12 ᠰᠠᠷ᠎ᠠ ᠶᠢᠨ 21 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ︽ᠨᠠᠰᠤᠲᠠᠶᠢᠴᠤᠳ ᠪᠠ ᠨᠢᠯᠬᠠᠰ︾ ᠤᠨ ᠬᠥᠮᠦᠨ ᠠᠮᠠ ᠶᠢᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠸᠠᠩ ᠯᠢ ᠰᠢᠶᠠ᠂ ︽ᠨᠠᠰᠤᠲᠠᠶᠢᠴᠤᠳ ᠪᠠ ᠨᠢᠯᠬᠠᠰ︾ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠪᠣᠯ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ | ᠠᠷᠠᠳ ᠤᠨ ᠠᠮᠢᠳᠤᠷᠠᠯ ᠤᠨ ᠲᠤᠮᠤ ᠶᠠᠪᠤᠳᠠᠯ ᠮᠥᠨ᠂ ᠥᠷᠭᠡᠨ ᠤᠯᠠᠨ ᠠᠷᠠᠳ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠠᠷᠠᠳ ᠤᠯᠠᠨ ᠤ | ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ | ᠢᠮᠠᠭᠲᠠ ᠬᠥᠮᠦᠨ ᠠᠮᠠ ᠶᠢᠨ ᠨᠠᠰᠤᠵᠢᠯ ᠤᠨ ᠠᠬᠢᠴᠠ ᠲᠠᠢ ᠵᠣᠬᠢᠴᠠᠭᠤᠯᠬᠤ ᠶᠢ ᠪᠠᠲᠤᠯᠠᠬᠤ ᠳᠤ ᠴᠢᠬᠤᠯᠠ ᠶᠡᠭᠡ ᠪᠥᠭᠡᠳ ᠠᠯᠤᠰ ᠬᠡᠳᠤ ᠶᠢᠨ ᠠᠴᠢ ᠬᠤᠯᠪᠣᠭᠳᠠᠯ ᠲᠠᠢ | ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠦᠢᠯᠡᠴᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ︽ᠨᠠᠰᠤᠲᠠᠶᠢᠴᠤᠳ ᠪᠠ ᠨᠢᠯᠬᠠᠰ︾ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠭᠢᠯᠭᠡ᠂ ᠲᠡᠤᠬᠡᠨ ᠡᠭᠦᠷᠭᠡᠲᠦ ᠰᠡᠳᠬᠢᠯᠭᠡ᠂ ᠲᠤᠯᠭᠠᠮ | ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠤᠯᠤᠰ ᠲᠦᠷᠦ ᠶᠢᠨ ᠲᠠᠯ᠎ᠠ ᠠᠴᠠ ᠦᠵᠡᠬᠦ ᠶᠢ ᠪᠠᠷᠢᠮᠲᠠᠯᠠᠵᠤ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠲᠠᠯ᠎ᠠ ᠠᠴᠠ | ᠦᠵᠡᠬᠦ ᠶᠢ ᠪᠠᠷᠢᠮᠲᠠᠯᠠᠵᠤ᠂ ᠲᠤᠪᠤᠶᠢᠮ᠎ᠠ ᠠᠰᠠᠭᠤᠳᠠᠯ ᠢ ᠪᠦᠬᠦ ᠬᠦᠴᠦ ᠪᠠᠷ ᠢᠶᠠᠨ ᠰᠢᠢᠳᠪᠦᠷᠢᠯᠡᠵᠦ᠂ ᠦᠢᠯᠡᠴᠢᠯᠡᠭᠡᠨ ᠤ ᠰᠢᠰᠲ᠋ᠧᠮ ᠢ ᠱᠠᠯᠠᠪᠳᠠᠨ ᠪᠦᠷᠢᠨᠰᠢᠬᠦᠯᠵᠤ᠂ | ︽ᠨᠠᠰᠤᠲᠠᠶᠢᠴᠤᠳ ᠪᠠ ᠨᠢᠯᠬᠠᠰ︾ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠸᠠᠩ ᠯᠢ ᠰᠢᠶᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠱᠠᠭᠠᠷᠳᠠᠯᠭ᠎ᠠ ᠲᠠᠢ ᠬᠠᠷᠭᠤᠭᠤᠯᠵᠤ᠂ ᠭᠤᠤᠯᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠦᠨ᠂ ᠬᠦᠴᠢᠷ ᠠᠰᠠᠭᠤᠳᠠᠯ ᠢ ᠰᠢᠶᠳᠪᠦᠷᠢᠯᠡᠵᠦ᠂ ᠰᠢᠨ᠎ᠡ ᠴᠠᠭ ᠦᠶ᠎ᠡ ᠶᠢᠨ | ︽ᠨᠠᠰᠤᠲᠠᠶᠢᠴᠤᠳ ᠪᠠ ᠨᠢᠯᠬᠠᠰ︾ ᠤᠨ ᠦᠶᠯᠡᠴᠢᠯᠡᠭᠡᠨ ᠤ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠰᠠᠶᠢᠲᠤᠷ ᠬᠢᠬᠦ ᠬᠡᠷᠡᠭᠲᠡᠶ᠃ ᠪᠦᠲᠦᠮᠵᠢᠲᠡᠶ | ᠬᠠᠩᠭᠠᠯᠭ᠎ᠠ ᠶᠢ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠬᠤᠷᠢᠭ᠎ᠠ ᠱᠤᠭᠤᠮ ᠢ ᠪᠠᠲᠤ | ᠰᠠᠬᠢᠵᠤ᠂ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢ ᠶᠡᠭᠡ ᠪᠠᠷ ᠬᠥᠭᠵᠢᠭᠦᠯᠵᠦ᠂ ᠬᠡᠷ ᠲᠡᠭᠡᠨ ᠨᠠᠰᠤᠵᠢᠯ ᠤᠨ ᠠᠰᠠᠷᠠᠮᠵᠢ ᠬᠦᠷᠲᠡᠬᠦ ᠨᠡᠶᠢᠭᠡᠮ | ᠲᠣᠭᠤᠷᠢᠭ ᠤᠨ ᠦᠶᠯᠡᠴᠢᠯᠡᠭᠡᠨ ᠤ ᠲᠤᠤᠷ ᠢ ᠲᠦᠷᠭᠡᠳᠭᠡᠨ ᠪᠠᠶᠢᠭᠤᠯᠵᠤ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠶᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠨᠠᠰᠤᠲᠠᠨ ᠢ ᠠᠰᠠᠷᠠᠵᠤ ᠨᠢᠯᠬᠠᠰ ᠢ ᠬᠥᠮᠦᠵᠢᠭᠦᠯᠬᠦ ᠤᠷᠤᠨ ᠲᠤᠭ᠎ᠠ ᠶᠢᠨ ᠬᠠᠩᠭᠠᠯᠭ᠎ᠠ ᠶᠢ ᠦᠨᠡᠨ ᠬᠦ ᠨᠡᠮᠡᠭᠳᠡᠭᠦᠯᠬᠦ ᠬᠡᠷᠡᠭᠲᠡᠶ᠃ | ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠵᠤ ᠪᠠᠲᠤᠯᠠᠬᠤ ᠲᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠨᠠᠰᠤᠲᠠᠨ ᠢ ᠠᠰᠠᠷᠠᠵᠤ ᠨᠢᠯᠬᠠᠰ ᠢ ᠨᠠᠶᠢᠳᠠᠨ ᠬᠥᠮᠦᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠶᠡᠷᠦᠩᠬᠡᠶᠢᠯᠡᠭᠰᠡᠨ | ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠨᠠᠰᠤᠲᠠᠨ ᠢ ᠠᠰᠠᠷᠠᠵᠤ ᠨᠢᠯᠬᠠᠰ ᠢ ᠨᠠᠶᠢᠳᠠᠨ ᠠᠰᠠᠷᠠᠭᠤᠯᠬᠤ ᠦᠶᠯᠡᠴᠢᠯᠡᠭᠡᠨ ᠤ | ᠲᠤᠰᠬᠠᠶᠢᠵᠢᠭᠰᠠᠨ᠂ ᠵᠢᠷᠤᠮᠵᠢᠭᠰᠠᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠦᠢᠯᠡᠴᠢᠯᠡᠭᠡᠨ ᠤ ᠠᠵᠤ ᠦᠢᠯᠡᠰ ᠢ ᠪᠣᠶᠢᠵᠢᠭᠤᠯᠬᠤ ᠳᠡᠭᠡᠷ᠎ᠡ | ᠬᠦᠴᠦ ᠲᠠᠯᠪᠢᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠨᠡᠶᠢᠭᠡᠮᠴᠢᠯᠡᠭᠰᠡᠨ ᠠᠵᠢᠯᠯᠠᠭᠠᠨ ᠢ ᠪᠠᠷᠢᠮᠲᠠᠯᠠᠵᠤ᠂ ᠡᠮᠴᠢᠯᠡᠭᠡ ᠰᠤᠪᠢᠯᠠᠯᠲᠠ ᠡᠷᠡᠭᠦᠯᠵᠢᠯ | ᠰᠤᠪᠢᠯᠠᠯᠲᠠ ᠶᠢᠨ ᠠᠭᠤᠰᠤᠯᠴᠠᠨ ᠬᠥᠭᠵᠢᠬᠦ ᠶᠢ ᠶᠡᠭᠡ ᠪᠠᠷ ᠠᠬᠢᠭᠤᠯᠵᠤ᠂ ᠣᠶᠤᠨᠴᠢ ᠪᠠᠷ ᠨᠠᠰᠤᠲᠠᠨ ᠢ ᠠᠰᠠᠷᠠᠵᠤ ᠨᠢᠯᠬᠠᠰ ᠢ ᠨᠠᠶᠢᠳᠠᠨ ᠬᠥᠮᠦᠵᠢᠭᠦᠯᠬᠦ ᠰᠢᠨ᠎ᠡ | ᠡᠵᠡᠩᠨᠡᠯᠲᠡ ᠶᠢᠨ ᠬᠡᠯᠪᠡᠷᠢ ᠶᠢ ᠰᠢᠨᠡᠴᠢᠯᠡᠨ ᠪᠣᠶᠢᠵᠢᠭᠤᠯᠵᠤ᠂ ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠳᠦᠬᠦᠯᠦᠭᠰᠡᠨ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠰᠢᠯᠢᠳᠡᠭᠵᠢᠭᠦᠯᠦᠨ᠂ ᠪᠡᠯᠡ ᠮᠥᠩᠭᠦᠨ ᠤ ᠳᠡᠮᠵᠢᠯᠭᠡ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠢ ᠨᠡᠩ ᠰᠠᠶᠢᠲᠤᠷ ᠲᠠᠶᠢᠴᠢᠯᠠᠨ | ︽ᠨᠠᠰᠤᠲᠠᠶᠢᠴᠤᠳ ᠪᠠ ᠨᠢᠯᠬᠠᠰ︾ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠳᠤ ᠣᠷᠣᠯᠴᠠᠭᠤᠯᠬᠤ ᠬᠡᠷᠡᠭᠲᠡᠢ᠃ ᠦᠨᠳᠦᠰᠦᠨ ᠵᠦᠢᠯ ᠢ ᠪᠠᠲᠤᠯᠠᠬᠤ | ᠵᠠᠷᠴᠢᠮ ᠢ ᠪᠠᠷᠢᠮᠲᠠᠯᠠᠵᠤ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠲᠣᠳᠣᠷᠬᠠᠢ ᠪᠣᠯᠭᠠᠵᠤ᠂ ᠴᠢᠳᠠᠯ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ | ᠬᠢᠷᠢ ᠪᠠᠷ ᠬᠢᠬᠦ ᠶᠢ ᠪᠡᠶᠡᠯᠡᠭᠦᠯᠵᠦ᠂ ︽ᠨᠠᠰᠤᠲᠠᠶᠢᠴᠤᠳ ᠪᠠ ᠨᠢᠯᠬᠠᠰ︾ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠤᠭ᠎ᠠ ᠬᠡᠮᠵᠢᠶ᠎ᠡ᠂ ᠬᠡᠪᠴᠢᠶ᠎ᠡ ᠪᠠ ᠪᠠᠶᠢᠷᠢᠰᠢᠯ ᠢ | ᠨᠢᠭᠡᠳᠦᠯᠲᠡᠢ ᠲᠥᠯᠥᠪᠵᠢᠭᠦᠯᠦᠨ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠤᠯᠠᠨ ᠲᠦᠮᠡᠨ ᠢ ᠤᠢᠢᠷ᠎ᠠ ᠬᠠᠪᠢ ᠳᠠᠭᠠᠨ ᠦᠢᠯᠡᠴᠢᠯᠡᠭᠡ | ᠬᠦᠷᠳᠡᠬᠦ ᠳᠤ ᠲᠦᠬᠦᠮ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠴᠢ᠊ ᠪᠠᠲᠤ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | ᠬᠤᠷᠠᠯ ᠠᠴᠠ ᠡᠮᠦᠨ᠎ᠡ᠂ ᠸᠠᠩ ᠯᠢ ᠰᠢᠶᠠ ᠪᠠᠰᠠ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ ᠳᠤ | ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ᠃ |