠠᠴᠠ 8 ᠡᠳᠦᠷ ︵ᠨᠢᠳᠤᠨᠤᠨ ᠤ ᠭᠤᠤᠯ ᠬᠥᠯᠳᠡᠭᠰᠡᠨ ᠴᠠᠭ ᠨᠢ 12 ᠳ᠋ᠤᠭᠠᠷ ᠰᠠᠷ᠎ᠠ ᠶᠢᠨ 9 ᠤ ᠡᠳᠦᠷ︶ ᠬᠤᠶᠢᠰᠢᠯᠠᠵᠤ᠂ ᠡᠩ ᠤᠨ ᠵᠢᠯ ᠤᠨ ᠬᠢ ᠠᠴᠠ ᠳᠤᠮᠳᠠᠴᠢ ᠪᠠᠷ 10 ᠡᠳᠦᠷ ︵ᠡᠩ ᠤᠨ ᠵᠢᠯ ᠳᠤ ᠳᠤᠮᠳᠠᠴᠢ ᠪᠠᠷ 12 ᠳ᠋ᠤᠭᠠᠷ ᠰᠠᠷ᠎ᠠ ᠶᠢᠨ 7 ᠤ ᠡᠳᠦᠷ︶ ᠬᠤᠰᠢᠯᠠᠪᠠ᠃ ᠣᠳᠣᠬᠠᠨ ᠤ ᠬᠥᠯᠳᠡᠭᠰᠡᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠪᠠᠶᠢᠳᠠᠯ ᠳᠤ ᠴᠢᠭᠯᠡᠭᠦᠯᠦᠨ᠂ ᠭᠤᠤᠯ ᠳᠠᠭᠠᠤ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠰᠥᠩ ᠬᠠᠯᠢᠶ᠎ᠠ ᠶᠢ ᠰᠡᠷᠭᠡᠶᠢᠯᠡᠬᠦ ᠡᠯ᠎ᠡ ᠵᠦᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠰᠢᠭ ᠥᠬᠡᠶ ᠡᠯᠧᠮᠧᠨ᠋ᠲ ᠢ ᠭᠦᠢᠴᠡᠳ ᠪᠣᠳᠣᠯᠬᠢᠯᠠᠨ᠂ ᠰᠥᠩ ᠬᠠᠯᠢᠶ᠎ᠠ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ︔ ᠬᠠᠲᠤᠨ ᠭᠤᠤᠯ ᠤᠨ ᠰᠥᠩ ᠬᠠᠯᠢᠶ᠎ᠠ ᠶᠢᠨ ᠪᠠᠶᠢᠳᠠᠯ ᠢ ᠠᠵᠢᠭᠯᠠᠨ ᠰᠢᠨᠵᠢᠯᠡᠬᠦ ᠶᠢ ᠦᠷᠭᠦᠯᠵᠢᠯᠡᠨ ᠴᠢᠩᠭᠠᠳᠬᠠᠵᠤ᠂ ᠰᠥᠩ ᠬᠠᠯᠢᠶ᠎ᠠ ᠶᠢ ᠰᠡᠷᠭᠡᠶᠢᠯᠡᠬᠦ ᠭᠤᠤᠯᠳᠠᠯᠭ᠎ᠠ ᠲᠠᠢ ᠬᠡᠰᠡᠭ ᠢ ᠲᠠᠰᠤᠷᠠᠯᠲᠠ ᠥᠬᠡᠶ ᠲᠣᠭᠤᠷᠢᠨ ᠪᠠᠶᠢᠴᠠᠭᠠᠵᠤ᠂ ᠴᠠᠭ ᠲᠤᠬᠠᠶ ᠳᠤ ᠨᠢ ᠡᠵᠡᠮᠰᠢᠨ᠂ ᠤᠰᠤ᠂ ᠮᠥᠰᠥ ᠪᠠ ᠰᠥᠩ ᠬᠠᠯᠢᠶ᠎ᠠ ᠶᠢᠨ ᠪᠠᠶᠢᠳᠠᠯ᠂ ᠠᠵᠢᠯ ᠤᠨ ᠬᠥᠳᠡᠯᠦᠩᠭᠦᠢ ᠪᠠᠶᠢᠳᠠᠯ ᠢ ᠴᠠᠭ ᠲᠤᠬᠠᠶ ᠳᠤ ᠨᠢ ᠮᠡᠳᠡᠭᠦᠯᠦᠨ ᠬᠦᠷᠭᠡᠵᠦ᠂ ᠰᠥᠩ ᠬᠠᠯᠢᠶ᠎ᠠ ᠶᠢ ᠰᠡᠷᠭᠡᠶᠢᠯᠡᠬᠦ ᠶᠢ ᠵᠢᠯᠣᠭᠤᠳᠤᠨ ᠲᠣᠬᠢᠷᠠᠭᠤᠯᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠤᠯᠭᠠᠭᠤᠷᠢᠯᠠᠯ ᠬᠠᠩᠭᠠᠵᠤ᠂ ᠬᠥᠯᠳᠡᠭᠰᠡᠨ ᠭᠤᠣᠯ ᠤᠨ ᠰᠥᠩ ᠬᠠᠯᠢᠶ᠎ᠠ ᠶᠢ ᠠᠮᠤᠷ ᠲᠦᠪᠰᠢᠨ ᠢᠶᠠᠷ ᠥᠩᠭᠡᠷᠡᠭᠡᠬᠦ ᠶᠢ ᠦᠨᠡᠨ ᠬᠦ ᠪᠠᠲᠤᠯᠠᠵᠤ ᠪᠤᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ