ᠯᠢᠶᠠᠩᠴᠧᠩ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠬᠢᠨ ᠵᠤᠯ ᠵᠢᠷᠭᠠᠯᠲᠦ ᠬᠦᠷᠢᠶᠡᠯᠡᠩ ᠤᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2021/12/20
      ᠯᠢᠶᠠᠩᠴᠧᠩ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠨ᠂ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ︽ᠪᠢ ᠲᠠᠨ ᠢ ᠬᠠᠪᠰᠤᠷᠬᠤ︾ ᠰᠠᠶᠢᠨ ᠳᠤᠷ᠎ᠠ ᠶᠢᠨ ᠦᠢᠯᠡᠴᠢᠯᠡᠭᠡ ᠶᠢ ᠵᠤᠯ ᠵᠢᠷᠭᠠᠯᠲᠦ ᠬᠦᠷᠢᠶᠡᠯᠡᠩ ᠤᠨ ᠨᠠᠰᠤᠲᠠᠶᠢᠴᠤᠳ ᠲᠤ ᠦᠢᠯᠡᠴᠢᠯᠡᠬᠦ ᠲᠠᠢ ᠤᠶᠠᠯᠳᠤᠭᠤᠯᠵᠤ᠂ ᠦᠨ᠎ᠡ ᠲᠥᠯᠥᠪᠦᠷᠢ ᠥᠬᠡᠶ ᠪᠠᠷ ᠣᠷᠣᠯᠠᠨ ᠬᠤᠳᠠᠯᠳᠤᠨ ᠠᠪᠴᠤ ᠬᠡᠷ ᠲᠤ ᠨᠢ ᠬᠦᠷᠭᠡᠬᠦ ᠦᠢᠯᠡᠴᠢᠯᠡᠭᠡ ᠶᠢ ᠢᠳᠡᠪᠬᠢᠲᠡᠶ ᠦᠷᠨᠢᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠰᠢᠶᠠᠨ ᠤ ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ᠂ ᠡᠮ ᠤᠨ ᠳᠡᠯᠭᠡᠭᠦᠷ᠂ ᠠᠮᠤ ᠲᠣᠰᠣ ᠢᠳᠡᠭᠡᠨ ᠤ ᠳᠡᠯᠭᠡᠭᠦᠷ ᠯᠦᠭᠡ ᠵᠠᠬ᠎ᠠ ᠳᠡᠯᠭᠡᠭᠦᠷ ᠤᠨ ᠦᠨ᠎ᠡ ᠠᠴᠠ 5 — 10% ᠠᠴᠠ ᠳᠣᠤᠷ᠎ᠠ ᠪᠠᠷᠠᠭ᠎ᠠ ᠬᠠᠩᠭᠠᠬᠤ ᠭᠡᠷ᠎ᠡ ᠲᠣᠭᠲᠠᠵᠤ᠂ ᠵᠤᠯ ᠵᠢᠷᠭᠠᠯᠲᠦ ᠬᠦᠷᠢᠶᠡᠯᠡᠩ ᠤᠨ ᠨᠠᠰᠤᠲᠠᠶᠢᠴᠤᠳ ᠭᠠᠷᠠᠭ ᠤᠨ ᠨᠢᠭᠡᠨ᠂ ᠭᠠᠷᠠᠭ ᠤᠨ ᠬᠤᠶᠠᠷ ᠤᠨ ᠡᠳᠦᠷ ᠵᠠᠬᠢᠶᠠᠯᠠᠭ᠎ᠠ ᠬᠢᠪᠡᠯ᠂ ᠰᠠᠶᠢᠨ ᠳᠤᠷᠠᠴᠤᠳ ᠵᠠᠬᠢᠶᠠᠯᠠᠭ᠎ᠠ ᠭᠥᠯᠢᠶᠡᠨ ᠠᠪᠤᠭᠰᠠᠨ ᠤ ᠳᠠᠷᠠᠭ᠎ᠠ ᠭᠠᠷᠠᠭ ᠤᠨ ᠭᠤᠷᠪᠠᠨ᠂ ᠭᠠᠷᠠᠭ ᠤᠨ ᠳᠥᠷᠪᠡᠨ ᠳᠤ ᠬᠤᠳᠠᠯᠳᠤᠨ ᠠᠪᠴᠤ᠂ ᠭᠠᠷᠠᠭ ᠤᠨ ᠲᠠᠪᠤᠨ ᠳᠤ ᠨᠢᠭᠡᠳᠦᠯᠲᠡᠶ ᠪᠠᠷᠠᠭ᠎ᠠ ᠬᠦᠷᠭᠡᠨ᠎ᠡ᠃ ᠣᠳᠣᠬᠠᠨ ᠳᠤ᠂ ᠨᠢᠭᠡᠨᠲᠡ 2000 ᠭᠠᠷᠤᠶ ᠬᠤᠪᠢ ᠵᠠᠬᠢᠶᠠᠯᠠᠭ᠎ᠠ ᠭᠥᠯᠢᠶᠡᠨ ᠠᠪᠴᠤ᠂ 10000 ᠭᠠᠷᠤᠶ ᠵᠦᠢᠯ ᠤᠨ ᠡᠳ᠋ ᠪᠣᠳᠠᠰ ᠢ ᠣᠷᠣᠯᠠᠨ ᠬᠤᠳᠠᠯᠳᠤᠨ ᠠᠪᠴᠤ ᠵᠤᠯ ᠵᠢᠷᠭᠠᠯᠲᠦ ᠬᠦᠷᠢᠶᠡᠯᠡᠩ ᠤᠨ ᠨᠠᠰᠤᠲᠠᠶᠢᠴᠤᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ