12 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ ᠠᠷᠪᠠᠨ ᠳᠥᠷᠪᠡᠳᠦᠭᠡᠷ ᠲᠠᠪᠤᠨ ᠵᠢᠯ﹀ ᠤᠨ ᠲᠦᠯᠦᠪᠵᠢᠭᠦᠯᠭᠡ ᠶᠢᠨ ᠬᠤᠭᠤᠴᠠᠭᠠᠨ ᠤ ᠪᠡᠶ᠎ᠡ ᠶᠢᠨ ᠲᠠᠮᠢᠷ ᠤᠨ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠢ | ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ︽ᠲᠥᠯᠥᠪᠵᠢᠭᠦᠯᠭᠡ︾ ᠳᠤ | ᠲᠠᠶᠢᠯᠤᠮᠵᠢ ᠬᠢᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠲᠠᠨᠢᠯᠴᠠᠭᠤᠯᠤᠭᠰᠠᠨ ᠢᠶᠠᠷ᠂ ︽ᠲᠥᠯᠥᠪᠵᠢᠭᠦᠯᠭᠡ︾ ᠨᠢ ᠨᠡᠶᠢᠲᠡ 4 ᠪᠦᠯᠦᠭ 17 ᠬᠡᠰᠡᠭ ᠢᠶᠠᠷ ᠪᠦᠷᠢᠯᠳᠦᠪᠡ᠃ ᠡᠭᠦᠨ ᠳᠤ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠤ ᠭᠤᠣᠯ ᠪᠣᠯᠬᠤ ᠬᠥᠭᠵᠢᠯᠲᠡ ᠶᠢᠨ ᠭᠦᠢᠴᠡᠳᠬᠡᠬᠦ ᠲᠤᠭ᠎ᠠ ᠶᠢᠨ ᠬᠦᠰᠦᠨᠦᠭᠲᠦ ᠶᠢ ᠲᠣᠬᠢᠷᠠᠭᠤᠯᠵᠤ᠂ | ᠲᠥᠯᠥᠭᠡᠯᠡᠬᠦ ᠴᠢᠨᠠᠷᠲᠠᠶ ᠭᠤᠣᠯ ᠪᠣᠯᠬᠤ 25 ᠵᠦᠢᠯ ᠤᠨ ᠬᠥᠭᠵᠢᠯᠲᠡ ᠶᠢᠨ ᠭᠦᠢᠴᠡᠳᠬᠡᠬᠦ ᠲᠤᠭ᠎ᠠ ᠶᠢ ᠲᠣᠭᠲᠠᠭᠠᠪᠠ︔ 4 ᠲᠤᠰᠬᠠᠶ ᠪᠤᠯᠤᠩ ᠭᠠᠷᠭᠠᠵᠤ᠂ ᠪᠡᠶ᠎ᠡ ᠶᠢᠨ | ᠲᠠᠮᠢᠷ ᠤᠨ ᠰᠠᠭᠤᠷᠢ ᠪᠡᠯᠡᠳᠬᠡᠮᠵᠢ ᠶᠢᠨ ᠲᠠᠰ ᠵᠡᠷᠭᠡᠯᠡᠯ ᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨᠴᠢ ᠪᠣᠯᠪᠠᠰᠤᠷᠠᠯ ᠢ ᠪᠠᠲᠤᠯᠠᠬᠤ᠂ ᠵᠠᠯᠠᠭᠤ ᠪᠠᠭᠠᠴᠤᠳ ᠤᠨ ᠪᠡᠶ᠎ᠡ ᠶᠢᠨ | ᠲᠠᠮᠢᠷ ᠤᠨ ᠬᠥᠭᠵᠢᠯᠲᠡ ᠶᠢ ᠠᠬᠢᠭᠤᠯᠬᠤ᠂ ᠪᠡᠶ᠎ᠡ ᠶᠢᠨ ᠲᠠᠮᠢᠷ ᠤᠨ ᠠᠵᠤ ᠦᠢᠯᠡᠰ ᠢᠶᠠᠷ ᠵᠢᠱᠢᠶ᠎ᠡ ᠦᠵᠡᠭᠦᠯᠬᠦ ᠵᠡᠷᠭᠡ ᠳᠥᠷᠪᠡᠨ ᠶᠡᠭᠡ ᠢᠨᠵᠧᠨᠧᠷᠢᠩ ᠢ ᠳᠤᠷᠠᠳᠤᠨ | ᠭᠠᠷᠭᠠᠵᠤ᠂ ︽ᠲᠥᠯᠥᠪᠵᠢᠭᠦᠯᠭᠡ︾ ᠶᠢᠨ ᠬᠡᠷᠡᠭᠵᠢᠭᠦᠯᠵᠦ ᠪᠣᠯᠬᠤᠶᠢᠴᠠ ᠴᠢᠨᠠᠷ ᠪᠠ ᠦᠵᠡᠭᠳᠡᠬᠦ᠋ᠢᠴᠡ ᠴᠢᠨᠠᠷ ᠢ ᠴᠢᠩᠭᠠᠳᠬᠠᠪᠠ᠃ | ︽ᠲᠥᠯᠥᠪᠵᠢᠭᠦᠯᠭᠡ︾ ᠳᠤ 2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠪᠥᠬᠦ ᠤᠯᠤᠰ ᠤᠨ | ᠳᠤᠮᠳᠠ ᠵᠡᠷᠭᠡ ᠶᠢᠨ ᠬᠢᠷᠢ ᠲᠦᠪᠰᠢᠨ ᠳᠤ ᠬᠦᠷᠦᠭᠦᠯᠵᠦ᠂ ᠠᠷᠠᠳ ᠣᠯᠠᠨ ᠤ ᠪᠡᠶ᠎ᠡ ᠶᠢᠨ ᠲᠠᠮᠢᠷ ᠲᠤ ᠣᠷᠣᠯᠴᠠᠬᠤ ᠵᠣᠯ ᠵᠢᠷᠭᠠᠯᠲᠤ ᠲᠥᠷᠥᠭᠳᠡᠯ ᠢ ᠢᠯᠡᠳᠲᠡ | ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ ᠭᠤᠤᠯᠯᠠᠬᠤ ᠥᠷᠢᠰᠦᠯᠳᠦᠬᠦ ᠬᠦᠴᠦᠨ᠂ ᠨᠡᠶᠢᠭᠡᠮ ᠤᠨ ᠨᠥᠯᠥᠭᠡᠯᠡᠬᠦ ᠬᠦᠴᠦᠨ ᠢ ᠢᠯᠡᠳᠲᠡ ᠴᠢᠩᠭᠠᠷᠠᠭᠤᠯᠤᠨ᠎ᠠ᠃ ᠠᠷᠠᠳ | ᠣᠯᠠᠨ ᠤ ᠪᠡᠶ᠎ᠡ ᠶᠢᠨ ᠲᠠᠮᠢᠷ ᠢᠶᠠᠷ ᠪᠡᠶ᠎ᠡ ᠪᠠᠨ ᠴᠢᠬᠢᠷᠠᠭᠵᠢᠭᠤᠯᠬᠤ ᠳᠤ ᠨᠠᠩ ᠲᠥᠬᠦᠮ ᠪᠣᠯᠭᠠᠵᠤ᠂ ᠪᠡᠶ᠎ᠡ ᠴᠢᠭᠢᠷᠠᠭᠵᠢᠭᠤᠯᠬᠤ ᠤᠷᠮ᠎ᠠ ᠰᠡᠳᠬᠢᠯᠭᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠳᠤ ᠣᠷᠣᠯᠴᠠᠬᠤ ᠬᠥᠮᠦᠨ ᠤ ᠲᠤᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ | ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ 38.5% ᠳᠤ ᠬᠦᠷᠦᠭᠦᠯᠵᠦ᠂ ᠮᠢᠩᠭᠠᠨ ᠬᠥᠮᠦᠨ ᠪᠦᠷᠢ ᠳᠤ | ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢ 2.5 ᠬᠥᠮᠦᠨ ᠨᠣᠭᠳᠠᠭᠤᠯᠵᠤ᠂ ᠬᠥᠮᠦᠨ ᠳᠤᠮᠳᠠᠴᠢ ᠪᠡᠶ᠎ᠡ ᠶᠢᠨ ᠲᠠᠮᠢᠷ ᠤᠨ ᠲᠠᠯᠠᠪᠠᠶ ᠶᠢ 2.6 | ᠺᠦᠸᠠᠳ᠋ ᠮᠧᠲᠷ ᠲᠤ ᠬᠦᠷᠦᠭᠦᠯᠵᠦ᠂ ᠤᠯᠤᠰ ᠠᠷᠠᠳ ᠤᠨ ᠪᠡᠶ᠎ᠡ ᠮᠠᠬᠠᠪᠣᠳ ᠤᠨ ᠬᠢᠨᠠᠨ ᠰᠢᠨᠵᠢᠯᠡᠯᠲᠡ ᠳᠠᠬᠢ ᠬᠢᠷᠢ ᠲᠡᠩᠴᠡᠭᠰᠡᠨ ᠨᠣᠷᠮ᠎ᠠ ᠶᠢ 90% ᠳᠤ | ᠬᠦᠷᠦᠭᠦᠯᠦᠨ᠎ᠡ ᠭᠡᠵᠦ ᠲᠣᠳᠤᠷᠬᠠᠶᠢᠯᠠᠵᠠᠢ᠃ | ︽ᠲᠥᠯᠥᠪᠵᠢᠭᠦᠯᠭᠡ︾ ᠳᠤ ᠳᠤᠷᠠᠳᠤᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠥᠪᠥᠷ | ᠮᠣᠩᠭᠤᠯ ᠤᠨ ᠪᠡᠶ᠎ᠡ ᠶᠢᠨ ᠲᠠᠮᠢᠷ ᠤᠨ ᠦᠢᠯᠡᠰ ᠤᠨ ᠵᠢᠷᠭᠤᠭᠠᠨ ᠶᠡᠭᠡ ᠬᠥᠭᠵᠢᠯᠲᠡ ᠶᠢᠨ ᠬᠠᠷᠠᠯᠲᠠ ᠪᠣᠯ᠄ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ | ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠨᠠᠩ ᠲᠡᠭᠦᠯᠳᠡᠷᠵᠢᠭᠦᠯᠬᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠨᠥᠯᠥᠭᠡᠯᠡᠬᠦ ᠬᠦᠴᠦᠨ ᠢ ᠢᠯᠡᠳᠲᠡ | ᠴᠢᠩᠭᠠᠷᠠᠭᠤᠯᠬᠤ᠂ ᠵᠠᠯᠠᠭᠤ ᠪᠠᠭᠠᠴᠤᠳ ᠤᠨ ᠪᠡᠶ᠎ᠡ ᠶᠢᠨ ᠲᠠᠮᠢᠷ ᠤᠨ ᠠᠮᠢᠵᠢᠷᠠᠯ ᠤᠨ ᠬᠦᠴᠦᠨ ᠢ ᠨᠠᠩ ᠴᠢᠩᠭᠠᠷᠠᠭᠤᠯᠬᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠳᠤ ᠢᠯᠡᠳᠲᠡ ᠠᠮᠵᠢᠯᠲᠠ ᠪᠦᠲᠦᠮᠵᠢ ᠣᠯᠬᠤ᠂ ᠰᠢᠶᠠᠨ ᠤ ᠬᠡᠪᠴᠢᠶᠡᠨ ᠤ ᠬᠥᠯ ᠪᠥᠮᠪᠦᠭᠡ ᠶᠢ ᠳᠡᠯᠭᠡᠷᠡᠭᠦᠯᠦᠨ ᠲᠦᠭᠡᠮᠡᠯᠵᠢᠭᠦᠯᠬᠦ ᠶᠢ | ᠲᠦᠯᠬᠢᠨ ᠠᠬᠢᠭᠤᠯᠬᠤ ᠪᠠ ᠪᠡᠶ᠎ᠡ ᠶᠢᠨ ᠲᠠᠮᠢᠷ ᠤᠨ ᠦᠢᠯᠡᠰ ᠤᠨ ︽ᠤᠶᠠᠨ ᠬᠦᠴᠦᠨ︾ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠠᠪᠤᠳᠠᠯ ᠪᠣᠯᠤᠨ᠎ᠠ ᠭᠡᠵᠡᠢ᠃ | ᠣᠶᠢᠯᠠᠭᠠᠭᠰᠠᠨ ᠢᠶᠠᠷ᠂ ︽ᠲᠥᠯᠥᠪᠵᠢᠭᠦᠯᠭᠡ︾ ᠶᠢᠨ ᠶᠡᠷᠦᠩᠬᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠤ | ᠦᠢᠯᠡᠰ ᠤᠨ ᠪᠤᠲᠠᠲᠠᠢ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠪᠠᠷ | ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠬᠤ ᠢᠨᠵᠧᠨᠧᠷᠢᠩ᠂ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠠᠵᠤ ᠦᠢᠯᠡᠰ ᠤᠨ ᠢᠨᠵᠧᠨᠧᠷᠢᠩ᠂ ᠪᠡᠶ᠎ᠡ ᠶᠢᠨ ᠲᠠᠮᠢᠷ ᠤᠨ | ᠬᠡᠷᠡᠭᠯᠡᠭᠡ ᠶᠢᠨ ᠵᠢᠱᠢᠶ᠎ᠡ ᠦᠵᠡᠭᠦᠯᠬᠦ ᠢᠨᠵᠧᠨᠧᠷᠢᠩ᠂ ᠵᠠᠯᠠᠭᠤ ᠪᠠᠭᠠᠴᠤᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ | ᠢᠨᠵᠧᠨᠧᠷᠢᠩ᠂ ᠬᠥᠯ ᠪᠥᠮᠪᠦᠭᠡ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠥᠷᠥᠯ ᠵᠦᠢᠯ ᠤᠨ ᠢᠨᠵᠧᠨᠧᠷᠢᠩ᠂ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ | ᠲᠠᠮᠢᠷ ᠤᠨ ᠠᠵᠤ ᠦᠢᠯᠡᠰ ᠤᠨ ᠨᠡᠪᠴᠢᠭᠦᠯᠬᠦ ᠢᠨᠵᠧᠨᠧᠷᠢᠩ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠢᠨᠵᠧᠨᠧᠷᠢᠩ ᠵᠡᠷᠭᠡ 7 ᠵᠦᠢᠯ ᠤᠨ | ᠭᠤᠣᠯᠳᠠᠯᠭ᠎ᠠ ᠲᠠᠢ ᠢᠨᠵᠧᠨᠧᠷᠢᠩ ᠢ ᠰᠣᠳᠤᠯᠤᠨ ᠲᠣᠭᠲᠠᠭᠠᠵᠤ᠂ ᠮᠠᠨ ᠤ ᠣᠷᠣᠨ ᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ | ᠬᠦᠴᠦᠨ ᠨᠡᠮᠡᠷᠢᠯᠡᠭᠰᠡᠨ ᠪᠠᠶᠢᠨ᠎ᠠ᠃ | |